︽ᠦᠵᠡᠵᠦ ᠰᠣᠨᠣᠰᠬᠤ + ᠰᠣᠶᠣᠯ ᠵᠢᠭᠤᠯᠴᠢᠯᠠᠯ︾ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/8/14
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠭᠰᠡᠨ ᠪᠥᠭᠡᠳ ︽ᠰᠣᠶᠣᠯ ᠪᠠ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ︾ ᠭᠤᠤᠯᠳᠠᠯᠭ᠎ᠠ ᠲᠠᠢ ᠡᠭᠦᠷᠭᠡ ᠶᠢ ᠳᠤᠷᠠᠳᠪᠠ᠃ ᠤᠢᠢᠷ᠎ᠠ ᠶᠢᠨ ᠵᠢᠯ ᠠᠴᠠ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠢᠯ ᠲᠦᠷᠦᠯ ᠠᠵᠠ ᠲᠣᠬᠢᠶᠠᠯ ᠢ ᠠᠮᠵᠢᠵᠤ᠂ ︽ᠦᠵᠡᠵᠦ ᠰᠣᠨᠣᠰᠬᠤ + ᠰᠣᠶᠣᠯ ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠡᠬᠢ ᠪᠠᠶᠠᠯᠢᠭ ᠢ ᠨᠡᠶᠢᠳᠬᠡᠨ ᠲᠥᠪᠯᠡᠷᠡᠭᠦᠯᠬᠦ ᠶᠢ ᠴᠢᠩᠭᠠᠳᠬᠠᠵᠤ᠂ ᠠᠵᠤ ᠦᠢᠯᠡᠰ ᠤᠨ ᠴᠢᠨᠠᠷ ᠰᠠᠶᠢᠲᠠᠢ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃  ᠨᠢᠭᠡ᠂ ᠶᠡᠷᠥᠩᠬᠡᠶᠢᠯᠡᠭᠰᠡᠨ ᠤᠷᠠᠯᠢᠭ ᠢᠶᠠᠷ ᠲᠣᠯᠭᠠᠭᠤᠷᠢᠯᠠᠬᠤ ᠴᠡᠭ ᠪᠣᠯᠭᠠᠵᠤ᠂ ᠲᠣᠮᠳᠠᠳᠥ ᠣᠯᠣᠰ ᠤᠨ ᠪᠠᠶᠢᠭᠠᠯᠢ ᠶᠢᠨ ᠭᠠᠵᠠᠷ ᠵᠦᠢ ᠶᠢᠨ ᠦᠩᠭᠡ ᠦᠵᠡᠮᠵᠢ ᠪᠠ ᠬᠦᠮᠦᠨ ᠨᠡᠶᠢᠭᠡᠮ ᠤᠨ ᠠᠭᠤᠯᠣᠭᠳᠠᠬᠤᠨ ᠢ ᠢᠯᠡᠷᠡᠭᠦᠯᠥᠨ᠎ᠡ  ᠣᠶᠢᠷ᠎ᠠ ᠶᠢᠨ ᠵᠢᠯ ᠤᠨ ᠲᠤᠷᠰᠢ᠂ ᠰᠣᠶᠣᠯ ᠪᠠ ᠵᠢᠭᠤᠯᠴᠢᠯᠠᠯ ᠭᠦᠨᠵᠡᠭᠡᠶ ᠠᠭᠤᠰᠤᠯᠴᠠᠵᠤ᠂ ᠰᠣᠶᠣᠯ ᠵᠢᠭᠤᠯᠴᠢᠯᠠᠯ ᠤᠨ ᠲᠥᠷᠥᠯ ᠤᠨ ᠶᠡᠷᠦᠩᠬᠡᠶᠢᠯᠡᠭᠰᠡᠨ ᠤᠷᠠᠯᠢᠭ ᠨᠢᠭᠲᠠᠷᠠᠵᠤ᠂ ᠡᠲᠡᠭᠡᠷ ᠫᠷᠤᠭ᠍ᠷᠠᠮ ᠢ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠠᠢ ᠨᠢᠭᠲᠠ ᠤᠶᠠᠯᠳᠤᠭᠤᠯᠵᠤ᠂ ᠲᠤᠬᠠᠶ ᠶᠢᠨ ᠭᠠᠵᠠᠷ ᠤᠨ ᠡᠯᠪᠡᠭ ᠪᠠᠶᠠᠯᠢᠭ ᠭᠠᠵᠠᠷ ᠵᠦᠶ ᠶᠢᠨ ᠳᠦᠷᠰᠦ ᠪᠠᠶᠢᠳᠠᠯ ᠪᠠ ᠭᠦᠨ ᠵᠤᠵᠠᠭᠠᠨ ᠰᠣᠶᠣᠯ ᠢᠷᠭᠡᠨᠰᠢᠯ ᠤᠨ ᠠᠭᠤᠯᠬᠤᠨ ᠢ ᠢᠯᠡᠷᠡᠭᠦᠯᠬᠦ ᠶᠢᠨ ᠬᠠᠮᠲᠤ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ︽ᠪᠣᠳᠠᠰ ᠤᠨ ᠪᠤᠰᠤ ᠰᠣᠶᠣᠯ ᠤᠨ ᠥᠪ ᠲᠠᠬᠢ ᠳᠤᠮᠳᠠᠳᠤ ᠤᠯᠤᠰ︾ ᠨᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠰᠢᠨ᠎ᠡ ᠡᠭᠦᠳᠦᠯᠲᠡ ᠪᠠᠷ ᠳᠠᠮᠵᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠳᠦᠷᠰᠦ ᠪᠠᠶᠢᠳᠠᠯ ᠢ ᠢᠯᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠴᠠᠭ ᠦᠶ᠎ᠡ ᠶᠢᠨ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ ᠤᠷᠠᠨ ᠰᠠᠶᠢᠬᠠᠨ ᠤ ᠥᠯᠢᠭᠡᠷ ᠢ ᠰᠠᠶᠢᠲᠤᠷ ᠶᠠᠷᠢᠭᠰᠠᠨ ᠪᠠᠶᠢᠨ᠎ᠠ᠃ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ︽ᠪᠣᠳᠠᠰ ᠤᠨ ᠪᠤᠰᠤ ᠰᠣᠶᠣᠯ ᠤᠨ ᠥᠪ ᠲᠠᠬᠢ ᠳᠤᠮᠳᠠᠳᠤ ᠤᠯᠤᠰ︾ ᠤᠨ ᠨᠢᠭᠡᠳᠦᠭᠡᠷ ᠤᠯᠠᠷᠢᠯ ᠳᠤ ᠠᠩᠬ᠎ᠠ ᠤᠳᠠᠭ᠎ᠠ ᠳᠠᠬᠢᠨ ᠨᠡᠪᠲᠡᠷᠡᠭᠦᠯᠦᠭᠰᠡᠨ ᠨᠢ ᠨᠡᠶᠢᠲᠡ ᠦᠵᠡᠭᠴᠢᠳ 8.89 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ᠪᠥᠬᠦ ᠰᠦᠯᠵᠢᠶᠡᠨ ᠤ ᠣᠯᠠᠨ ᠲᠠᠪᠴᠠᠩ 1316 ᠤᠳᠠᠭ᠎ᠠ ᠬᠠᠯᠠᠮᠰᠢᠯ ᠬᠠᠶᠢᠯᠲᠠ ᠲᠠᠢ ᠪᠠᠶᠢᠵᠤ᠂ ᠪᠣᠳᠠᠰ ᠤᠨ ᠪᠤᠰᠤ ᠰᠣᠶᠣᠯ ᠤᠨ ᠥᠪ ᠪᠠ ᠰᠣᠶᠣᠯ ᠵᠢᠭᠤᠯᠴᠢᠯᠠᠯ ᠤᠨ ︽ᠬᠤᠣᠰ ᠴᠢᠭᠯᠡᠯ ᠢᠶᠠᠷ ᠶᠠᠪᠤᠬᠤ︾ ᠶᠢ ᠪᠡᠶᠡᠯᠡᠭᠦᠯᠵᠦ᠂ ᠣᠯᠠᠨ ᠭᠠᠵᠠᠷ ᠤᠨ ᠣᠨᠴᠠᠯᠢᠭᠲᠤ ᠪᠣᠳᠠᠰ ᠤᠨ ᠪᠤᠰᠤ ᠰᠣᠶᠣᠯ ᠤᠨ ᠥᠪ ᠢ ︽ᠬᠦᠷᠢᠶᠡᠨ ᠠᠴᠠ ᠭᠠᠷᠭᠠᠵᠤ︾᠂ ᠣᠷᠣᠨ ᠪᠦᠰᠡ ᠶᠢᠨ ᠰᠣᠶᠣᠯ ᠤᠨ ᠠᠵᠤ ᠠᠬᠤᠶ ᠶᠢ ᠬᠥᠭᠵᠢᠭᠦᠯᠪᠡ᠃  ᠰᠣᠶᠣᠯ ᠵᠢᠭᠤᠯᠴᠢᠯᠠᠯ ᠤᠨ ᠳᠠᠭᠤᠤ ᠬᠥᠭᠵᠢᠮ ᠤᠨ ᠶᠡᠷᠦᠩᠬᠡᠶᠢᠯᠡᠭᠰᠡᠨ ᠤᠷᠠᠯᠢᠭ ︽ᠤᠯᠤᠰ ᠤᠨ ᠳᠠᠭᠤᠤ ᠬᠥᠭᠵᠢᠮ ᠢ ᠳᠠᠭᠠᠵᠤ ᠵᠢᠭᠤᠯᠴᠢᠯᠠᠬᠤ︾ ︽ᠰᠢᠨ ᠰᠢᠩ ᠥᠷᠲᠡᠭᠡ︾ ᠪᠠᠷ ᠪᠣᠳᠠᠲᠤ ᠪᠠᠶᠢᠳᠠᠯ ᠤᠨ ᠠᠷᠤ ᠦᠵᠡᠭᠳᠡᠯ ᠪᠣᠯᠭᠠᠵᠤ᠂ ᠠᠭᠤᠯᠠ ᠤᠰᠤ ᠶᠢ ᠵᠢᠷᠤᠭ ᠲᠤ ᠣᠷᠤᠭᠤᠯᠵᠤ᠂ ᠤᠯᠤᠰ ᠤᠨ ᠣᠯᠠᠨ ᠬᠥᠭᠵᠢᠮ ᠤᠨ ᠤᠷᠠᠯᠢᠭᠴᠢᠨ᠂ ᠨᠡᠷᠡᠲᠦ ᠳᠠᠭᠤᠴᠢᠳ ᠰᠢᠨ᠎ᠡ ᠬᠥᠭᠵᠢᠯᠲᠡ ᠶᠢᠨ ᠵᠢᠭᠤᠯᠴᠢᠯᠠᠯ ᠳᠤ ᠠᠯᠬᠤᠨ ᠣᠷᠣᠵᠤ᠂ ᠡᠭᠦᠳᠦᠨ ᠪᠦᠲᠦᠭᠡᠬᠦ ᠣᠩᠭᠤᠳ ᠣᠯᠵᠤ᠂ ᠳᠠᠭᠤᠤ ᠬᠥᠭᠵᠢᠮ ᠢᠶᠠᠷ ᠨᠢᠭᠡ ᠭᠠᠵᠠᠷ ᠤᠨ ᠶᠣᠰᠤ ᠵᠠᠶ᠋ᠢᠭ ᠢ ᠲᠠᠶᠢᠯᠪᠤᠷᠢᠯᠠᠵᠤ᠂ ᠰᠣᠶᠣᠯ ᠤᠨ ︽ᠪᠠᠶᠢᠭ᠎ᠠ ᠭᠠᠵᠠᠷ ᠲᠤ ᠰᠢᠨ᠎ᠡ ᠶᠢ ᠡᠭᠦᠳᠴᠦ᠂ ᠤᠯᠠᠮᠵᠢᠯᠠᠯ ᠢ ᠠᠮᠢᠳᠤᠯᠢᠭᠵᠢᠭᠤᠯᠬᠤ︾ ᠳᠤ ᠠᠯᠢ ᠣᠯᠠᠨ ᠠᠰᠢᠭᠲᠠᠢ ᠲᠤᠷᠰᠢᠯᠲᠠ ᠬᠢᠨ᠎ᠡ᠃ ︽ᠠᠷᠠᠯ ᠤᠨ ᠪᠠᠭᠠᠴᠤᠳ︾᠂ ︽ᠴᠡᠭᠡᠵᠢᠨ ᠳᠤ ᠪᠠᠨ ᠡᠷᠳᠡᠮ ᠲᠠᠢ ᠊ ᠦᠵᠡᠯ ᠰᠠᠨᠠᠭᠠᠲᠤ ᠴᠠᠭ ᠦᠶ᠎ᠡ︾᠂ ︽ᠠᠭᠤᠯᠠ ᠲᠠᠩᠭᠢᠰ ᠤᠨ ᠲᠤᠬᠠᠢ ᠶᠠᠷᠢᠬᠤ ᠨᠢ︾ ᠵᠡᠷᠭᠡ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠤᠷᠠᠯᠢᠭ ᠤᠨ ᠫᠷᠤᠭ᠍ᠷᠠᠮ ᠢᠶᠠᠷ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠵᠤ᠂ ᠬᠤᠳᠠ ᠶᠢᠨ ᠰᠣᠶᠣᠯ ᠵᠢᠭᠤᠯᠴᠢᠯᠠᠯ ᠤᠨ ᠲᠣᠭᠤᠷᠢᠭ ᠢ ᠡᠪᠳᠡᠬᠦ ᠶᠢ ᠠᠬᠢᠭᠤᠯᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠠᠭᠤᠯᠠ ᠤᠰᠤᠨ ᠤ ᠭᠤᠸ᠎ᠠ ᠰᠠᠶᠢᠬᠠᠨ ᠢ ᠦᠵᠡᠭᠦᠯᠵᠦ᠂ ᠶᠡᠷᠦᠩᠬᠡᠶᠢᠯᠡᠭᠰᠡᠨ ᠤᠷᠠᠯᠢᠭ ᠤᠨ ᠫᠷᠤᠭ᠍ᠷᠠᠮ ᠢ ᠵᠤᠭ᠎ᠠ ᠴᠡᠩᠭᠡᠯ ᠤᠨ ᠰᠢᠨᠵᠢ ᠴᠢᠨᠠᠷ ᠠᠴᠠ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠲᠡᠶᠢᠰᠢ ᠠᠭᠤᠰᠤᠯᠴᠠᠭᠤᠯᠬᠤ ᠪᠠ ᠥᠷᠭᠡᠳᠬᠡᠬᠦ ᠶᠢ ᠪᠡᠶᠡᠯᠡᠭᠦᠯᠪᠡ᠃  ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠤᠷᠠᠯᠢᠭ ᠤᠨ ᠫᠷᠤᠭ᠍ᠷᠠᠮ ᠴᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠣᠳᠣᠬᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠶᠢ ᠡᠭᠦᠳᠬᠦ ᠰᠡᠳᠭᠢᠮᠵᠢ ᠬᠠᠩᠭᠠᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠠᠴᠠ ᠵᠢᠭᠠᠨ ᠵᠢᠯᠤᠭᠤᠳᠤᠭᠰᠠᠨ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠪᠡᠭᠡᠵᠢᠩ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠵᠣᠬᠢᠶᠠᠨ ᠪᠠᠶᠢᠭᠤᠯᠤᠨ ᠲᠦᠰᠦᠪᠯᠡᠭᠰᠡᠨ᠂ ᠠᠢ ᠴᠢ ᠢ ᠠᠴᠠ ᠭᠠᠷᠭᠠᠭᠰᠠᠨ ᠰᠣᠶᠣᠯ ᠤᠨ ᠶᠡᠷᠦᠩᠬᠡᠶᠢᠯᠡᠭᠰᠡᠨ ᠤᠷᠠᠯᠢᠭ ᠤᠨ ᠫᠷᠦᠭᠷᠠᠮ ︽ᠪᠡᠭᠡᠵᠢᠩ ᠤᠨ ᠳᠤᠮᠳᠠ ᠲᠡᠩᠭᠡᠯᠢᠭ ᠤᠨ ᠱᠤᠭᠤᠮ ᠲᠠᠯᠠᠪᠠᠢ ᠳᠤ ᠭᠠᠷᠴᠠᠢ︕︾ ᠨᠢ ᠳᠤᠮᠳᠠᠳᠤ ᠶᠢᠨ ᠰᠠᠶᠢᠬᠠᠨ ᠢᠶᠠᠷ ᠭᠤᠣᠯ ᠰᠡᠳᠦᠪ ᠪᠣᠯᠭᠠᠵᠤ᠂ ᠪᠡᠭᠡᠵᠢᠩ ᠤᠨ ᠳᠤᠮᠳᠠ ᠲᠡᠩᠭᠡᠯᠢᠭ ᠤᠨ ᠱᠤᠭᠤᠮ ᠤᠨ ᠲᠡᠭᠰᠢ ᠭᠡᠮᠲᠦ ᠭᠤᠸ᠎ᠠ ᠵᠦᠢ ᠳᠤ ᠲᠠᠶᠢᠯᠪᠤᠷᠢ ᠬᠢᠬᠦ ᠶᠢᠨ ᠬᠠᠮᠲᠤ ᠳᠤᠮᠳᠠᠳᠤ ᠤᠯᠤᠰ ᠤᠨ ᠣᠨᠴᠠᠯᠢᠭ ᠢᠶᠠᠷ ᠭᠤᠣᠯ ᠰᠡᠳᠦᠪ ᠪᠣᠯᠭᠠᠵᠤ᠂ ᠢᠳᠡᠭᠡᠨ ᠢᠶᠠᠷ ᠭᠠᠷᠳᠠᠬᠤ ᠴᠡᠭ ᠪᠣᠯᠭᠠᠵᠤ᠂ ᠠᠮᠲᠠᠲᠤ ᠢᠳᠡᠭᠡᠨ ᠪᠠ ᠭᠤᠣᠯ ᠲᠡᠩᠭᠡᠯᠢᠭ ᠤᠨ ᠱᠤᠭᠤᠮ ᠤᠨ ᠦᠯᠢᠭᠡᠷ ᠢ ᠶᠠᠷᠢᠪᠠ᠃ ᠰᠣᠶᠣᠯ ᠵᠢᠭᠤᠯᠴᠢᠯᠠᠯ ᠤᠨ ᠲᠥᠷᠥᠯ ᠤᠨ ᠶᠡᠷᠦᠩᠬᠡᠶᠢᠯᠡᠭᠰᠡᠨ ᠤᠷᠠᠯᠢᠭ ᠤᠨ ᠫᠷᠤᠭ᠍ᠷᠠᠮ ᠨᠢ ᠲᠡᠦᠬᠡ ᠰᠣᠶᠣᠯ ᠪᠣᠯᠤᠨ ᠣᠳᠣ ᠦᠶ᠎ᠡ ᠶᠢᠨ ᠪᠣᠯᠪᠠᠰᠤᠨ ᠢ ᠬᠤᠯᠪᠣᠭᠰᠠᠨ ᠬᠥᠭᠦᠷᠭᠡ ᠪᠣᠯᠤᠭᠰᠠᠨ ᠤ ᠬᠤᠪᠢ ᠳᠤ᠂ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠪᠣᠯᠤᠨ ᠣᠳᠣ ᠦᠶ᠎ᠡ ᠶᠢᠨ ᠭᠤᠸ᠎ᠠ ᠰᠠᠶᠢᠬᠠᠨ ᠢ ᠭᠦᠢᠴᠡᠳ ᠠᠭᠤᠰᠤᠯᠴᠠᠭᠤᠯᠵᠤ᠂ ᠦᠵᠡᠭᠴᠢᠳ ᠤᠨ ᠬᠦᠰᠡᠨ ᠮᠥᠷᠥᠭᠡᠳᠴᠦ ᠪᠠᠶᠢᠭ᠎ᠠ ᠠᠮᠢᠳᠤᠷᠠᠯ ᠯᠤᠭ᠎ᠠ ᠴᠤᠤᠷᠢᠶᠠᠲᠤᠵᠤ᠂ ᠰᠣᠶᠣᠯ ᠤᠨ ᠤᠬᠠᠭᠤᠯᠭ᠎ᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠬᠤᠤᠰ ᠠᠮᠵᠢᠯᠲᠠ ᠶᠢ ᠪᠡᠶᠡᠯᠡᠭᠦᠯᠵᠦ᠂ ᠡᠭᠦᠨ ᠤ ᠤᠯᠠᠮ ᠠᠴᠠ ︽ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠰᠣᠶᠣᠯ ᠪᠣᠯᠤᠨ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠬᠤ︾ ᠰᠠᠶᠢᠨ ᠣᠷᠴᠢᠯ ᠢ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ︽ᠰᠣᠶᠣᠯ + ᠵᠢᠭᠤᠯᠴᠢᠯᠠᠯ︾ ᠢ ᠬᠥᠭᠵᠢᠭᠦᠯᠬᠦ ᠳᠤ ᠠᠰᠢᠭᠲᠠᠢ ᠰᠦᠪᠡᠭᠴᠢᠯᠡᠯᠳᠡ ᠬᠠᠩᠭᠠᠪᠠ᠃  ᠬᠤᠶᠠᠷ᠂ ᠦᠵᠡᠵᠦ ᠰᠣᠨᠣᠰᠬᠤ ᠠᠭᠤᠯᠭ᠎ᠠ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠬᠦ᠂ ᠰᠣᠶᠣᠯ ᠵᠢᠭᠤᠯᠴᠢᠯᠠᠯ ᠤᠨ ᠰᠢᠨ᠎ᠡ ᠤᠷᠤᠰᠬᠠᠯ ᠤᠨ ᠠᠷᠭ᠎ᠠ ᠪᠠᠷ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠢᠯᠡᠷᠡᠭᠦᠯᠦᠨ᠎ᠡ  ᠲᠣᠭᠠᠵᠢᠭᠤᠯᠤᠭᠰᠠᠨ ᠰᠣᠶᠣᠯ ᠵᠢᠭᠤᠯᠴᠢᠯᠠᠯ ᠨᠢ ᠲᠣᠭᠠᠵᠢᠭᠤᠯᠤᠭᠰᠠᠨ ᠠᠵᠤ ᠠᠬᠤᠢ ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠤᠨ ᠬᠠᠯᠠᠮᠰᠢᠯ ᠬᠦᠷᠢᠶ᠎ᠡ ᠪᠣᠯᠤᠭᠰᠠᠨ ᠤ ᠬᠤᠪᠢ ᠳᠤ᠂ ᠤᠢᠢᠷ᠎ᠠ ᠶᠢᠨ ᠵᠢᠯ ᠤᠳ ᠲᠤ ᠵᠠᠬ᠎ᠠ ᠳᠡᠯᠭᠡᠭᠦᠷ ᠤᠨ ᠬᠡᠪᠴᠢᠶ᠎ᠡ ᠦᠷᠭᠦᠯᠵᠢᠯᠡᠨ ᠥᠷᠭᠡᠳᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠲᠣᠭᠠᠵᠢᠭᠤᠯᠤᠭᠰᠠᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠪᠴᠢᠶ᠎ᠡ ᠨᠢᠭᠡᠨᠲᠡ 1 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ᠋ᠢᠯᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ ᠨᠢ 30% ᠶᠢ ᠳᠠᠪᠠᠪᠠ᠃ ᠲᠣᠭᠠᠵᠢᠭᠤᠯᠤᠭᠰᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠣᠷᠣᠯᠴᠠᠭᠴᠢ ᠮᠠᠰᠢ ᠤᠯᠠᠨ ᠪᠠᠶᠢᠨ᠎ᠠ᠂ ᠡᠭᠦᠨ ᠳᠤ ᠤᠯᠠᠮᠵᠢᠯᠠᠯᠲᠤ ᠵᠢᠭᠤᠯᠴᠢᠯᠠᠯ ᠤᠨ ᠠᠵᠤ ᠠᠬᠤᠶᠢᠯᠠᠯ᠂ ᠢᠨᠲ᠋ᠧᠷ ᠰᠦᠯᠵᠢᠶᠡᠨ ᠤ ᠠᠵᠤ ᠠᠬᠤᠶᠢᠯᠠᠯ᠂ ᠰᠣᠶᠣᠯ ᠤᠨ ᠪᠠᠶᠢᠭᠤᠯᠤᠮᠵᠢ ᠵᠡᠷᠭᠡ ᠶᠢ ᠪᠠᠭᠲᠠᠭᠠᠵᠤ᠂ ᠷᠠᠳᠢᠣ᠋ ᠲᠧᠯᠸᠢᠰ ᠤᠨ ᠵᠠᠭᠤᠴᠢᠯᠠᠭᠤᠷ ᠪᠣᠯᠤᠨ ᠦᠵᠡᠵᠦ ᠰᠣᠨᠣᠰᠬᠤ ᠲᠠᠪᠴᠠᠩ ᠨᠢ ᠨᠡᠩ ᠴᠤ ᠠᠭᠤᠯᠭ᠎ᠠ ᠶᠢᠨ ᠳᠠᠪᠠᠭᠤᠯᠢᠭ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ ᠬᠦᠴᠦᠨ ᠨᠡᠮᠡᠷᠢᠯᠡᠵᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠢᠰᠥᠯᠳᠦᠭᠡᠨ ᠳᠤ ᠣᠷᠣᠯᠴᠠᠬᠤ ᠪᠣᠯᠤᠨ᠎ᠠ᠃  ᠠᠢ ᠴᠢ ᠢ ᠳᠣᠲᠣᠭᠠᠳᠤ ᠳᠤ ᠪᠠᠨ ᠰᠦᠯᠵᠢᠶᠡᠨ ᠭᠠᠳᠠᠨᠠᠬᠢ ᠳᠤ ᠬᠠᠨᠲᠤᠭᠤᠯᠤᠭᠰᠠᠨ ᠠᠭᠤᠯᠭ᠎ᠠ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ ᠥᠪᠡᠷ ᠤᠨ ᠰᠤᠳᠤᠯᠭᠠᠨ ᠤ ᠪᠦᠯᠬᠦᠮ ᠢ ᠪᠠᠶᠢᠭᠤᠯᠤᠭᠠᠳ ᠣᠯᠠᠨ ᠵᠢᠯ ᠪᠣᠯᠵᠤ ᠪᠠᠶᠢᠨ᠎ᠠ᠂ ︽ᠯᠦᠸᠧᠶᠠᠩ ᠤᠨ ᠮᠠᠨᠳᠤᠯ ᠪᠠᠭᠤᠷᠠᠯ︾ ︽ᠳᠠᠩ ᠤᠯᠤᠰ ᠤᠨ ᠬᠠᠴᠢᠨ ᠵᠢᠭᠲᠡᠢ ᠶᠠᠪᠤᠳᠠᠯ ᠤᠨ ᠲᠡᠮᠲᠡᠭᠯᠡᠯ ᠊ ᠪᠠᠷᠠᠭᠤᠨᠰᠢ ᠠᠶᠠᠯᠠᠯ︾ VR ᠰᠢᠷᠢᠰ ᠪᠦᠷᠢᠨ ᠰᠡᠷᠡᠯᠲᠡᠲᠦ ᠲᠢᠶᠠᠲᠷ ᠨᠢ ᠯᠦᠸᠧᠶᠠᠩ᠂ ᠰᠢ ᠠᠨ᠂ ᠱᠧᠨᠵᠧᠨ᠂ ᠪᠡᠭᠡᠵᠢᠩ ᠳᠤ ᠰᠠᠶᠢᠨ ᠬᠠᠷᠢᠭᠤ ᠲᠤᠰᠬᠠᠯ ᠣᠯᠵᠠᠢ᠃ ︽ᠲᠠᠩ ᠤᠯᠤᠰ ᠤᠨ ᠬᠠᠴᠢᠨ ᠵᠢᠭᠲᠡᠢ ᠶᠠᠪᠤᠳᠠᠯ ᠤᠨ ᠲᠡᠮᠲᠡᠭᠯᠡᠯ ᠤᠨ ᠪᠠᠷᠠᠭᠤᠨᠰᠢ ᠠᠶᠠᠯᠠᠯ ︾ ᠳᠤ ᠰᠠᠭᠤᠷᠢᠯᠠᠨ ᠨᠡᠭᠡᠭᠡᠨ ᠬᠥᠭᠵᠢᠭᠦᠯᠦᠭᠰᠡᠨ ᠤᠯᠤᠰ ᠤᠨ ᠲᠢᠶᠠᠲᠷ ᠨᠢ ᠶᠡᠭᠡ ᠲᠠᠩ ᠤᠨ ᠬᠤᠲᠠ ᠶᠢᠨ ᠦᠵᠡᠮᠵᠢ ᠶᠢᠨ ᠣᠷᠣᠨ ᠤ ᠰᠣᠶᠣᠯ ᠤᠨ ᠣᠨᠴᠠᠯᠢᠭ᠂ ᠵᠢᠭᠤᠯᠴᠢᠯᠠᠭᠴᠢᠳ ᠤᠨ ᠬᠦᠰᠡᠯ ᠱᠠᠭᠠᠷᠳᠠᠯᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠲᠤᠬᠠᠶ ᠶᠢᠨ ᠭᠠᠵᠠᠷ ᠤᠨ ᠣᠯᠠᠨ ᠨᠡᠶᠢᠲᠡ ᠶᠢᠨ ᠦᠨᠡᠯᠡᠯᠲᠡ VR ᠪᠣᠷᠣᠯᠠᠭᠤᠯᠭ᠎ᠠ ᠶᠢᠨ ᠨᠡᠷᠡᠰ ᠲᠤ ᠲᠤᠳᠤᠷᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢ ᠬᠦᠷᠲᠡᠪᠡ᠃  ᠾᠧᠨᠠᠨ ᠤ ᠷᠠᠳᠢᠣ᠋ ᠲᠧᠯᠸᠢᠰ ᠬᠤᠷᠢᠶᠠᠨ ᠤ ᠰᠢᠨ᠎ᠡ ᠶᠢ ᠡᠭᠦᠳᠬᠦ ᠲᠥᠷᠥᠯ ᠵᠦᠢᠯ - ᠳᠤᠮᠳᠠᠳᠤ ᠤᠯᠤᠰ ᠤᠨ ᠲᠡᠦᠬᠡ ᠰᠣᠶᠣᠯ ᠤᠨ ᠶᠡᠭᠡ ᠣᠷᠣᠨ ᠵᠠᠢ ᠶᠢᠨ LBE ︵Location Based Entertainment ᠪᠣᠳᠠᠲᠤ ᠦᠵᠡᠮᠵᠢ ᠶᠢᠨ ᠵᠤᠭ᠎ᠠ ᠴᠡᠩᠭᠡᠯ︶ ᠨᠢ ︽ᠨᠢᠭᠤᠭᠳᠠᠮᠠᠯ ᠴᠢᠨ ᠤ ᠣᠩᠭᠤᠨ︾ ᠢ ᠱᠠᠩᠬᠠᠢ ᠳᠤ ᠳᠡᠯᠭᠡᠨ ᠦᠵᠡᠭᠦᠯᠵᠦ᠂ ᠦᠵᠡᠭᠴᠢᠳ VR ᠨᠢᠳᠦᠨ ᠰᠢᠯ ᠢ ᠵᠡᠭᠦᠪᠡᠯ ᠳᠡᠯᠡᠬᠡᠢ ᠶᠢᠨ ᠨᠠᠢᠮᠠᠳᠤᠭᠠᠷ ᠶᠡᠭᠡ ᠭᠠᠶᠢᠬᠠᠮᠰᠢᠭ - ᠴᠢᠨ ᠱᠢ ᠬᠤᠸᠠᠩ ᠤᠨ ᠣᠩᠭᠤᠨ ᠳᠤ ︽ᠣᠷᠣᠵᠣ︾᠂ ᠴᠢᠨ ᠱᠢ ᠬᠤᠸᠠᠩ ᠤᠨ ᠣᠩᠭᠤᠨ ᠤ ᠳᠣᠲᠣᠭᠠᠳᠤ ᠪᠦᠲᠦᠴᠡ ᠪᠠ ᠲᠡᠦᠬᠡ ᠶᠢᠨ ᠰᠤᠳᠠᠰᠤ ᠶᠢ ᠣᠶᠢᠷ᠎ᠠ ᠠᠴᠠ ᠦᠵᠡᠵᠦ᠂ ᠪᠠᠰᠠ ᠬᠤᠶᠠᠷ ᠮᠢᠩᠭ᠎ᠠ ᠭᠠᠷᠤᠢ ᠵᠢᠯ ᠤᠨ ᠡᠮᠦᠨᠡᠬᠢ ᠶᠡᠭᠡ ᠴᠢᠨ ᠤ ᠬᠠᠭᠠᠨ ᠤ ᠣᠷᠳᠣᠨ ᠳᠤ ᠬᠦᠷᠴᠦ ᠦᠪᠡᠳᠡᠭᠰᠢ ᠶᠡᠭᠡ ᠴᠢᠨ ᠸᠠᠩ ᠤᠨ ᠲᠢᠲᠢᠮ ᠵᠡᠭᠦᠯᠭᠡᠬᠦ ᠶᠤᠰᠤᠯᠠᠯ ᠳᠤ ᠣᠷᠣᠯᠴᠠᠵᠤ ᠪᠣᠯᠤᠨ᠎ᠠ᠃ ᠲᠤᠰ ᠲᠦᠷᠦᠯ ᠵᠦᠢᠯ ᠨᠢ ᠦᠵᠡᠵᠦ ᠰᠣᠨᠣᠰᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠪᠡᠶᠡᠯᠡᠭᠦᠯᠵᠦ᠂ ᠳᠤᠮᠳᠠᠳᠤ ᠤᠯᠤᠰ ᠤᠨ ᠲᠡᠦᠬᠡ ᠪᠣᠯᠤᠨ ᠰᠢᠯᠢᠳᠡᠭ ᠤᠯᠠᠮᠵᠢᠯᠠᠯᠲᠤ ᠰᠣᠶᠣᠯ ᠢ ᠨᠢᠳᠤᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ ᠬᠠᠮ ᠵᠠᠭᠤᠴᠢᠯᠠᠭᠤᠷ ᠤᠨ ᠦᠢᠯᠡᠳᠬᠦᠨ ᠪᠣᠯᠭᠠᠨ ᠬᠤᠪᠢᠷᠠᠭᠤᠯᠵᠠᠢ᠃  ᠦᠵᠡᠵᠦ ᠰᠣᠨᠣᠰᠬᠤ ᠮᠡᠷᠭᠡᠵᠢᠯ ᠢᠯᠡᠳᠲᠡ ᠠᠬᠢᠴᠠ ᠲᠠᠢ ᠪᠣᠯᠬᠤ ᠶᠢ ᠳᠠᠭᠠᠯᠳᠤᠨ᠂ ᠷᠠᠳᠢᠣ᠋ ᠲᠧᠯᠸᠢᠰ ᠤᠨ ᠵᠠᠭᠤᠴᠢᠯᠠᠭᠤᠷ ᠪᠠ ᠦᠵᠡᠵᠦ ᠰᠣᠨᠣᠰᠬᠤ ᠲᠠᠪᠴᠠᠩ ᠰᠢᠨ᠎ᠡ ᠤᠷᠤᠯᠳᠤᠭᠠᠨ ᠤ ᠵᠠᠮ ᠢ ᠦᠷᠭᠦᠯᠵᠢᠯᠡᠨ ᠠᠭᠤᠳᠠᠯᠵᠤ᠂ ︽ᠨᠡᠮᠡᠭᠳᠡᠯ ᠤᠨ ᠠᠵᠤ ᠠᠬᠤᠶ︾ ᠶᠢ ᠳᠠᠶᠢᠴᠢᠯᠠᠨ᠂ VR᠂ AR᠂ 4K/8K ᠥᠨᠳᠥᠷ ᠲᠤᠳᠤᠷᠠᠴᠠᠲᠤ ᠸᠢᠳᠢᠣ᠋ ᠵᠡᠷᠭᠡ ᠦᠵᠡᠵᠦ ᠰᠣᠨᠣᠰᠬᠤ ᠮᠡᠷᠭᠡᠵᠢᠯ ᠢ ᠦᠷᠭᠦᠯᠵᠢᠯᠡᠨ ᠨᠡᠭᠡᠭᠡᠨ ᠬᠥᠭᠵᠢᠭᠦᠯᠪᠡ᠃ ᠡᠲᠡᠭᠡᠷ ᠮᠡᠷᠭᠡᠵᠢᠯ ᠨᠢ ᠵᠤᠭᠠᠴᠠᠭᠰᠠᠳ ᠤᠨ ᠮᠡᠳᠡᠷᠡᠮᠵᠢ ᠶᠢ ᠨᠡᠮᠡᠭᠳᠡᠭᠦᠯᠬᠦ ᠪᠠᠷ ᠪᠠᠷᠠᠬᠤ ᠥᠬᠡᠶ ᠪᠠᠰᠠ ᠵᠤᠭᠠᠴᠠᠭᠰᠠᠳ ᠢ ᠬᠡᠶᠢᠰᠪᠦᠷᠢ ᠣᠷᠴᠢᠨ ᠲᠣᠭᠤᠷᠢᠨ ᠳᠤ ᠠᠳᠠᠯᠢ ᠪᠤᠰᠤ ᠭᠠᠵᠠᠷ ᠣᠷᠣᠨ ᠤ ᠰᠣᠶᠣᠯ ᠪᠠ ᠲᠡᠤᠬᠡ ᠶᠢ ᠣᠶᠢᠯᠠᠭᠠᠭᠤᠯᠵᠤ᠂ ᠬᠡᠷᠡᠭᠯᠡᠭᠴᠢᠳ ᠲᠤ ᠴᠣ᠋ ᠰᠢᠨ᠎ᠡ ᠪᠡᠶᠡᠴᠢᠯᠡᠨ ᠣᠶᠢᠯᠠᠭᠠᠬᠤ ᠠᠷᠭ᠎ᠠ ᠬᠡᠯᠪᠡᠷᠢ ᠶᠢ ᠬᠠᠩᠭᠠᠵᠤ᠂ ︽ᠰᠣᠶᠣᠯ + ᠵᠢᠭᠤᠯᠴᠢᠯᠠᠯ︾ ᠢ ᠲᠣᠭᠠᠵᠢᠭᠤᠯᠤᠭᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠪᠣᠯᠭᠠᠵᠤ ᠴᠢᠳᠠᠨ᠎ᠠ᠃  ᠭᠤᠷᠪᠠ᠂ ᠰᠣᠶᠣᠯ ᠵᠢᠭᠤᠯᠴᠢᠯᠠᠯ ᠤᠨ ᠲᠥᠷᠥᠯ ᠤᠨ ᠣᠬᠤᠷ ᠸᠢᠳᠢᠣ᠋ ᠪᠠᠷ ᠵᠢᠭᠤᠯᠴᠢᠯᠠᠯ ᠤᠨ ᠠᠵᠤ ᠠᠬᠤᠶ ᠶᠢ ᠳᠠᠶᠢᠴᠢᠯᠠᠵᠤ᠂ ᠳᠣᠣᠷ᠎ᠠ ᠥᠪᠡᠷ ᠤᠨ ᠥᠷᠲᠡᠭ ᠢᠶᠠᠷ ᠲᠣᠮᠣ ᠵᠠᠬ᠎ᠠ ᠳᠡᠯᠭᠡᠭᠦᠷ ᠢ ᠳᠠᠶᠢᠴᠢᠯᠠᠨ᠎ᠠ  ᠰᠣᠶᠣᠯ ᠵᠢᠭᠤᠯᠴᠢᠯᠠᠯ ᠨᠢᠭᠡᠨᠲᠡ ᠣᠬᠤᠷ ᠸᠢᠳᠢᠣ᠋ ᠶᠢᠨ ᠲᠠᠪᠴᠠᠩ ᠤᠨ ᠴᠢᠬᠤᠯᠠ ᠪᠦᠷᠢᠯᠳᠦᠬᠦᠨ ᠬᠡᠰᠡᠭ ᠪᠣᠯᠵᠤ᠂ ᠣᠯᠠᠨ ᠭᠠᠵᠠᠷ ᠤᠨ ᠰᠣᠶᠣᠯ ᠵᠢᠭᠤᠯᠴᠢᠯᠠᠯ ᠢ ᠭᠠᠳᠠᠭᠰᠢ ᠭᠠᠷᠭᠠᠬᠤ ᠶᠢ ᠠᠬᠢᠭᠤᠯᠪᠠ᠃ 2024 ᠣᠨ ᠤ ᠬᠠᠷᠪᠢᠨ ᠤ ᠰᠣᠶᠣᠯ ᠵᠢᠭᠤᠯᠴᠢᠯᠠᠯ᠂ ᠭᠠᠨᠰᠦ ᠶᠢᠨ ᠲᠢᠶᠠᠨ ᠱᠦᠢ ᠭᠤᠱᠤᠭᠤᠨ ᠱᠦᠯᠦᠲᠦ ᠵᠡᠷᠭᠡ ᠰᠣᠶᠣᠯ ᠵᠢᠭᠤᠯᠴᠢᠯᠠᠯ ᠨᠢ ᠬᠠᠯᠠᠭᠤᠷᠠᠵᠤ ᠂ ᠬᠤᠲᠠ ᠶᠢᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠲᠠᠯ᠎ᠠ ᠪᠠᠷ ᠬᠢ ᠣᠬᠤᠷ ᠸᠢᠳᠢᠣ᠋ ᠶᠢᠨ ᠳᠠᠪᠠᠭᠤᠯᠢᠭ ᠢ ᠤᠯᠠᠮ ᠨᠢᠭᠡ ᠠᠯᠬᠤᠮ ᠢᠯᠡᠷᠡᠭᠦᠯᠪᠡ᠃ ᠬᠠᠷᠪᠢᠨ ᠬᠤᠲᠠ ᠶᠢᠨ ᠰᠣᠶᠣᠯ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ ᠶᠢᠨ ᠲᠣᠮᠣ ᠳ᠋ᠠᠶᠢᠲ᠋ᠠ ᠶᠢᠨ ᠲᠥᠰᠦᠭᠡᠯᠡᠭᠰᠡᠨ ᠢᠶᠠᠷ᠂ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠬᠠᠷᠪᠢᠨ ᠬᠤᠲᠠ ᠨᠡᠶᠢᠲᠡ 304.79 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 59.14 ᠳ᠋ᠦᠩᠰᠢᠭᠤᠷ ᠲᠥᠭᠦᠷᠢᠭ ᠲᠤ ᠬᠦᠷᠴᠦ᠂ ᠵᠤᠭᠠᠴᠠᠭᠰᠠᠳ ᠢ ᠭᠥᠯᠢᠶᠡᠨ ᠠᠪᠤᠭᠰᠠᠨ ᠬᠡᠮᠵᠢᠶ᠎ᠡ ᠪᠠ ᠵᠢᠭᠤᠯᠴᠢᠯᠠᠯ ᠤᠨ ᠶᠡᠷᠦᠩᠬᠡᠶ ᠣᠷᠣᠯᠭ᠎ᠠ ᠲᠡᠤᠬᠡ ᠶᠢᠨ ᠣᠷᠭᠢᠯ ᠳᠤ ᠬᠦᠷᠪᠡ᠃ 2024 ᠣᠨ ᠤ 3 ᠳ᠋ᠤᠭᠠᠷ ᠰᠠᠷ᠎ᠠ ᠳᠤ᠂ ᠲᠢᠶᠠᠨ ᠱᠦᠢ ᠣᠬᠤᠷ ᠸᠢᠳᠢᠣ᠋ ᠶᠢᠨ ᠲᠠᠪᠴᠠᠩ ᠢ ᠠᠰᠢᠭᠯᠠᠨ ᠬᠠᠯᠠᠭᠤᠷᠠᠭᠰᠠᠨ ᠤ ᠳᠠᠷᠠᠭ᠎ᠠ᠂ ᠵᠤᠭᠠᠴᠠᠭᠰᠠᠳ ᠤᠨ ᠲᠤᠭ᠎ᠠ ᠵᠢᠴᠢ ᠵᠢᠭᠤᠯᠴᠢᠯᠠᠯ ᠤᠨ ᠬᠡᠷᠡᠭᠯᠡᠭᠡ ᠴᠥᠮ ᠶᠡᠭᠡ ᠪᠠᠷ ᠨᠡᠮᠡᠭᠳᠡᠪᠡ᠃ ᠭᠠᠨᠰᠦ ᠮᠣᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠰᠦᠯᠵᠢᠶᠡᠨ ᠥᠷᠲᠡᠭᠡ ᠶᠢᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ 3 ᠳ᠋ᠤᠭᠠᠷ ᠰᠠᠷ᠎ᠠ ᠶᠢᠨ 1 ᠤ ᠡᠳᠦᠷ ᠠᠴᠠ 4 ᠳ᠋ᠦ᠋ᠭᠡᠷ ᠰᠠᠷ᠎ᠠ ᠶᠢᠨ 9 ᠤ ᠡᠳᠦᠷ ᠪᠣᠯᠲᠠᠯ᠎ᠠ᠂ ᠲᠢᠶᠠᠨ ᠱᠦᠢ ᠬᠤᠲᠠ ᠨᠡᠶᠢᠲᠡ 662.7 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ 38.3 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠂ ᠡᠭᠦᠨ ᠳᠤ ᠵᠥᠪᠬᠡᠨ 4 ᠳ᠋ᠦ᠋ᠭᠡᠷ ᠰᠠᠷ᠎ᠠ ᠶᠢᠨ 5 ᠤ ᠡᠳᠦᠷ᠂ ᠲᠢᠶᠠᠨ ᠱᠦᠢ ᠬᠤᠲᠠ ︵2 ᠲᠣᠭᠤᠷᠢᠭ 5 ᠰᠢᠶᠠᠨ︶ ᠵᠢᠭᠤᠯᠴᠢᠯᠠᠭᠰᠠᠳ ᠢ 34.86 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ 1.98 ᠳ᠋ᠦᠩᠰᠢᠭᠤᠷ ᠲᠥᠭᠦᠷᠢᠭ ᠲᠤ ᠬᠦᠷᠴᠡᠢ᠃  ᠬᠤᠲᠠ ᠶᠢᠨ ᠰᠣᠶᠣᠯ ᠵᠢᠭᠤᠯᠴᠢᠯᠠᠯ ᠤᠨ ᠬᠠᠯᠠᠭᠤᠷᠠᠯᠲᠠ ᠨᠢ ᠣᠬᠤᠷ ᠸᠢᠳᠢᠣ᠋ ᠶᠢᠨ ᠪᠦᠲᠦᠭᠡᠯ ᠤᠨ ︽ᠬᠦᠷᠢᠶᠡᠨ ᠠᠴᠠ ᠭᠠᠷᠭᠠᠬᠤ︾ ᠭᠡᠨᠡᠳᠲᠡ ᠶᠢᠨ ᠴᠢᠨᠠᠷ ᠢᠶᠠᠷ ᠪᠠᠷᠠᠬᠤ ᠥᠬᠡᠶ᠂ ᠪᠠᠰᠠ ᠵᠦᠶ ᠵᠣᠬᠢᠰᠲᠠᠶ ᠤᠬᠠᠭᠤᠯᠭ᠎ᠠ ᠪᠠ ᠰᠡᠭᠦᠯᠴᠢ ᠶᠢᠨ ᠬᠤᠭᠤᠴᠠᠭᠠᠨ ᠤ ᠵᠢᠯᠣᠭᠤᠳᠣᠯᠭ᠎ᠠ ᠳᠤ ᠲᠦᠰᠢᠭᠯᠡᠭᠰᠡᠨ ᠠᠴᠠ ᠪᠣᠯᠤᠭᠰᠠᠨ ᠶᠤᠮ᠃ ᠬᠠᠷᠠᠮᠦ᠋ᠷᠡᠨ ᠮᠣᠵᠢ ᠶᠢᠨ ᠰᠣᠶᠣᠯ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠾᠧ ᠵᠢᠩ ᠵᠠᠭᠤᠴᠢᠯᠠᠭᠤᠷ ᠤᠨ ᠰᠤᠷᠪᠤᠯᠵᠢᠯᠠᠭ᠎ᠠ ᠶᠢ ᠬᠦᠯᠢᠶᠡᠬᠦ ᠳᠤ ᠪᠠᠨ᠂ ᠬᠠᠷᠪᠢᠨ ᠨᠢᠭᠡ ᠵᠢᠯ ᠤᠨ ᠪᠡᠯᠡᠳᠭᠡᠯ ᠬᠢᠬᠦ ᠪᠠᠷ ᠳᠠᠮᠵᠢᠨ᠂ ᠢᠨᠲ᠋ᠧᠷ ᠰᠦᠯᠵᠢᠶ᠎ᠡ ᠪᠣᠯᠤᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠣᠯᠠᠨ ᠲᠠᠯᠠᠲᠤ ᠤᠬᠠᠭᠤᠯᠭ᠎ᠠ ᠪᠠᠷ ᠳᠠᠮᠵᠢᠭᠤᠯᠤᠨ᠂ ᠢᠯᠠᠩᠭᠤᠶ᠎ᠠ ᠰᠣᠶᠣᠯ ᠵᠢᠭᠤᠯᠴᠢᠯᠠᠯ ᠤᠨ ᠲᠣᠯᠣᠭᠠᠶᠢᠯᠠᠭᠴᠢ ᠶᠢ ᠤᠷᠢᠵᠤ᠂ ᠡᠭᠦᠨ ᠤ ᠬᠠᠮᠲᠤ ᠮᠠᠰᠢ ᠣᠯᠠᠨ ᠤᠷᠤᠰᠴᠠ ᠲᠠᠢ IP ᠶᠢ ᠲᠥᠯᠥᠪᠯᠡᠵᠦ᠂ ᠬᠠᠷᠠᠮᠦ᠋ᠷᠡᠨ ᠮᠣᠵᠢ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠯᠠᠭᠤᠷᠠᠭᠤᠯᠵᠠᠢ ᠭᠡᠵᠦ ᠢᠯᠡᠷᠬᠡᠶᠢᠯᠡᠪᠡ᠃ ᠣᠬᠤᠷ ᠸᠢᠳᠢᠤ᠋ ᠶᠢᠨ ᠬᠡᠷᠡᠭᠯᠡᠭᠴᠢ ᠰᠣᠶᠣᠯ ᠵᠢᠭᠤᠯᠴᠢᠯᠠᠯ ᠤᠨ ᠲᠥᠷᠥᠯ ᠤᠨ ᠣᠬᠤᠷ ᠸᠢᠳᠢᠤ᠋ ᠶᠢ ᠳᠠᠭᠠᠵᠤ ᠭᠤᠤᠯᠳᠠᠭᠤ ᠨᠢᠭᠡᠳᠦᠭᠡᠷ ᠬᠠᠷᠠᠭᠠᠰᠤ ᠪᠠᠷ ᠨᠢᠭᠡ ᠬᠤᠲᠠ ᠶᠢᠨ ᠣᠷᠣᠨ ᠨᠤᠲᠤᠭ ᠤᠨ ᠰᠣᠶᠣᠯ᠂ ᠲᠡᠤᠬᠡ ᠶᠢᠨ ᠠᠭᠤᠯᠤᠭᠳᠠᠬᠤᠨ ᠪᠠ ᠠᠮᠲᠠᠲᠤ ᠢᠳᠡᠭᠡᠨ ᠢ ᠲᠦᠷᠭᠡᠨ ᠣᠶᠢᠯᠠᠭᠠᠵᠤ᠂ ᠬᠡᠷᠡᠭᠯᠡᠭᠴᠢ ᠶᠢᠨ ᠵᠢᠭᠤᠯᠴᠢᠯᠠᠯ ᠤᠨ ᠳᠤᠷ᠎ᠠ ᠰᠣᠨᠢᠷᠬᠠᠯ ᠪᠠ ᠰᠠᠨᠠᠮᠵᠢ ᠶᠢ ᠬᠥᠭᠵᠢᠭᠡᠵᠦ᠂ ᠰᠦᠯᠵᠢᠶᠡᠨ ᠳᠡᠭᠡᠷᠡᠬᠢ ᠣᠬᠤᠷ ᠸᠢᠳᠢᠣ᠋ ᠶᠢᠨ ᠬᠡᠷᠡᠭᠯᠡᠭᠴᠢᠳ ᠰᠦᠯᠵᠢᠶᠡᠨ ᠭᠠᠳᠠᠨ᠎ᠠ ᠲᠡᠮᠲᠡᠭᠯᠡᠬᠦ ᠵᠢᠭᠤᠯᠴᠢᠯᠠᠭᠴᠢᠳ ᠤᠨ ᠬᠤᠪᠢᠷᠠᠭᠤᠯᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ︽ᠰᠦᠯᠵᠢᠶᠡᠨ ᠤ ᠨᠡᠷᠡᠲᠦ ᠬᠤᠲᠠ︾ ᠶᠢᠨ ᠬᠠᠯᠠᠭᠤᠷᠠᠯ ᠨᠢ ᠬᠤᠲᠠ ᠶᠢᠨ ᠠᠷᠠᠳ ᠢ ᠳᠠᠶᠢᠴᠢᠯᠠᠨ ᠣᠬᠤᠷ ᠸᠢᠳᠢᠤ᠋ ᠶᠢᠨ ᠳᠠᠮᠵᠢᠭᠤᠯᠭ᠎ᠠ ᠳᠤ ᠣᠷᠣᠯᠴᠠᠭᠤᠯᠵᠤ᠂ ᠨᠠᠩ ᠣᠯᠠᠨ ᠬᠥᠮᠦᠨ ᠤ ᠣᠷᠣᠯᠴᠠᠬᠤ ᠶᠢ ᠲᠠᠰᠤᠷᠠᠯᠲᠠ ᠥᠬᠡᠶ ᠲᠡᠳᠡᠨ ᠠᠪᠴᠢᠷᠠᠵᠤ᠂ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠨ᠂ ᠬᠡᠪᠴᠢᠶ᠎ᠡ ᠶᠢ ᠪᠦᠷᠢᠯᠳᠦᠭᠦᠯᠵᠦ᠂ ᠳᠣᠣᠷ᠎ᠠ ᠥᠪᠡᠷ ᠤᠨ ᠥᠷᠲᠡᠭ ᠢᠶᠠᠷ ᠲᠣᠮᠣ ᠵᠠᠬ᠎ᠠ ᠳᠡᠯᠭᠡᠭᠦᠷ ᠢ ᠳᠠᠶᠢᠴᠢᠯᠠᠬᠤ ᠶᠢ ᠦᠨᠡᠨ ᠬᠦ ᠪᠡᠶᠡᠯᠡᠭᠦᠯᠪᠡ᠃  ᠳᠦᠷᠪᠡ᠂ ︽ᠪᠢᠴᠢᠯ ᠤᠬᠤᠷ ᠵᠦᠴᠦᠭᠡ + ᠰᠤᠶᠤᠯ ᠵᠢᠭᠤᠯᠴᠢᠯᠠᠯ︾ ᠨᠡᠶᠢᠳᠡᠮ ᠳᠡᠯᠭᠡᠷᠡᠵᠦ᠂ ︽ᠪᠢᠴᠢᠯ ᠣᠬᠤᠷ ᠵᠦᠴᠦᠭᠡ ᠶᠢ ᠳᠠᠭᠠᠵᠤ ᠵᠢᠭᠤᠯᠴᠢᠯᠠᠬᠤ︾ ᠭᠤᠤᠯ ᠰᠡᠳᠦᠪᠲᠦ ᠡᠭᠦᠳᠦᠨ ᠪᠦᠲᠦᠭᠡᠯᠳᠡ ᠬᠦᠭᠵᠢᠶᠡᠨ ᠲᠠᠢ ᠪᠠᠶᠢᠨ᠎ᠠ  ᠰᠣᠶᠣᠯ ᠵᠢᠭᠤᠯᠴᠢᠯᠠᠯ ᠤᠨ ᠪᠢᠴᠢᠯ ᠣᠬᠤᠷ ᠵᠦᠴᠦᠭᠡ ᠪᠣᠯ ᠦᠵᠡᠵᠦ ᠰᠣᠨᠣᠰᠬᠤ ᠵᠤᠭ᠎ᠠ ᠴᠡᠩᠭᠡᠯ ᠤᠨ ᠦᠢᠯᠡᠳᠬᠦᠨ ᠮᠥᠷᠲᠡᠭᠡᠨ ᠨᠡᠩ ᠴᠤ ᠰᠣᠶᠣᠯ ᠤᠨ ᠳᠠᠮᠵᠢᠭᠤᠯᠭ᠎ᠠ ᠶᠢᠨ ᠠᠴᠢᠶᠠᠯᠠᠪᠤᠷᠢ ᠮᠥᠨ᠃ ᠡᠨᠡ ᠵᠢᠯ ᠤᠨ 1 ᠳ᠋ᠦ᠋ᠭᠡᠷ ᠰᠠᠷ᠎ᠠ ᠳᠤ᠂ ᠤᠯᠤᠰ ᠤᠨ ᠷᠠᠳᠢᠤ᠋ ᠲᠧᠯᠸᠢᠰ ᠤᠨ ᠶᠡᠷᠦᠩᠬᠡᠢ ᠲᠣᠪᠴᠢᠶᠠᠨ ᠤ ᠠᠯᠪᠠᠨ ᠲᠢᠩᠬᠢᠮ ︽︿ᠪᠢᠴᠢᠯ ᠣᠬᠤᠷ ᠵᠦᠴᠦᠭᠡ ᠶᠢ ᠳᠠᠭᠠᠵᠤ ᠵᠢᠭᠤᠯᠴᠢᠯᠠᠬᠤ﹀ ᠵᠣᠬᠢᠶᠠᠨ ᠪᠦᠲᠦᠭᠡᠬᠦ ᠲᠥᠯᠥᠪᠯᠡᠭᠡ ᠶᠢ ᠥᠷᠨᠢᠭᠦᠯᠬᠦ ᠲᠤᠬᠠᠢ ᠮᠡᠳᠡᠭᠳᠡᠯ︾ ᠢ ᠨᠡᠶᠢᠲᠡᠯᠡᠵᠦ᠂ 2024 ᠣᠨ ᠤ ︽ᠪᠢᠴᠢᠯ ᠣᠬᠤᠷ ᠵᠦᠴᠦᠭᠡ ᠶᠢ ᠳᠠᠭᠠᠵᠤ ᠵᠢᠭᠤᠯᠴᠢᠯᠠᠬᠤ︾ ᠭᠤᠣᠯ ᠰᠡᠳᠦᠪᠲᠦ 100 ᠪᠦᠯᠦᠭ ᠰᠢᠯᠢᠳᠡᠭ ᠪᠢᠴᠢᠯ ᠣᠬᠤᠷ ᠵᠦᠴᠦᠭᠡ ᠶᠢ ᠵᠣᠬᠢᠶᠠᠨ ᠪᠦᠲᠦᠭᠡᠵᠦ ᠨᠡᠪᠲᠡᠷᠡᠭᠦᠯᠬᠦ ᠶᠢ ᠳᠤᠷᠠᠳᠪᠠ᠃ ᠲᠣᠰ ᠲᠥᠯᠥᠪᠯᠡᠭᠡ ᠳᠤ ᠪᠠᠰᠠ 8 ᠵᠣᠬᠢᠶᠠᠨ ᠪᠦᠲᠦᠭᠡᠬᠦ ᠴᠢᠭᠯᠡᠯ ᠢ ᠳᠤᠷᠠᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠡᠤᠬᠡ ᠰᠣᠶᠣᠯ ᠤᠨ ᠨᠠᠷᠠᠲᠤ ᠬᠤᠲᠠ᠂ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ᠂ ᠲᠡᠤᠬᠡ ᠶᠢᠨ ᠳᠤᠷᠠᠰᠬᠠᠯᠲᠤ ᠵᠦᠢᠯᠡᠰ᠂ ᠤᠯᠤᠰ ᠭᠡᠷ ᠤᠨ ᠬᠠᠶᠢᠷ᠎ᠠ ᠰᠡᠳᠬᠢᠯᠭᠡ᠂ ᠳᠤᠮᠳᠠᠳᠤ ᠤᠯᠤᠰ ᠤᠨ ᠥᠯᠢᠭᠡᠷ᠂ ᠬᠤᠲᠠ ᠶᠢᠨ ᠪᠣᠯᠪᠠᠰᠤᠨ ᠵᠢᠴᠢ ᠪᠠᠶᠢᠭᠠᠯᠢ ᠶᠢᠨ ᠦᠵᠡᠮᠵᠢ ᠵᠡᠷᠭᠡ ᠶᠢ ᠬᠠᠮᠤᠷᠴᠠᠶ᠃ ᠵᠣᠬᠢᠶᠠᠨ ᠪᠦᠲᠦᠭᠡᠬᠦ ᠲᠥᠯᠥᠪᠯᠡᠭᠡ ᠡᠬᠢᠯᠡᠭᠰᠡᠨ ᠠᠴᠠ ᠨᠠᠭᠠᠰᠢ᠂ ᠭᠤᠷᠪᠠᠨ ᠪᠦᠯᠦᠭ ᠲᠠᠨᠢᠯᠴᠠᠭᠤᠯᠭ᠎ᠠ ᠶᠢᠨ ᠭᠠᠷᠴᠠᠭ ᠲᠤ ᠨᠡᠶᠢᠲᠡ 59 ᠪᠦᠯᠦᠭ ᠵᠦᠴᠦᠭᠡ ᠶᠢᠨ ᠭᠠᠷᠴᠠᠭ ᠢ ᠭᠠᠷᠭᠠᠵᠠᠢ᠃  ︽ᠢᠳᠡᠭᠡᠨ ᠤ ᠵᠦᠢᠯᠡᠰ ᠢ ᠳᠤᠷᠠᠰᠬᠤᠢ︾ ᠳᠤ ᠱᠠᠨᠰᠢ ᠶᠢᠨ ᠣᠨᠴᠠᠯᠢᠭᠲᠤ ᠠᠮᠲᠠᠲᠤ ᠢᠳᠡᠭᠡᠨ ᠢ ᠳᠡᠯᠭᠡᠨ ᠦᠵᠡᠭᠦᠯᠵᠦ  ᠂ ᠰᠢ ᠠᠨ ᠤ ᠬᠤᠯᠤ ᠳᠠᠬᠢᠶ᠎ᠠ᠂ ᠸᠧᠢ ᠨᠠᠨ ᠤ ᠴᠢᠯᠠᠭᠤᠲᠤ ᠵᠢᠭᠠᠰᠤ  ᠂ ᠢᠦᠢ ᠯᠢᠨ ᠤ ᠭᠤᠷᠪᠠᠨ ᠵᠦᠢᠯ ᠤᠨ ᠨᠡᠶᠢᠯᠡᠮᠡᠯ᠂ ᠬᠠᠨ ᠵᠥᠩ ᠤᠨ ᠬᠠᠯᠠᠭᠤᠨ ᠭᠤᠯᠢᠷ ᠵᠡᠷᠭᠡ ᠱᠠᠨᠰᠢ ᠶᠢᠨ ᠣᠨᠴᠠᠯᠢᠭᠲᠤ ᠠᠮᠲᠠᠲᠤ ᠢᠳᠡᠭᠡᠨ ᠲᠠᠰᠤᠷᠠᠯᠲᠠ ᠦᠭᠡᠢ ᠬᠠᠷᠠᠭᠠᠨ ᠳᠤ ᠲᠤᠳᠤᠷᠠᠵᠤ ᠪᠠᠶᠢᠯ᠎ᠠ ᠃ ︽ᠢ ᠮᠧᠩ ᠵᠧᠨ ᠰᠢᠩ ᠾᠧ︾ ᠨᠢ ᠰᠦᠵᠸᠦ ᠶᠢᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠪᠣᠯᠬᠤ ᠰᠦᠵᠸᠦ ᠶᠢᠨ ᠳᠡᠪᠢᠭᠦᠷ ᠤᠨ ᠤᠯᠠᠮᠵᠢᠯᠠᠯ ᠢᠶᠠᠷ ᠦᠯᠢᠭᠡᠷ ᠤᠨ ᠭᠤᠣᠯ ᠱᠤᠭᠤᠮ ᠪᠣᠯᠭᠠᠵᠤ᠂ ᠵᠦᠴᠦᠭᠡ ᠶᠢᠨ ᠦᠢᠯᠡ ᠶᠠᠪᠤᠳᠠᠯ ᠳᠤᠮᠳᠠ ᠰᠦᠵᠸᠦ ᠶᠢᠨ ᠬᠠᠳᠬᠤᠮᠠᠯ᠂ ᠰᠥᠩ ᠤᠨ ᠲᠣᠷᠭ᠎ᠠ᠂ ᠵᠢᠷᠤᠭᠲᠤ ᠲᠣᠷᠭ᠎ᠠ᠂ ᠱᠤᠳᠤᠷᠭᠤ ᠶᠢᠨ ᠦᠯᠢᠭᠡᠷ᠂ ᠺᠦᠨᠱᠠᠨ ᠵᠦᠴᠦᠭᠡ ᠵᠡᠷᠭᠡ ᠡᠯᠧᠮᠧᠨ᠋ᠲ ᠢ ᠰᠢᠩᠭᠡᠭᠡᠨ ᠣᠷᠤᠭᠤᠯᠪᠠ᠃ ᠪᠠᠰᠠ ︽ᠴᠠᠶ ᠶᠢᠨ ᠬᠦᠷᠢᠶᠡᠯᠡᠩ︾ ︽ᠮᠢᠨᠦ ᠲᠠᠷᠢᠶ᠎ᠠ ᠲᠠᠷᠢᠬᠤ ᠶᠢ ᠪᠢᠲᠡᠭᠡᠶ ᠬᠠᠷᠰᠢᠯᠠ︾᠂ ︽ᠤᠷᠤᠰᠬᠠᠯᠲᠤ ᠡᠵᠢ ᠶᠢᠨ ᠲᠣᠰᠬᠤᠨ ᠳᠤ ᠪᠠᠨ ᠪᠤᠴᠠᠭᠰᠠᠨ︾ ᠵᠡᠷᠭᠡ ᠣᠬᠤᠷ ᠵᠦᠴᠦᠭᠡ ᠶᠢᠨ ᠪᠦᠲᠦᠭᠡᠯ ᠨᠢ ᠠᠳᠠᠯᠢ ᠪᠤᠰᠤ ᠬᠠᠷᠠᠭᠠᠰᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠤᠰᠬᠠᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠦᠵᠡᠮᠵᠢ ᠶᠢ ᠬᠠᠷᠠᠭᠤᠯᠪᠠ᠃ ᠭᠡᠪᠡᠴᠦ ᠳᠠᠶᠢᠴᠢᠯᠠᠨ ᠳᠠᠭᠠᠭᠤᠯᠬᠤ ᠱᠤᠭᠤᠮ ᠳᠣᠣᠷᠠᠬᠢ ᠰᠣᠶᠣᠯ ᠵᠢᠭᠤᠯᠴᠢᠯᠠᠯ ᠤᠨ ᠢᠯᠡᠷᠡᠯ ᠠᠴᠠ ᠦᠵᠡᠪᠡᠯ᠂ ᠰᠣᠶᠣᠯ ᠵᠢᠭᠤᠯᠴᠢᠯᠠᠯ ᠤᠨ ᠪᠢᠴᠢᠯ ᠣᠬᠤᠷ ᠵᠦᠴᠦᠭᠡ ᠶᠢᠨ ᠳᠠᠶᠢᠴᠢᠯᠠᠬᠤ ᠦᠢᠯᠡᠳᠦᠯ ︽ᠪᠠᠳᠠᠷᠠᠩᠭᠤᠢ ᠴᠡᠴᠡᠭ︾ ︽ᠤᠷᠢᠬᠠᠨ ᠰᠠᠯᠬᠢ ᠲᠠᠢ ᠭᠠᠵᠠᠷ ᠣᠴᠢᠶ᠎ᠠ︾ ︽ᠲᠣᠭᠰᠢᠨ ᠰᠢᠭᠤᠷᠭ᠎ᠠ︾ ᠵᠡᠷᠭᠡ ᠺᠢᠨᠣ᠋ ᠲᠧᠯᠸᠢᠰ ᠵᠦᠴᠦᠭᠡ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠵᠦᠴᠦᠭᠡ ᠶᠢᠨ ᠪᠠᠶᠢᠳᠠᠯ ᠪᠠ ᠰᠣᠶᠣᠯ ᠵᠢᠭᠤᠯᠴᠢᠯᠠᠯ ᠤᠨ ᠤᠷᠠᠨ ᠰᠠᠶᠢᠬᠠᠨ ᠤ ᠤᠶᠠᠯᠳᠤᠯ ᠢ ᠬᠡᠷᠬᠢᠨ ᠰᠣᠶᠣᠯ ᠵᠢᠭᠤᠯᠴᠢᠯᠠᠯ ᠤᠨ ᠪᠢᠴᠢᠯ ᠣᠬᠤᠷ ᠵᠦᠴᠦᠭᠡ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠲᠡᠶᠢᠰᠢ ᠰᠢᠯᠵᠢᠭᠦᠯᠬᠦ ᠨᠡᠩ ᠥᠨᠳᠥᠷ ᠨᠣᠷᠮ᠎ᠠ ᠶᠢ ᠪᠡᠶᠡᠯᠡᠭᠦᠯᠬᠦ ᠪᠣᠯ ᠰᠣᠶᠣᠯ ᠵᠢᠭᠤᠯᠴᠢᠯᠠᠯ ᠤᠨ ᠪᠢᠴᠢᠯ ᠣᠬᠤᠷ ᠵᠦᠴᠦᠭᠡ ᠶᠢᠨ ᠵᠣᠬᠢᠶᠠᠭᠴᠢ ᠶᠢᠨ ᠴᠢᠷᠮᠠᠶᠢᠬᠤ ᠴᠢᠭᠯᠡᠯ ᠪᠣᠯᠣᠨ᠎ᠠ᠃  ᠡᠭᠦᠨ ᠤ ᠬᠠᠮᠲᠤ᠂ ᠰᠣᠶᠣᠯ ᠵᠢᠭᠤᠯᠴᠢᠯᠠᠯ ᠤᠨ ᠪᠢᠴᠢᠯ ᠣᠬᠤᠷ ᠵᠦᠴᠦᠭᠡ ᠳᠤ ᠪᠠᠰᠠ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠠᠭᠤᠯᠭ᠎ᠠ᠂ ᠰᠣᠶᠣᠯ ᠵᠢᠭᠤᠯᠴᠢᠯᠠᠯ ᠤᠨ ᠲᠥᠷᠥᠯ ᠤᠨ ᠶᠡᠷᠦᠩᠬᠡᠶᠢᠯᠡᠭᠰᠡᠨ ᠤᠷᠠᠯᠢᠭ᠂ ᠰᠣᠶᠣᠯ ᠵᠢᠭᠤᠯᠴᠢᠯᠠᠯ ᠤᠨ ᠲᠥᠷᠥᠯ ᠤᠨ ᠣᠬᠤᠷ ᠸᠢᠳᠢᠣ᠋ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠪᠢᠴᠢᠯ ᠣᠬᠤᠷ ᠵᠦᠴᠦᠭᠡ ᠶᠢ ᠬᠡᠷᠬᠢᠨ ᠭᠠᠷᠭᠠᠵᠤ᠂ ᠦᠵᠡᠵᠦ ᠰᠣᠨᠣᠰᠬᠤ ᠪᠠ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠪᠠᠶᠢᠳᠠᠯ ᠢ ᠤᠯᠠᠮ ᠨᠢᠭᠡ ᠠᠯᠬᠤᠮ ᠨᠡᠪᠲᠡᠷᠡᠭᠦᠯᠵᠦ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ︽ᠪᠢᠴᠢᠯ  ᠣᠬᠤᠷ  ᠵᠦᠴᠦᠭᠡ + ᠰᠣᠶᠣᠯ ᠵᠢᠭᠤᠯᠴᠢᠯᠠᠯ︾ ᠤᠨ ᠬᠡᠪ ᠵᠠᠭᠪᠤᠷ ᠢ ᠪᠦᠷᠢᠯᠳᠦᠭᠦᠯᠬᠦ ᠪᠣᠯ ᠰᠣᠶᠣᠯ ᠵᠢᠭᠤᠯᠴᠢᠯᠠᠯ ᠤᠨ ᠪᠢᠴᠢᠯ ᠣᠬᠤᠷ ᠵᠦᠴᠦᠭᠡ ᠶᠢᠨ ᠤᠯᠠᠮ ᠨᠢᠭᠡ ᠠᠯᠬᠤᠮ ᠬᠦᠴᠦᠯᠡᠬᠦ ᠴᠢᠬᠤᠯᠠᠲᠠᠶ ᠴᠢᠭᠯᠡᠯ ᠪᠣᠯᠤᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ