ᠮᠠᠨ ᠤ ᠣᠷᠣᠨ ᠤ ᠭᠤᠷᠪᠠᠨ ᠲᠥᠷᠥᠯ ᠵᠦᠢᠯ ᠨᠢ ᠶᠡᠷᠦᠩᠬᠡᠢ ᠲᠣᠪᠴᠢᠶ᠎ᠠ ᠶᠢᠨ 2023 ᠣᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠲᠡᠳᠬᠦᠮᠵᠢ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/8/14
  ᠣᠶᠢᠷ᠎ᠠ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ 2023 ᠣᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠲᠡᠳᠬᠦᠨ ᠳᠡᠮᠵᠢᠬᠦ ᠲᠥᠷᠥᠯ ᠵᠦᠢᠯ ᠢ ᠬᠢᠨᠠᠨ ᠲᠣᠭᠲᠠᠭᠠᠭᠰᠠᠨ ᠳ᠋ᠦᠩ ᠢ ᠨᠡᠶᠢᠲᠡᠯᠡᠪᠡ᠃ ᠮᠠᠨ ᠤ ᠲᠣᠪᠴᠢᠶ᠎ᠠ ᠶᠢᠨ ᠲᠠᠨᠢᠯᠴᠠᠭᠤᠯᠤᠭᠰᠠᠨ ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶ᠎ᠠ ᠶᠢᠨ ︽ᠡᠬᠡ ᠪᠠᠶᠢᠭᠠᠯᠢ ᠶᠢᠨ ᠬᠥᠭᠵᠢᠮ ᠤᠨ ᠦᠳᠡᠰᠢᠯᠡᠭᠡ︾ ᠨᠢ ᠷᠠᠳᠢᠣ᠋ ᠪᠦᠲᠦᠭᠡᠯ ᠤᠨ ᠭᠤᠷᠪᠠᠨ ᠲᠥᠷᠥᠯ ᠤᠨ ᠳᠡᠮᠵᠢᠯᠭᠡ ᠶᠢ ᠬᠦᠷᠲᠡᠵᠦ᠂ ᠱᠠᠩᠳᠤ ᠰᠢᠶᠠᠨ ᠤ ᠬᠠᠮ ᠵᠠᠭᠤᠴᠢᠯᠠᠭᠤᠷ ᠤᠨ ᠲᠥᠪ ᠨᠢ ᠰᠢᠯᠢᠳᠡᠭ ᠳᠠᠮᠵᠢᠭᠤᠯᠭ᠎ᠠ ᠶᠢᠨ ᠪᠠᠶᠢᠭᠤᠯᠤᠮᠵᠢ ᠶᠢ ᠬᠦᠷᠲᠡᠵᠦ᠂ ᠮᠠᠨ ᠤ ᠲᠣᠪᠴᠢᠶ᠎ᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠭᠥᠷᠳᠡᠪᠡ᠃  ᠣᠶᠢᠷ᠎ᠠ ᠶᠢᠨ ᠵᠢᠯ ᠠᠴᠠ᠂ ᠮᠠᠨ ᠤ ᠲᠣᠪᠴᠢᠶ᠎ᠠ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠵᠣᠬᠢᠶᠠᠨ ᠪᠦᠲᠦᠭᠡᠯᠲᠡ ᠶᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠤᠬᠠᠭᠤᠯᠭ᠎ᠠ ᠶᠢᠨ ᠠᠵᠢᠯ ᠤᠨ ᠴᠢᠬᠤᠯᠠ ᠬᠦᠴᠦᠨ ᠪᠣᠯᠭᠠᠵᠤ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠤᠷᠤᠯᠳᠤᠭᠠᠨ ᠢᠶᠠᠷ ᠬᠥᠲᠥᠯᠦᠨ ᠳᠠᠭᠠᠭᠤᠯᠵᠤ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠨᠡᠪᠲᠡᠷᠡᠭᠦᠯᠬᠦ ᠠᠴᠢᠶᠠᠯᠠᠪᠤᠷᠢ ᠶᠢ ᠲᠠᠰᠤᠷᠠᠯᠲᠠ ᠥᠬᠡᠶ ᠥᠷᠭᠡᠳᠬᠡᠵᠦ᠂ ᠤᠯᠠᠮᠵᠢᠯᠠᠯᠲᠤ ᠷᠠᠳᠢᠣ᠋ ᠲᠧᠯᠸᠢᠰ ᠤᠨ ᠵᠠᠭᠤᠴᠢᠯᠠᠭᠤᠷ ᠠᠴᠠ ᠪᠥᠬᠦ ᠣᠷᠣᠨ ᠤ ᠡᠯ᠎ᠡ ᠱᠠᠲᠤᠨ ᠤ ᠰᠦᠯᠵᠢᠶᠡᠨ ᠤ ᠦᠵᠡᠵᠦ ᠰᠣᠨᠣᠰᠬᠤ ᠲᠠᠪᠴᠠᠩ ᠵᠢᠴᠢ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠤᠨ ᠲᠠᠪᠴᠠᠩ ᠬᠦᠷᠲᠡᠯ᠎ᠡ ᠥᠷᠭᠡᠳᠭᠡᠭᠰᠡᠨ ᠤ ᠬᠠᠮᠲᠤ ᠪᠠᠰᠠ ᠨᠡᠶᠢᠲᠡ ᠶᠢᠨ ᠵᠠᠮ ᠬᠠᠷᠢᠯᠴᠠᠭᠠᠨ ᠤ ᠲᠧᠯᠸᠢᠰ᠂ ᠲᠡᠮᠦᠷ ᠵᠠᠮ ᠤᠨ ᠥᠷᠲᠡᠭᠡ ᠴᠡᠭ᠂ ᠬᠡᠷ ᠤᠨ ᠭᠠᠳᠠᠨᠠᠬᠢ ᠲᠣᠮᠣ ᠳᠡᠯᠭᠡᠴᠡ ᠵᠡᠷᠭᠡ ᠣᠯᠠᠨ ᠡᠰᠢᠲᠦ ᠳᠠᠮᠵᠢᠭᠤᠯᠭ᠎ᠠ ᠶᠢᠨ ᠠᠷᠭ᠎ᠠ ᠵᠠᠮ ᠢ ᠢᠳᠡᠪᠬᠢᠲᠡᠶ ᠥᠷᠭᠡᠳᠬᠡᠵᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠬᠠᠭᠤᠯᠭ᠎ᠠ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠪᠡ᠃︵ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ