2024 ᠣᠨ ᠤ ᠬᠤᠶᠠᠳᠤᠭᠠᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠰᠢᠯᠭᠠᠷᠠᠭᠤᠯᠤᠭᠰᠠᠨ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠳᠡᠯᠡᠯ
ᠨᠡᠶᠢᠲᠡᠯᠡᠭᠰᠡᠨ ᠴᠠᠭ᠄
2024/8/14
   ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠥᠬᠦᠶ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠤᠯᠠᠷᠢᠯ ᠢᠶᠠᠷ ᠰᠢᠯᠢᠳᠡᠭᠵᠢᠭᠦᠯᠬᠦ ᠠᠵᠢᠯ ᠤᠨ ᠲᠣᠬᠢᠷᠠᠭᠤᠯᠤᠯᠲᠠ ᠶᠣᠰᠣᠭᠠᠷ᠂ ᠮᠠᠨ ᠤ ᠲᠣᠪᠴᠢᠶ᠎ᠠ 2024 ᠣᠨ ᠤ ᠬᠤᠶᠠᠳᠤᠭᠠᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠤᠯᠠᠷᠢᠯ ᠢᠶᠠᠷ ᠰᠢᠯᠢᠳᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠭᠠᠷᠠᠭᠤᠯᠤᠯᠲᠠ ᠳᠤ ᠣᠷᠣᠯᠴᠠᠭᠰᠠᠨ ᠪᠦᠲᠦᠭᠡᠯ ᠢ ᠨᠡᠶᠢᠲᠡ 124 ᠬᠤᠪᠢ ᠭᠥᠯᠢᠶᠡᠨ ᠠᠪᠴᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠪᠠᠷ ᠳᠡᠮᠵᠢᠨ᠂ ᠰᠢᠯᠢᠳᠡᠭ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠪᠦᠲᠦᠭᠡᠯ ᠢ 20 ᠬᠤᠪᠢ ᠰᠢᠯᠭᠠᠷᠠᠭᠤᠯᠤᠨ ᠭᠠᠷᠭᠠᠵᠤ᠂ ᠡᠳᠦᠭᠡ ᠨᠡᠶᠢᠲᠡᠯᠡᠪᠡ᠃  ᠨᠡᠶᠢᠲᠡᠯᠡᠬᠦ ᠬᠤᠭᠤᠴᠠᠭ᠎ᠠ ᠨᠢ 2024 ᠣᠨ ᠤ 8 ᠳ᠋ᠤᠭᠠᠷ ᠰᠠᠷ᠎ᠠ ᠶᠢᠨ 14 ᠤ ᠡᠳᠦᠷ ᠠᠴᠠ 20 ᠤ ᠡᠳᠦᠷ ᠪᠣᠯᠲᠠᠯ᠎ᠠ ᠪᠣᠯᠣᠨ᠎ᠠ᠃ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ︵ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠭᠠᠵᠠᠷ︶ ᠲᠤ ᠬᠠᠨᠳᠤᠭᠤᠯᠤᠨ ᠬᠠᠷᠢᠭᠤ ᠲᠤᠰᠬᠠᠨ᠎ᠠ᠃  ᠬᠠᠷᠢᠯᠴᠠᠬᠤ ᠣᠳᠠᠰᠣ᠄ 0471 - 4590092  ᠹᠠᠺᠰ᠄ 0471 – 3288016    ᠳᠠᠭᠠᠯᠳᠤᠭᠤᠯᠤᠯ᠄ 2024 ᠣᠨ ᠤ ᠬᠤᠶᠠᠳᠤᠭᠠᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠢᠯᠢᠳᠡᠭ ᠪᠦᠲᠦᠭᠡᠯ ᠤᠨ ᠨᠡᠷᠡᠰ.doc 

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ

2024 ᠣᠨ ᠤ 8 ᠳ᠋ᠤᠭᠠᠷ ᠰᠠᠷ᠎ᠠ ᠶᠢᠨ 14 ᠤ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ