ᠹᠦᠶᠠᠩ ᠤᠨ ᠬᠤᠷᠢᠶ᠎ᠠ᠄ ᠪᠥᠬᠦ ᠬᠡᠯᠬᠢᠶ᠎ᠡ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/8/15
  ᠤᠢᠢᠷ᠎ᠠ ᠶᠢᠨ ᠵᠢᠯ ᠠᠴᠠ ᠨᠠᠭᠠᠰᠢ᠂ ᠹᠦᠶᠠᠩ ᠤᠨ ᠷᠠᠳᠢᠣ᠋ ᠲᠧᠯᠸᠢᠰ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠵᠢᠴᠢ ᠮᠤᠵᠢ ᠶᠢᠨ ᠰᠣᠶᠣᠯ ᠵᠢᠭᠤᠯᠴᠢᠯᠠᠯ ᠤᠨ ᠲᠢᠩᠬᠢᠮ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠴᠠ ᠪᠠᠨ ᠲᠠᠰᠤᠷᠠᠯᠲᠠ ᠦᠭᠡᠢ ᠥᠭᠡᠷᠡᠴᠢᠯᠡᠵᠦ᠂ ᠰᠡᠳᠭᠢᠮᠵᠢ ᠪᠠᠨ ᠰᠢᠨᠡᠴᠢᠯᠡᠵᠦ᠂ ᠲᠤᠰᠬᠠᠢ ᠣᠷᠣᠨ ᠤ ᠳᠡᠰ ᠤᠨ ᠬᠤᠳᠠ ᠶᠢᠨ ᠷᠠᠳᠢᠣ᠋ ᠲᠧᠯᠸᠢᠰ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠠᠮ ᠵᠠᠭᠤᠴᠢᠯᠠᠭᠤᠷ ᠤᠨ ᠵᠢᠭᠰᠠᠭᠠᠯ ᠤᠨ ᠭᠠᠵᠠᠷ ᠤᠨ ᠳᠠᠮᠵᠢᠭᠤᠯᠬᠤ ᠬᠦᠴᠦᠨ ᠦᠷᠭᠦᠯᠵᠢᠯᠡᠨ ᠴᠢᠩᠭᠠᠷᠠᠵᠤ᠂ ᠭᠤᠣᠯ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠭᠤᠣᠯ ᠵᠢᠭᠰᠠᠭᠠᠯ ᠤᠨ ᠭᠠᠵᠠᠷ᠂ ᠭᠤᠣᠯ ᠬᠦᠴᠦᠨ ᠤ ᠦᠢᠯᠡᠳᠦᠯ ᠤᠯᠠᠮ ᠨᠢᠭᠡ ᠠᠯᠬᠤᠮ ᠪᠠᠬᠢᠵᠢᠨ ᠳᠡᠭᠡᠭᠰᠢᠯᠡᠵᠡᠢ᠃  ᠨᠢᠭᠡ᠂ ᠶᠠᠪᠤᠴᠠ ᠶᠢᠨ ᠰᠢᠨ᠎ᠡ ᠶᠢ ᠡᠭᠦᠳᠴᠦ᠂ ᠪᠥᠬᠦ ᠵᠠᠭᠤᠴᠢᠯᠠᠭᠤᠷ ᠤᠨ ᠠᠭᠤᠯᠭ᠎ᠠ ᠶᠢᠨ ᠦᠢᠯᠡᠳᠪᠦᠷᠢᠯᠡᠯ ᠤᠨ ᠬᠤᠷᠠᠮᠳᠤᠯ ᠥᠨᠳᠥᠷ ᠪᠦᠲᠦᠮᠵᠢᠲᠡᠶ ᠪᠣᠯᠪᠠ  ᠹᠦᠶᠠᠩ ᠤᠨ ᠷᠠᠳᠢᠣ᠋ ᠲᠧᠯᠸᠢᠰ ᠬᠤᠷᠢᠶ᠎ᠠ ︽ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠲᠥᠪ ᠤᠨ ᠠᠵᠢᠯ ᠤᠨ ᠮᠡᠳᠡᠭᠡᠯᠡᠯ ᠨᠢ ᠲᠣᠰ ᠲᠣᠰ ᠤᠨ ᠴᠢᠳᠠᠪᠤᠷᠢ ᠪᠠᠨ ᠦᠵᠡᠭᠦᠯᠬᠦ᠂ ᠳᠣᠲᠣᠭᠠᠳᠤ ᠶᠢᠨ ᠤᠬᠠᠭᠤᠯᠭ᠎ᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠭᠠᠳᠠᠭᠰᠢ ᠤᠬᠠᠭᠤᠯᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ ᠮᠡᠳᠡᠭᠡᠯᠡᠯ ᠳᠤᠮᠳᠠᠬᠢ ᠨᠢᠭᠡᠳᠦᠯᠲᠡᠶ ᠲᠥᠰᠦᠪᠯᠡᠬᠦ᠂ ᠨᠢᠭᠡᠳᠦᠯᠲᠡᠶ ᠲᠣᠬᠢᠷᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠪᠠ᠃ ᠭᠤᠣᠯ ᠠᠵᠢᠯ ᠤᠨ ᠲᠣᠭᠤᠷᠢᠨ ᠳᠤ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ ᠮᠡᠳᠡᠭᠡᠯᠡᠯ ᠳᠤ᠂ ᠰᠣᠨᠢᠨ ᠮᠡᠳᠡᠭᠡᠨ ᠤ ᠤᠬᠠᠭᠤᠯᠭ᠎ᠠ ᠶᠢ ᠵᠣᠬᠢᠴᠠᠭᠤᠯᠬᠤ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠨᠢᠭᠡ ᠤᠳᠠᠭ᠎ᠠ ᠴᠤᠭᠯᠠᠭᠤᠯᠬᠤ᠂ ᠤᠯᠠᠨ ᠵᠦᠢᠯ ᠢ ᠪᠤᠢ ᠪᠣᠯᠭᠠᠬᠤ᠂ ᠪᠦᠬᠦ ᠵᠠᠭᠤᠴᠢ ᠪᠠᠷ ᠳᠠᠮᠵᠢᠭᠤᠯᠬᠤ ᠶᠢ ᠪᠡᠶᠡᠯᠡᠭᠦᠯᠪᠡ᠃ ︽ᠹᠦᠶᠠᠩ ᠤᠨ ᠰᠣᠨᠢᠨ ᠮᠡᠳᠡᠭᠡᠨ ᠤ ᠨᠡᠪᠲᠡᠷᠡᠭᠦᠯᠭᠡ︾ ᠶᠢᠨ ᠭᠤᠣᠯ ᠨᠡᠪᠲᠡᠷᠡᠭᠦᠯᠭᠡ ᠳᠤ ᠰᠣᠨᠢᠨ ᠮᠡᠳᠡᠭᠡ᠂ ︽ᠺᠠᠨ ᠹᠦᠶᠠᠩ︾ ᠠᠵᠢᠯᠯᠠᠬᠤ ᠲᠠᠰᠤᠭ᠂ ︽ᠠᠢ ᠹᠦᠶᠠᠩ︾ ᠣᠬᠤᠷ ᠸᠢᠳᠢᠣ᠋ ᠶᠢᠨ ᠠᠵᠢᠯᠯᠠᠬᠤ ᠲᠠᠰᠤᠭ᠂ ︽ᠷᠠᠳᠢᠣ᠋ ᠲᠧᠯᠸᠢᠰ ᠤᠨ ᠰᠢᠭᠤᠳ ᠨᠡᠪᠲᠡᠷᠡᠭᠦᠯᠭᠡ︾ ᠵᠡᠷᠭᠡ ᠲᠠᠪᠴᠠᠩ ᠤᠨ ᠤᠬᠠᠭᠤᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠬᠤᠷ ᠸᠢᠳᠢᠣ᠋᠂ ᠲᠤᠬᠠᠢ ᠶᠢᠨ ᠲᠠᠯᠠᠪᠠᠢ ᠶᠢᠨ ᠰᠢᠭᠤᠳ ᠨᠡᠪᠲᠡᠷᠡᠭᠦᠯᠭᠡ ᠵᠡᠷᠭᠡ ᠢᠨᠲ᠋ᠧᠷ ᠰᠦᠯᠵᠢᠶᠡᠨ ᠤ ᠠᠭᠤᠰᠤᠯᠴᠠᠯ ᠤᠨ ᠤᠬᠠᠭᠤᠯᠭ᠎ᠠ ᠶᠢᠨ ᠬᠡᠯᠪᠡᠷᠢ ᠶᠢ ᠠᠰᠢᠭᠯᠠᠵᠤ᠂ ᠴᠢᠬᠤᠯᠠ ᠶᠡᠭᠡ ᠠᠵᠢᠯᠯᠠᠭ᠎ᠠ ᠶᠢᠨ ᠤᠬᠠᠭᠤᠯᠭ᠎ᠠ ᠮᠡᠳᠡᠭᠡᠯᠡᠯ ᠢ ᠲᠠᠰᠤᠷᠠᠯᠲᠠ ᠦᠭᠡᠢ ᠰᠢᠨ᠎ᠡ ᠭᠡᠷᠡᠯ ᠭᠢᠯᠪᠠᠭ᠎ᠠ ᠲᠠᠢ ᠪᠣᠯᠭᠠᠪᠠ᠃ ᠵᠢᠱᠢᠶᠡᠯᠡᠪᠡᠯ᠂ ᠹᠦᠶᠠᠩ ᠤᠨ ᠮᠠᠷᠠᠽᠤᠨ᠂ ᠹᠦᠶᠠᠩ ᠤᠨ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠵᠡᠷᠭᠡ ᠴᠢᠬᠤᠯᠠ ᠶᠡᠭᠡ ᠠᠵᠢᠯᠯᠠᠭ᠎ᠠ ᠶᠢᠨ ᠤᠬᠠᠭᠤᠯᠭ᠎ᠠ ᠮᠡᠳᠡᠭᠡᠯᠡᠯ ᠤᠨ ᠲᠣᠭᠤᠷᠢᠨ ᠳᠤ᠂ ᠤᠳᠠᠭ᠎ᠠ ᠪᠦᠷᠢ ᠶᠢᠨ ᠨᠡᠶᠢᠲᠡᠯᠡᠭᠰᠡᠨ ᠠᠩᠬᠠᠨ ᠤ ᠡᠭᠦᠳᠦᠯᠲᠡ ᠶᠢᠨ ᠸᠢᠳᠢᠤ᠋ ᠨᠢ ᠴᠥᠮ 50 ᠵᠤᠷᠪᠤᠰ ᠠᠴᠠ ᠳᠡᠭᠡᠭᠰᠢ ᠪᠠᠶᠢᠵᠤ᠂ ᠶᠡᠷᠦᠩᠬᠡᠶᠢᠯᠡᠭᠰᠡᠨ ᠲᠣᠭᠠᠴᠢᠯᠲᠠ ᠶᠢᠨ ᠲᠥᠷᠥᠯ ᠤᠨ ᠣᠬᠤᠷ ᠸᠢᠳᠢᠣ᠋᠂ ᠮᠡᠳᠡᠭᠡ ᠵᠠᠩᠭᠢ ᠶᠢᠨ ᠲᠥᠷᠥᠯ ᠤᠨ ᠪᠢᠴᠢᠯ ᠸᠢᠳᠢᠣ᠋᠂ ᠭᠠᠳᠠᠭᠠᠳᠤ ᠶᠢᠨ ᠵᠣᠴᠢᠳ ᠢ ᠰᠤᠷᠪᠤᠯᠵᠢᠯᠠᠨ ᠶᠠᠷᠢᠯᠴᠠᠬᠤ᠂ VLOG ᠵᠡᠷᠭᠡ ᠪᠠᠶᠢᠵᠤ᠂ ᠶᠡᠷᠦᠩᠬᠡᠶ ᠤᠷᠤᠰᠴᠠ ᠶᠢᠨ ᠬᠡᠮᠵᠢᠶ᠎ᠡ 300 ᠲᠦᠮᠡ ᠶᠢ ᠳᠠᠪᠠᠵᠤ᠂ ᠢᠳᠡᠪᠬᠢ ᠬᠦᠴᠦᠨ ᠢᠶᠠᠷ ᠶᠡᠭᠡ ᠤᠷᠤᠰᠴᠠ ᠶᠢᠨ ᠬᠡᠮᠵᠢᠶ᠎ᠡ ᠶᠢ ᠬᠥᠲᠥᠯᠥᠨ ᠳᠠᠭᠠᠭᠤᠯᠪᠠ᠃ 2024 ᠣᠨ ᠤ 1 ᠠᠴᠠ 6 ᠳ᠋ᠤᠭᠠᠷ ᠰᠠᠷ᠎ᠠ ᠪᠣᠯᠲᠠᠯ᠎ᠠ᠂ ᠲᠧᠯᠸᠢᠰ ᠤᠨ ᠭᠠᠳᠠᠭᠠᠳᠤ ᠤᠬᠠᠭᠤᠯᠭ᠎ᠠ ᠮᠤᠵᠢ ᠳᠤ 379 ᠬᠤᠪᠢ ᠡᠬᠡ ᠪᠢᠴᠢᠭ ᠲᠠᠷᠬᠠᠭᠠᠵᠤ᠂ ᠶᠡᠷᠦᠩᠬᠡᠢ ᠬᠤᠪᠢ ᠨᠢ 1425 ᠪᠠᠶᠢᠵᠤ᠂ ᠪᠦᠬᠦ ᠮᠤᠵᠢ ᠶᠢᠨ ᠨᠢᠭᠡᠳᠦᠭᠡᠷ ᠪᠠᠶᠢᠷᠢ ᠶᠢ ᠪᠠᠲᠤ ᠡᠵᠡᠯᠡᠪᠡ᠃ ᠲᠥᠪ ᠲᠧᠯᠸᠢᠰ ᠤᠨ ᠡᠬᠡ ᠪᠢᠴᠢᠭ 80 ᠵᠤᠷᠪᠤᠰ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠲᠦᠪᠰᠢᠨ ᠠᠴᠠ ᠶᠡᠭᠡ ᠪᠠᠷ ᠳᠠᠪᠠᠪᠠ᠂ ᠡᠭᠦᠨ ᠳᠤ ︽ᠰᠣᠨᠢᠨ ᠮᠡᠳᠡᠭᠡᠨ ᠤ ᠨᠡᠪᠲᠡᠷᠡᠭᠦᠯᠭᠡ︾ ᠶᠢᠨ ᠡᠬᠡ ᠪᠢᠴᠢᠭ 20 ᠵᠤᠷᠪᠤᠰ᠂ ᠵᠢᠶᠤᠤ ᠳᠢᠶᠠᠨ ᠹᠠᠩ ᠲᠠᠨ 2 ᠵᠤᠷᠪᠤᠰ᠂ ᠳ᠋ᠥᠩ ᠹᠠᠩ ᠱᠢ ᠺᠥᠩ 10 ᠵᠤᠷᠪᠤᠰ ᠪᠠᠶᠢᠨ᠎ᠠ᠃  ᠬᠤᠶᠠᠷ᠂ ᠮᠡᠷᠭᠡᠵᠢᠯ ᠤᠨ ᠰᠢᠨ᠎ᠡ ᠶᠢ ᠡᠭᠦᠳᠴᠦ᠂ ᠲᠠᠪᠴᠠᠩ ᠢᠶᠠᠷ ᠬᠦᠴᠦᠨ ᠨᠡᠮᠡᠷᠢᠯᠡᠬᠦ ᠶᠢ ᠳᠡᠭᠡᠳᠦ ᠳᠣᠣᠷᠠᠳᠤ ᠱᠠᠲᠤ ᠪᠠᠷ ᠨᠡᠪᠲᠡᠷᠡᠭᠦᠯᠪᠡ  ᠹᠦᠶᠠᠩ ᠬᠤᠲᠠ ᠶᠢᠨ ᠬᠤᠷᠢᠶ᠎ᠠ ᠶᠢ 2022 ᠣᠨ ᠤ ᠲᠥᠪ ᠤᠨ ᠤᠬᠠᠭᠤᠯᠬᠤ ᠬᠡᠯᠲᠡᠰ ᠤᠨ ᠬᠤᠲᠠ ᠶᠢᠨ ᠲᠠᠰ ᠤᠨ ᠬᠠᠮ ᠵᠠᠭᠤᠴᠢᠯᠠᠭᠤᠷ ᠤᠨ ᠲᠥᠪ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠲᠤ ᠵᠢᠭᠰᠠᠭᠠᠨ ᠣᠷᠣᠭᠤᠯᠵᠤ᠂ ᠬᠠᠮ ᠵᠠᠭᠤᠴᠢᠯᠠᠭᠤᠷ ᠤᠨ ᠲᠥᠪ ᠤᠨ ᠣᠶᠤᠨᠴᠢ ᠵᠠᠭᠤᠴᠢᠯᠠᠭᠤᠷ ᠤᠨ ᠲᠥᠪ ᠤᠨ ᠲᠥᠷᠥᠯ ᠵᠦᠢᠯ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠨᠢ ᠡᠭᠦᠯᠡᠨ ᠶᠤᠸᠠᠨ ᠱᠧᠩ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠲᠡᠷᠢᠭᠦᠨ ᠤ ᠮᠡᠷᠭᠡᠵᠢᠯ ᠳᠤ ᠰᠠᠭᠤᠷᠢᠯᠠᠭᠰᠠᠨ ᠪᠢᠴᠢᠯ ᠦᠢᠯᠡᠴᠢᠯᠡᠭᠡᠨ ᠤ ᠬᠡᠯᠪᠡᠷᠢ ᠶᠢᠨ ᠲᠠᠪᠴᠠᠩ ᠢ ᠪᠠᠶᠢᠭᠤᠯᠵᠤ᠂ ᠹᠦᠶᠠᠩ ᠡᠳᠦᠷ ᠤᠨ ᠰᠣᠨᠢᠨ ᠤ ᠬᠤᠷᠢᠶ᠎ᠠ᠂ ᠹᠦᠶᠠᠩ ᠷᠠᠳᠢᠣ᠋ ᠲᠧᠯᠸᠢᠰ ᠬᠤᠷᠢᠶ᠎ᠠ ᠵᠡᠷᠭᠡ ᠣᠲᠣ ᠶᠢᠨ ᠪᠠᠶᠢᠭ᠎ᠠ ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ 2022 ᠣᠨ ᠤ 9 ᠳ᠋ᠦ᠋ᠭᠡᠷ ᠰᠠᠷ᠎ᠠ ᠠᠴᠠ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠳᠡᠮᠵᠢᠨ᠂ ︽ᠳᠥᠷᠪᠡᠨ ᠲᠥᠪ ᠬᠤᠶᠠᠷ ᠲᠠᠪᠴᠠᠩ︾ ᠤᠨ ᠪᠦᠬᠦᠯᠢ ᠴᠣᠭᠴᠠ ᠶᠢᠨ ᠪᠠᠶᠢᠷᠢᠰᠢᠯ ᠢ ᠪᠣᠶ ᠪᠣᠯᠭᠠᠪᠠ᠃ ᠲᠥᠷᠥᠯ ᠵᠦᠢᠯ ᠤᠨ ᠪᠠᠶᠢᠭᠤᠯᠤᠯᠲᠠ ᠨᠢ ᠹᠦᠶᠠᠩ ᠬᠤᠲᠠ ᠶᠢᠨ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠢᠨ᠎ᠡ ᠵᠠᠭᠤᠴᠢᠯᠠᠭᠤᠷ᠂ ᠰᠦᠯᠵᠢᠶ᠎ᠡ᠂ ᠬᠡᠷᠡᠭᠯᠡᠭᠴᠢ ᠶᠢᠨ ᠦᠵᠦᠭᠦᠷ ᠵᠡᠷᠭᠡ ᠠᠳᠠᠯᠢ ᠪᠤᠰᠤ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠢ ᠲᠦᠰᠦᠪᠯᠡᠬᠦ᠂ ᠴᠤᠭᠯᠠᠭᠤᠯᠬᠤ᠂ ᠨᠠᠶᠢᠷᠠᠭᠤᠯᠬᠤ᠂ ᠬᠢᠨᠠᠬᠤ᠂ ᠲᠠᠷᠬᠠᠭᠠᠬᠤ᠂ ᠦᠨᠡᠯᠡᠬᠦ᠂ ᠡᠵᠡᠩᠨᠡᠬᠦ ᠵᠡᠷᠭᠡ ᠶᠠᠪᠤᠴᠠ ᠶᠢᠨ ᠭᠦᠨᠵᠡᠭᠡᠶ ᠠᠭᠤᠰᠤᠯᠴᠠᠯ ᠢ ᠪᠡᠶᠡᠯᠡᠭᠦᠯᠬᠦ ᠪᠣᠯᠤᠨ᠎ᠠ᠃ ᠣᠳᠣᠬᠠᠨ ᠳᠤ᠂ ᠹᠦᠶᠠᠩ ᠷᠠᠳᠢᠣ᠋ ᠲᠧᠯᠸᠢᠰ ᠬᠤᠷᠢᠶ᠎ᠠ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠣᠶᠤᠨᠴᠢ ᠵᠠᠭᠤᠴᠢᠯᠠᠭᠤᠷ ᠤᠨ ᠲᠠᠪᠴᠠᠩ ᠤᠨ ᠪᠠᠶᠢᠭᠤᠯᠤᠯᠲᠠ ᠶᠢᠨ ᠠᠯᠬᠤᠴᠠ ᠶᠢ ᠲᠠᠰᠤᠷᠠᠯᠲᠠ ᠥᠬᠡᠶ ᠲᠦᠷᠭᠡᠳᠬᠡᠵᠦ᠂ ᠴᠤᠭᠯᠠᠭᠤᠯᠬᠤ ᠨᠠᠶᠢᠷᠠᠭᠤᠯᠬᠤ ᠨᠡᠪᠲᠡᠷᠡᠭᠦᠯᠬᠦ ᠵᠡᠷᠭᠡ ᠠᠵᠢᠯ ᠤᠨ ᠶᠠᠪᠤᠴᠠ ᠶᠢ ᠣᠶᠤᠨᠴᠢ ᠵᠠᠭᠤᠴᠢᠯᠠᠭᠤᠷ ᠳᠤᠮᠳᠠ ᠰᠢᠯᠵᠢᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠬᠤᠲᠠ ᠰᠢᠶᠠᠨ ᠬᠤᠯᠪᠣᠭᠠᠯᠠᠨ ᠬᠥᠳᠡᠯᠦᠯᠴᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ᠂ ᠵᠡᠷᠭᠡ ᠪᠠᠷ ᠤᠬᠠᠭᠠᠯᠠᠨ ᠰᠡᠳᠦᠬᠦ᠂ ᠲᠥᠪᠯᠡᠷᠡᠭᠦᠯᠦᠨ ᠳᠠᠮᠵᠢᠭᠤᠯᠬᠤ᠂ ᠤᠳᠤᠷᠢᠳᠤᠮᠵᠢ ᠶᠢ ᠬᠠᠮᠲᠤ ᠪᠠᠷ ᠡᠵᠡᠮᠳᠡᠬᠦ︾ ᠵᠠᠷᠴᠢᠮ ᠶᠣᠰᠣᠭᠠᠷ᠂ ᠲᠥᠪ ᠲᠣᠭᠤᠭᠠᠨ ᠬᠡᠷ ᠤᠨ ᠨᠢᠭᠡᠳᠦᠯᠲᠡᠶ ᠲᠣᠬᠢᠷᠠᠭᠤᠯᠤᠯᠲᠠ ᠶᠢᠨ ᠬᠡᠪ ᠵᠠᠭᠪᠤᠷ ᠲᠤ ᠲᠦᠰᠢᠭᠯᠡᠨ᠂ ᠰᠣᠨᠢᠨ ᠮᠡᠳᠡᠭᠡᠨ ᠤ ᠠᠭᠤᠯᠭ᠎ᠠ ᠶᠢ ᠨᠢᠭᠡ ᠯᠡ ᠤᠳᠠᠭ᠎ᠠ ᠳᠤ ᠴᠤᠭᠯᠠᠭᠤᠯᠬᠤ᠂ ᠣᠯᠠᠨ ᠤᠳᠠᠭ᠎ᠠ ᠪᠣᠶ ᠪᠣᠯᠭᠠᠬᠤ᠂ ᠣᠯᠠᠨ ᠡᠰᠢᠵᠢᠭᠦᠯᠦᠨ ᠢᠯᠡᠷᠡᠭᠦᠯᠬᠦ ᠶᠢ ᠪᠡᠶᠡᠯᠡᠭᠦᠯᠪᠡ᠃ ᠳᠣᠷᠣᠭᠰᠢ 5 ᠰᠢᠶᠠᠨ ᠤ ᠬᠠᠮ ᠵᠠᠭᠤᠴᠢᠯᠠᠭᠤᠷ ᠤᠨ ᠲᠥᠪ ᠲᠠᠢ ᠭᠦᠨᠵᠡᠭᠡᠶ ᠨᠡᠪᠲᠡᠷᠡᠯᠴᠡᠵᠦ ᠂ ᠴᠢᠨᠠᠷ ᠰᠠᠶᠢᠲᠠᠶ ᠡᠬᠢ ᠪᠠᠶᠠᠯᠢᠭ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠥᠳᠡᠯᠦᠯᠴᠡᠵᠦ᠂ ᠬᠠᠷᠢᠶ᠎ᠠ ᠣᠷᠣᠨ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠹᠦᠶᠠᠩ ᠤᠨ ᠰᠠᠶᠢᠨ ᠳᠠᠭᠤᠨ ᠢ ᠳᠠᠮᠵᠢᠭᠤᠯᠬᠤ ︽ᠬᠠᠮ ᠵᠠᠭᠤᠴᠢᠯᠠᠭᠤᠷ ᠤᠨ ᠵᠢᠭᠰᠠᠭᠠᠯ︾ ᠢ ᠪᠣᠶ ᠪᠣᠯᠭᠠᠪᠠ᠃ ᠳᠡᠭᠡᠳᠦ ᠱᠠᠲᠤ ᠨᠢ ᠲᠥᠪ᠂ ᠮᠤᠵᠢ ᠶᠢᠨ ᠱᠠᠲᠤᠨ ᠤ ᠵᠠᠭᠤᠴᠢᠯᠠᠭᠤᠷ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠨ᠂ ᠲᠥᠪ᠂ ᠮᠤᠵᠢ ᠶᠢᠨ ᠰᠣᠨᠢᠨ ᠮᠡᠳᠡᠭᠡᠨ ᠤ ᠪᠣᠷᠣ ᠮᠠᠲ᠋ᠧᠷᠢᠶᠠᠯ ᠤᠨ ᠬᠥᠮᠥᠷᠭᠡ ᠪᠠ ᠰᠣᠨᠢᠨ ᠮᠡᠳᠡᠭᠡᠨ ᠤ ᠦᠢᠯᠡᠳᠪᠦᠷᠢᠯᠡᠯ ᠤᠨ ᠬᠡᠯᠬᠢᠶ᠎ᠡ ᠶᠢ ᠪᠦᠷᠢᠯᠳᠦᠭᠦᠯᠵᠦ᠂ ᠳᠡᠭᠡᠳᠦ ᠱᠠᠲᠤᠨ ᠤ ᠵᠠᠭᠤᠴᠢᠯᠠᠭᠤᠷ ᠲᠤ ᠰᠠᠨᠠᠭᠠᠴᠢᠯᠠᠭ᠎ᠠ ᠠᠴᠠ ᠪᠠᠨ ᠡᠬᠡ ᠪᠢᠴᠢᠭ ᠬᠠᠩᠭᠠᠵᠤ᠂ ᠹᠦᠶᠠᠩ ᠤᠨ ᠭᠠᠳᠠᠭᠠᠳᠤ ᠳᠤ ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠪᠡ᠃  ᠭᠤᠷᠪᠠ᠂ ᠲᠣᠭᠲᠠᠴᠠ ᠶᠢᠨ ᠰᠢᠨ᠎ᠡ ᠶᠢ ᠡᠭᠦᠳᠴᠦ᠂ ᠠᠮᠢᠵᠢᠷᠠᠯ ᠤᠨ ᠬᠦᠴᠦᠨ ᠢ ᠬᠦᠭᠵᠢᠭᠦᠯᠦᠨ ᠲᠡᠷᠢᠭᠦᠨ ᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠠᠬᠢᠭᠤᠯᠪᠠ  ᠺᠠᠳ᠋ᠷ ᠠᠵᠢᠯᠲᠠᠨ ᠠᠵᠢᠯᠴᠢᠨ ᠤ ᠴᠢᠷᠮᠠᠶᠢᠨ ᠲᠡᠮᠡᠴᠡᠵᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠤᠨ ᠵᠢᠯᠣᠭᠤᠳᠬᠤ ᠶᠢᠨ ᠲᠥᠯᠥᠭᠡ᠂ ᠹᠦᠶᠠᠩ ᠤᠨ ᠷᠠᠳᠢᠣ᠋ ᠲᠧᠯᠸᠢᠰ ᠬᠤᠷᠢᠶ᠎ᠠ ᠰᠢᠨ᠎ᠡ ᠶᠢ ᠡᠭᠦᠳᠴᠦ ᠰᠢᠯᠭᠠᠨ ᠬᠢᠨᠠᠵᠤ ᠤᠷᠮᠠᠰᠢᠭᠤᠯᠬᠤ ᠳᠦᠷᠢᠮ ᠢᠶᠠᠨ ᠲᠠᠰᠤᠷᠠᠯᠲᠠ ᠦᠭᠡᠢ ᠥᠭᠡᠷᠡᠴᠢᠯᠡᠵᠦ᠂ ᠤᠷᠢᠳ ᠬᠤᠵᠢᠳ ︽ᠹᠦᠶᠠᠩ ᠤᠨ ᠷᠠᠳᠢᠣ᠋ ᠲᠧᠯᠸᠢᠰ ᠬᠤᠷᠢᠶ᠎ᠠ ᠶᠢᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠬᠠᠷᠠᠯᠲᠠ ᠶᠢ ᠤᠬᠠᠭᠤᠯᠬᠤ ᠲᠥᠰᠦᠯ︾᠂ ︽ᠹᠦᠶᠠᠩ ᠤᠨ ᠷᠠᠳᠢᠣ᠋ ᠲᠧᠯᠸᠢᠰ ᠬᠤᠷᠢᠶ᠎ᠠ ᠶᠢᠨ ᠠᠵᠢᠯᠲᠠᠨ ᠤ ᠴᠠᠯᠢᠩ ᠬᠥᠯᠥᠰᠦ ᠶᠢ ᠬᠤᠪᠢᠶᠠᠷᠢᠯᠠᠬᠤ ᠲᠦᠷ ᠬᠡᠷᠡᠭᠵᠢᠭᠦᠯᠬᠦ ᠠᠷᠭ᠎ᠠ︾᠂ ︽ᠹᠦᠶᠠᠩ ᠤᠨ ᠷᠠᠳᠢᠣ᠋ ᠲᠧᠯᠸᠢᠰ ᠬᠤᠷᠢᠶ᠎ᠠ ᠶᠢᠨ ᠡᠬᠡ ᠪᠢᠴᠢᠭ ᠣᠯᠭᠤᠬᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾᠂ ︽ᠹᠦᠶᠠᠩ ᠤᠨ ᠷᠠᠳᠢᠣ᠋ ᠲᠧᠯᠸᠢᠰ ᠬᠤᠷᠢᠶ᠎ᠠ ᠶᠢᠨ ᠠᠵᠤ ᠠᠬᠤᠶᠢᠯᠠᠯ ᠠᠴᠠ ᠤᠷᠢᠭᠰᠠᠨ ᠬᠥᠮᠦᠰ ᠤᠨ ᠰᠠᠭᠤᠷᠢ ᠴᠠᠯᠢᠩ ᠤᠨ ᠳᠡᠰ ᠳᠡᠪᠰᠢᠬᠦ ᠬᠢᠨᠠᠨ ᠰᠢᠯᠭᠠᠬᠤ ᠠᠷᠭ᠎ᠠ︾ ᠵᠡᠷᠭᠡ ᠬᠢᠨᠠᠨ ᠰᠢᠯᠭᠠᠬᠤ ᠳᠦᠷᠢᠮ ᠢ ᠲᠣᠭᠲᠠᠭᠠᠨ ᠨᠡᠶᠢᠲᠡᠯᠡᠪᠡ᠃ ᠡᠯ᠎ᠡ ᠤᠬᠠᠭᠤᠯᠭ᠎ᠠ ᠶᠢᠨ ᠲᠠᠪᠴᠠᠩ ᠤᠨ ᠰᠣᠨᠢᠨ ᠮᠡᠳᠡᠭᠡᠨ ᠤ ᠰᠢᠯᠢᠳᠡᠭ ᠢ ᠡᠭᠦᠳᠬᠦ᠂ ᠲᠠᠪᠴᠠᠩ ᠤᠨ ᠲᠣᠭᠤᠰᠣᠨ ᠤ ᠲᠤᠭ᠎ᠠ ᠬᠡᠮᠵᠢᠶ᠎ᠡ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠵᠡᠷᠭᠡ ᠳᠤ ᠤᠯᠠᠷᠢᠯ ᠢᠶᠠᠷ ᠬᠢᠨᠠᠨ ᠰᠢᠯᠭᠠᠵᠤ ᠮᠡᠳᠡᠭᠡᠯᠡᠬᠦ ᠲᠣᠭᠲᠠᠴᠠ ᠶᠢ ᠬᠡᠷᠡᠭᠵᠢᠭᠦᠯᠬᠦ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠲᠣᠰ ᠵᠢᠯ ᠤᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠰᠢᠯᠭᠠᠨ ᠦᠨᠡᠯᠡᠬᠦ ᠪᠠ ᠬᠤᠪᠢ ᠬᠥᠮᠦᠨ ᠤ ᠠᠮᠵᠢᠯᠲᠠ ᠪᠦᠲᠦᠮᠵᠢ ᠳᠤ ᠣᠷᠣᠭᠤᠯᠵᠤ᠂ ᠪᠥᠬᠦ ᠠᠵᠢᠯᠲᠠᠨ ᠠᠵᠢᠯᠴᠢᠨ ᠤ ᠠᠵᠢᠯ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ ᠢᠯᠡ ᠲᠣᠳᠣ ᠤᠳᠤᠷᠢᠳᠤᠮᠵᠢ ᠶᠢ ᠦᠨᠡᠨ ᠬᠦ ᠪᠣᠶ ᠪᠣᠯᠭᠠᠵᠤ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠷᠠᠳᠢᠣ᠋ ᠲᠧᠯᠸᠢᠰ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠰᠢᠯᠢᠳᠡᠭ ᠢ ᠡᠭᠦᠳᠬᠦ ᠠᠵᠢᠯ ᠰᠢᠯᠢᠳᠡᠭ ᠠᠮᠵᠢᠯᠲᠠ ᠤᠯᠪᠠ᠃ 2021 ᠣᠨ ᠠᠴᠠ 2024 ᠣᠨ ᠪᠣᠯᠲᠠᠯ᠎ᠠ᠂ ᠠᠨᠾᠦ᠋ᠢ ᠶᠢᠨ ᠷᠠᠳᠢᠣ᠋ ᠲᠧᠯᠸᠢᠰ ᠤᠨ ᠰᠢᠯᠢᠳᠡᠭ ᠪᠦᠲᠦᠭᠡᠯ ᠨᠡᠶᠢᠲᠡ 87 ᠬᠤᠪᠢ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 17 ᠬᠤᠪᠢ᠂ ᠬᠤᠶᠠᠳᠤᠭᠠᠷ ᠳᠡᠰ ᠤᠨ ᠱᠠᠩᠨᠠᠯ 30 ᠬᠤᠪᠢ᠂ ᠭᠤᠷᠪᠠᠳᠤᠭᠠᠷ ᠳᠡᠰ ᠤᠨ ᠱᠠᠩᠨᠠᠯ 40 ᠬᠤᠪᠢ ᠪᠣᠶ᠃ ︽ᠠᠨᠾᠦ᠋ᠢ ᠶᠢᠨ ᠭᠤᠶᠤ ᠰᠠᠶᠢᠬᠠᠨ ᠤ ᠢᠯᠡᠷᠡᠭᠦᠯᠦᠯᠲᠡ — ᠵᠠᠭᠤᠨ ᠲᠣᠰᠬᠤᠨ ᠤ ᠲᠡᠮᠳᠡᠭᠯᠡᠯ ᠤᠨ ᠲᠥᠯᠥᠪᠯᠡᠭᠡ︾ ᠶᠢᠨ ᠰᠢᠯᠢᠳᠡᠭ ᠪᠠᠷᠢᠮᠲᠠᠲᠤ ᠺᠢᠨᠣ᠋ ︽ᠬᠡᠷᠪᠡ ᠮᠣᠳᠤ ᠦᠭᠡ ᠬᠡᠯᠡᠵᠦ ᠴᠢᠳᠠᠳᠠᠭ ᠪᠠᠶᠢᠭᠰᠠᠨ ᠪᠣᠯ︾ ᠨᠢ ᠠᠨᠾᠦ᠋ᠢ ᠮᠤᠵᠢ ᠶᠢᠨ ᠲᠤᠰᠬᠠᠶ ᠣᠷᠣᠨ ᠤ ᠳᠡᠰ ᠤᠨ ᠬᠤᠲᠠ ᠶᠢᠨ ᠬᠤᠷᠢᠶᠠᠨ ᠤ ᠪᠠᠷᠢᠮᠲᠠᠲᠤ ᠺᠢᠨᠣ᠋ ᠪᠣᠯᠤᠭᠰᠠᠨ ᠤ ᠬᠤᠪᠢ ᠳᠤ᠂ ᠠᠩᠬ᠎ᠠ ᠤᠳᠠᠭ᠎ᠠ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠪᠦᠯᠦᠭᠯᠡᠯ ᠤᠨ 2021 — 2022 ᠣᠨ ᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠶᠡᠭᠡ ᠱᠠᠩᠨᠠᠯ ᠤᠨ ᠲᠠᠨᠢᠯᠴᠠᠭᠤᠯᠭ᠎ᠠ ᠶᠢᠨ ᠪᠦᠲᠦᠭᠡᠯ ᠢᠶᠠᠷ ᠰᠣᠩᠭᠤᠭᠳᠠᠭᠰᠠᠨ ᠪᠥᠭᠡᠳ ᠪᠠᠰᠠ ᠴᠤ ᠮᠠᠨ ᠤ ᠮᠤᠵᠢ ᠶᠢᠨ ᠴᠤᠷ ᠤᠨ ᠭᠠᠭᠴᠠ ᠲᠣᠰ ᠢᠷᠠᠭᠤ ᠠᠯᠳᠠᠷ ᠢ ᠭᠥᠷᠳᠡᠭᠰᠡᠨ ᠲᠤᠰᠬᠠᠶ ᠣᠷᠣᠨ ᠤ ᠳᠡᠰ ᠤᠨ ᠬᠤᠲᠠ ᠶᠢᠨ ᠲᠧᠯᠸᠢᠰ ᠬᠤᠷᠢᠶ᠎ᠠ ᠪᠣᠯᠤᠨ᠎ᠠ᠃ ᠷᠠᠳᠢᠣ᠋ ᠵᠦᠴᠦᠭᠡ ︽ᠬᠠᠶᠢᠷ᠎ᠠ ᠪᠢᠯᠬᠠᠭᠰᠠᠨ ᠨᠣᠭᠤᠭᠠᠨ ᠬᠥᠨᠳᠡᠢ︾ ᠨᠢ 23 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠷᠠᠳᠢᠣ᠋ ᠵᠦᠴᠦᠭᠡ ᠶᠢᠨ ᠰᠤᠳᠤᠯᠭᠠᠨ ᠤ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠤ ᠱᠠᠩᠨᠠᠯ ︵ᠰᠢᠯᠢᠳᠡᠭ ᠱᠠᠩᠨᠠᠯ︶ ᠢ ᠬᠦᠷᠲᠡᠪᠡ᠃ ᠪᠠᠷᠢᠮᠲᠠᠲᠤ ᠺᠢᠨᠣ᠋ ︽ᠪᠤᠭᠤᠳᠠᠢ ᠪᠣᠯᠪᠠᠰᠤᠷᠠᠬᠤ ᠴᠠᠭ ᠲᠤ︾᠂ ︽ᠯᠦᠩ ᠬᠤ᠋ ᠽᠦᠨ︾ ᠵᠢᠴᠢ ᠪᠠᠭᠠᠴᠤᠳ ᠬᠡᠦᠬᠡᠳ ᠤᠨ ᠲᠧᠯᠸᠢᠰ ᠫᠷᠤᠭ᠍ᠷᠠᠮ ︽ᠲᠠᠷᠢᠶᠠᠨ ᠠᠷᠴᠢᠭᠤᠷ︾ ᠨᠢ ᠠᠨᠾᠦ᠋ᠢ ᠮᠤᠵᠢ ᠶᠢᠨ ᠰᠢᠯᠢᠳᠡᠭ ᠪᠦᠲᠦᠭᠡᠯ ᠪᠣᠯᠤᠭᠰᠠᠨ ᠤ ᠬᠤᠪᠢ ᠪᠠᠷ 28 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠲᠧᠯᠸᠢᠰ ᠤᠳᠬ᠎ᠠ ᠤᠷᠠᠯᠢᠭ ᠤᠨ ︽ᠰᠢᠩ ᠭᠤᠸᠠᠩ ᠱᠠᠩᠨᠠᠯ︾ ᠢ ᠬᠦᠷᠲᠡᠪᠡ︔ ︽ᠪᠤᠭᠤᠳᠠᠢ ᠪᠣᠯᠪᠠᠰᠤᠷᠠᠬᠤ ᠴᠠᠭ ᠲᠤ︾ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠳᠥᠷᠪᠡᠳᠦᠭᠡᠷ ᠤᠯᠠᠷᠢᠯ ᠤᠨ ᠤᠯᠤᠰ ᠲᠤ ᠪᠠᠨ ᠦᠢᠯᠡᠳᠪᠦᠷᠢᠯᠡᠭᠰᠡᠨ ᠰᠢᠯᠢᠳᠡᠭ ᠪᠠᠷᠢᠮᠲᠠᠲᠤ ᠺᠢᠨᠣ᠋  ᠪᠠᠷ ᠰᠣᠩᠭᠤᠭᠳᠠᠵᠤ᠂ 34 ᠳ᠋ᠦ᠋ᠭᠡᠷ ᠬᠤᠭᠤᠴᠠᠭᠠᠨ ᠤ ᠳᠤᠮᠳᠠᠳᠤ ᠤᠯᠤᠰ ᠤᠨ ᠰᠣᠨᠢᠨ ᠮᠡᠳᠡᠭᠡᠨ ᠤ ᠱᠠᠩᠨᠠᠯ ᠳᠤ ᠣᠷᠣᠯᠴᠠᠬᠤ ᠪᠠᠷ ᠲᠠᠨᠢᠯᠴᠠᠭᠤᠯᠵᠠᠢ᠃  ᠳᠥᠷᠪᠡ᠂ ᠴᠢᠳᠠᠮᠵᠢ ᠶᠢᠨ ᠰᠢᠨ᠎ᠡ ᠶᠢ ᠡᠭᠦᠳᠴᠦ᠂ ᠬᠡᠷᠡᠭᠴᠡᠭᠡ ᠱᠠᠭᠠᠷᠳᠠᠯᠭ᠎ᠠ ᠳᠤ ᠣᠶᠢᠷᠠᠲᠤᠵᠤ ᠣᠯᠠᠨ ᠶᠠᠩᠵᠤᠴᠢᠯᠠᠭᠰᠠᠨ ᠦᠢᠯᠡᠴᠢᠯᠡᠭᠡ ᠶᠢ ᠰᠠᠶᠢᠲᠤᠷ ᠬᠢᠪᠡ  1. ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠷᠠᠳᠢᠣ᠋ ᠲᠧᠯᠸᠢᠰ ᠢᠶᠠᠷ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠪᠠᠷᠢᠮᠲᠠᠯᠠᠵᠤ᠂ ᠵᠠᠭᠤᠴᠢᠯᠠᠭᠤᠷ ᠤᠨ ᠠᠭᠤᠰᠤᠯᠴᠠᠯ ᠤᠨ ᠰᠠᠭᠤᠷᠢᠨ ᠳᠡᠭᠡᠷ᠎ᠡ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠹᠦᠶᠠᠩ ᠤᠨ ᠨᠤᠲᠤᠭ ᠤᠨ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠪᠠ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠳᠤ ᠴᠢᠭᠯᠡᠭᠦᠯᠦᠨ᠂ ᠴᠢᠨᠠᠷ ᠰᠠᠶᠢᠲᠠᠢ ᠷᠠᠳᠢᠣ᠋ ᠲᠧᠯᠸᠢᠰ ᠤᠨ ᠫᠷᠤᠭ᠍ᠷᠠᠮ ᠢᠶᠠᠷ ᠲᠤᠬᠠᠢ ᠶᠢᠨ ᠭᠠᠵᠠᠷ ᠤᠨ ᠤᠳᠤ ᠦᠶ᠎ᠡ ᠶᠢᠨ ᠬᠥᠳᠡᠭᠡ ᠠᠵᠤ ᠠᠬᠤᠢ ᠳᠤ ᠵᠢᠭᠦᠷ ᠤᠷᠭᠤᠭᠤᠯᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠲᠠᠯᠠᠪᠠᠢ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠠᠳᠠᠭᠰᠢ ᠭᠠᠷᠬᠤ ᠶᠢ ᠲᠠᠶᠢᠴᠢᠯᠠᠵᠤ᠂ ᠰᠠᠶᠢᠨ ᠦᠷ᠎ᠡ ᠪᠦᠲᠦᠮᠵᠢ ᠤᠯᠪᠠ᠃ 2023 ᠣᠨ ᠳᠤ᠂ ᠹᠦᠶᠠᠩ ᠤᠨ ᠷᠠᠳᠢᠣ᠋ ᠲᠧᠯᠸᠢᠰ ᠬᠤᠷᠢᠶ᠎ᠠ ︽ᠲᠠᠷᠢᠶᠠᠨ ᠠᠷᠴᠢᠭᠤᠷ︾ ᠢ ᠰᠤᠳᠤᠯᠤᠨ ᠨᠡᠭᠡᠭᠡᠵᠦ᠂ ᠪᠠᠭᠠᠴᠤᠳ ᠬᠡᠦᠬᠡᠳ ᠤᠨ ᠲᠠᠷᠢᠶᠠᠯᠠᠬᠤ ᠣᠶᠢᠯᠠᠭᠠᠯᠲᠠ ᠶᠢ ᠲᠡᠮᠳᠡᠭᠯᠡᠬᠦ ᠠᠷᠭ᠎ᠠ ᠬᠡᠯᠪᠡᠷᠢ ᠪᠠᠷ ᠹᠦᠶᠠᠩ ᠤᠨ ᠡᠯᠪᠡᠭ ᠪᠠᠶᠠᠯᠢᠭ ᠲᠠᠷᠢᠶᠠᠯᠠᠩ ᠤᠨ ᠪᠦᠲᠦᠭᠡᠭᠳᠡᠬᠦᠨ ᠪᠠ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠳᠡᠯᠭᠡᠨ ᠦᠵᠡᠭᠦᠯᠪᠡ᠃ ᠫᠷᠦᠭᠷᠠᠮ ᠨᠢ ᠪᠥᠬᠦ ᠰᠦᠯᠵᠢᠶᠡᠨ ᠤ ᠨᠡᠪᠲᠡᠷᠡᠭᠦᠯᠭᠡ ᠶᠢᠨ ᠲᠠᠪᠴᠠᠩ ᠤᠨ ᠡᠬᠢ ᠪᠠᠶᠠᠯᠢᠭ ᠢ ᠢᠳᠡᠪᠬᠢᠲᠡᠶ ᠲᠡᠮᠡᠴᠡᠨ ᠣᠯᠵᠤ᠂ ᠴᠢᠨᠠᠷ ᠰᠠᠶᠢᠲᠠᠶ ᠫᠷᠤᠭ᠍ᠷᠠᠮ ᠤᠨ ᠠᠭᠤᠯᠭ᠎ᠠ ᠪᠠᠷ ᠤᠯᠤᠰ ᠤᠨ ᠳᠣᠲᠣᠭᠠᠳᠤ ᠶᠢᠨ ᠲᠡᠷᠢᠭᠦᠨ ᠤ ᠸᠢᠳᠢᠣ᠋ ︽ᠠᠢ ᠴᠢ ᠢ︾ ᠶᠢᠨ ᠭᠡᠷ᠎ᠡ ᠲᠣᠭᠲᠠᠵᠤ ᠨᠡᠪᠲᠡᠷᠡᠭᠦᠯᠬᠦ ᠪᠠ ︽ᠠᠷᠠᠳ ᠤᠨ ᠡᠳᠦᠷ ᠤᠨ ᠰᠣᠨᠢᠨ︾ ᠤ ᠬᠡᠷᠡᠭᠯᠡᠭᠴᠢ ᠶᠢᠨ ᠦᠵᠦᠭᠦᠷ ᠤᠨ ᠨᠡᠪᠲᠡᠷᠡᠭᠦᠯᠭᠡ ᠶᠢ ᠣᠯᠵᠤ᠂ ᠹᠦᠶᠠᠩ ᠤᠨ ᠴᠢᠨᠠᠷ ᠰᠠᠶᠢᠲᠠᠶ ᠲᠠᠷᠢᠶᠠᠯᠠᠩ ᠤᠨ ᠡᠬᠢ ᠪᠠᠶᠠᠯᠢᠭ ᠴᠤ ᠴᠢᠨᠠᠷ ᠰᠠᠶᠢᠲᠠᠶ ᠫᠷᠤᠭ᠍ᠷᠠᠮ ᠤᠨ ᠠᠭᠤᠯᠭ᠎ᠠ ᠶᠢ ᠪᠥᠬᠦ ᠤᠯᠤᠰ ᠤᠨ ᠡᠯ᠎ᠡ ᠭᠠᠵᠠᠷ ᠲᠤ ᠬᠦᠷᠲᠡᠯ᠎ᠡ ᠳᠡᠯᠭᠡᠷᠡᠭᠦᠯᠪᠡ᠃ ︽ᠲᠠᠷᠢᠶᠠᠨ ᠠᠷᠴᠢᠭᠤᠷ︾ ᠨᠢ ᠤᠯᠠᠷᠢᠯ ᠢᠶᠠᠷ ᠨᠡᠪᠲᠡᠷᠡᠭᠦᠯᠬᠦ ᠫᠷᠦᠭᠷᠠᠮ ᠪᠣᠯᠣᠨ᠎ᠠ᠃ ᠨᠢᠭᠡᠳᠦᠭᠡᠷ ᠤᠯᠠᠷᠢᠯ ᠳᠤ 32 ᠬᠤᠭᠤᠴᠠᠭ᠎ᠠ᠂ ᠬᠤᠭᠤᠴᠠᠭ᠎ᠠ ᠪᠦᠷᠢ 30 ᠮᠢᠨᠦ᠋ᠲ᠃ ᠡᠭᠦᠨ ᠳᠤ᠂ ᠹᠦᠶᠠᠩ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠬᠤᠭᠤᠴᠠᠭ᠎ᠠ 18 ᠬᠤᠭᠤᠴᠠᠭ᠎ᠠ ᠶᠢ ᠡᠵᠡᠯᠡᠵᠦ᠂ ᠰᠠᠶᠢᠨ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠲᠠᠨᠢᠯᠴᠠᠭᠤᠯᠬᠤ ᠬᠤᠭᠤᠴᠠᠭ᠎ᠠ 13 ᠬᠤᠭᠤᠴᠠᠭ᠎ᠠ ᠶᠢ ᠡᠵᠡᠯᠡᠵᠦ᠂ ᠲᠤᠬᠠᠶ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ︽ᠱᠦᠨ ᠾᠧ ᠨᠢᠭᠡᠳᠦᠯ︾᠂ ︽ᠶᠣᠣ ᠵᠦᠩ ᠯᠢ︾ ᠵᠡᠷᠭᠡ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠪᠲᠡᠷᠡᠭᠦᠯᠦᠭᠰᠡᠨ ᠤ ᠳᠠᠷᠠᠭ᠎ᠠ ᠵᠤᠭᠠᠴᠠᠭᠰᠠᠳ ᠤᠨ ᠬᠡᠮᠵᠢᠶ᠎ᠡ ᠲᠦᠷᠭᠡᠨ ᠢᠶᠠᠷ ᠨᠡᠮᠡᠭᠳᠡᠪᠡ᠃  2. ᠲᠠᠷᠢᠶᠠᠯᠠᠩ ᠢ ᠲᠤᠰᠠᠯᠠᠬᠤ ᠪᠣᠷᠣᠯᠠᠭᠤᠯᠭ᠎ᠠ ᠶᠢᠨ ᠦᠢᠯᠡᠴᠢᠯᠡᠭᠡᠨ ᠢ ᠥᠷᠨᠢᠭᠦᠯᠪᠡ᠃ ︽ᠹᠦᠶᠠᠩ ᠤᠨ ᠨᠠᠢᠮᠠᠨ ᠵᠠᠭᠤᠨ ᠲᠦᠮᠡᠨ ᠲᠠᠷᠢᠶᠠᠴᠢᠨ ᠳᠤ ᠦᠢᠯᠡᠴᠢᠯᠡᠬᠦ︾ ᠪᠠᠷ ᠵᠣᠷᠢᠯᠲᠠ ᠪᠣᠯᠭᠠᠵᠤ᠂ ᠲᠤᠰᠬᠠᠶ ᠮᠡᠷᠭᠡᠵᠢᠯ ᠤᠨ ᠲᠠᠷᠢᠶᠠᠯᠠᠩ ᠳᠤ ᠦᠢᠯᠡᠴᠢᠯᠡᠬᠦ ᠲᠧᠯᠸᠢᠰ ᠤᠨ ᠪᠤᠯᠤᠩ ︽ᠬᠡᠭᠡᠷ᠎ᠡ ᠶᠢᠨ ᠰᠠᠯᠬᠢ︾ ᠶᠢ ᠨᠡᠭᠡᠭᠡᠪᠡ ᠃ ᠲᠤᠰ ᠪᠤᠯᠤᠩ ᠢ 2011 ᠣᠨ ᠳᠤ ᠨᠡᠪᠲᠡᠷᠡᠭᠦᠯᠦᠭᠰᠡᠨ ᠠᠴᠠ ᠨᠠᠭᠠᠰᠢ᠂ ᠰᠡᠭᠦᠳᠡᠷᠯᠡᠬᠦ ᠮᠠᠰᠢᠨ ᠢ ᠢᠮᠠᠭᠲᠠ ᠲᠠᠷᠢᠶᠠᠨ ᠭᠠᠵᠠᠷ ᠲᠤ ᠬᠠᠨᠳᠤᠭᠤᠯᠵᠤ᠂ ᠲᠠᠷᠢᠶᠠᠴᠢᠳ ᠢᠶᠠᠷ ᠬᠠᠨᠢ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠤᠨ ᠬᠤᠳᠠᠯᠳᠤᠬᠤ ᠳᠤ ᠬᠦᠴᠢᠷᠲᠡᠢ ᠪᠠᠶᠢᠭ᠎ᠠ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ︽ᠬᠡᠭᠡᠷ᠎ᠡ ᠶᠢᠨ ᠰᠠᠯᠬᠢ︾ ᠶᠢᠨ ᠫᠷᠤᠭ᠍ᠷᠠᠮ ᠤᠨ ᠠᠵᠢᠯ ᠤᠨ ᠭᠤᠣᠯᠳᠠᠯᠭ᠎ᠠ ᠪᠣᠯᠭᠠᠵᠠᠢ᠃ ᠰᠦᠯᠵᠢᠶᠡᠨ ᠳᠡᠭᠡᠷ᠎ᠡ᠂ ᠲᠠᠷᠢᠶᠠᠴᠢᠨ ᠬᠤᠲᠠ ᠶᠢᠨ ᠴᠤᠭᠯᠠᠭ᠎ᠠ ᠵᠢᠯ ᠪᠦᠷᠢ ᠶᠢᠨ ᠴᠢᠬᠤᠯᠠ ᠴᠠᠭ ᠤᠯᠠᠷᠢᠯ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠴᠠᠭᠠᠨ ᠰᠠᠷ᠎ᠠ ᠵᠡᠷᠭᠡ ᠬᠤᠭᠤᠴᠠᠭᠠᠨ ᠳᠤ᠂ ᠣᠯᠠᠨ ᠨᠡᠶᠢᠲᠡ ᠶᠢᠨ ᠸᠢᠴᠠᠲ ᠲᠠᠪᠴᠠᠩ᠂ ᠲᠢᠺ ᠲᠣᠺ ᠢᠶᠠᠷ ᠳᠠᠮᠵᠢᠭᠤᠯᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠲᠤᠷᠰᠢᠬᠤ ᠶᠢᠨ ᠬᠠᠮᠲᠤ ᠲᠧᠯᠸᠢᠰ ᠤᠨ ᠫᠷᠤᠭ᠍ᠷᠠᠮ ︽ᠬᠡᠭᠡᠷ᠎ᠡ ᠶᠢᠨ ᠰᠠᠯᠬᠢ︾᠂ ︽ᠬᠡᠭᠡᠷ᠎ᠡ ᠶᠢᠨ ᠠᠮᠲᠠᠲᠤ ᠦᠨᠦᠷ︾ ᠵᠡᠷᠭᠡ ᠪᠠᠷ ᠳᠠᠮᠵᠢᠭᠤᠯᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠢ ᠨᠠᠷᠠᠲᠤ ᠲᠡᠮᠲᠡᠭᠲᠦᠵᠢᠭᠦᠯᠦᠨ ᠪᠣᠭᠤᠳᠠᠯᠯᠠᠬᠤ ᠪᠠ ᠪᠣᠷᠣᠯᠠᠭᠤᠯᠪᠠ︔ ᠰᠦᠯᠵᠢᠶᠡᠨ ᠭᠠᠳᠠᠨ᠎ᠠ᠂ ᠰᠦᠯᠵᠢᠶᠡᠨ ᠳᠡᠭᠡᠷᠡᠬᠢ ᠪᠣᠷᠣᠯᠠᠭᠤᠯᠤᠯᠲᠠ ᠲᠠᠢ ᠬᠠᠮᠵᠢᠯᠴᠠᠨ ᠲᠥᠪᠯᠡᠷᠡᠭᠦᠯᠦᠨ ᠳᠡᠯᠭᠡᠨ ᠦᠵᠡᠭᠦᠯᠬᠦ ᠪᠠ ᠪᠣᠷᠣᠯᠠᠭᠤᠯᠬᠤ ᠠᠵᠢᠯᠯᠠᠭ᠎ᠠ ᠪᠠ ᠪᠦᠯᠬᠦᠮ ᠪᠠᠶᠢᠭᠤᠯᠤᠨ ᠲᠤᠬᠠᠶ ᠶᠢᠨ ᠭᠠᠵᠠᠷ ᠲᠤ ᠨᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠬᠢᠵᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠠᠬᠢᠭᠤᠯᠪᠠ᠃ ᠵᠢᠯ ᠪᠦᠷᠢ 100 ᠭᠠᠷᠤᠶ ᠲᠠᠷᠢᠶᠠᠴᠢᠨ ᠢ ᠵᠣᠬᠢᠶᠠᠨ ᠪᠠᠶᠢᠭᠤᠯᠤᠨ ᠲᠤᠰᠬᠠᠶ ᠮᠡᠷᠭᠡᠵᠢᠯ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠣᠯᠪᠠᠰᠤᠷᠠᠯ ᠬᠢᠯᠭᠡᠪᠡ᠂ ᠣᠳᠣᠬᠠᠨ ᠳᠤ᠂ ᠡᠳᠡᠭᠡᠷ ᠲᠠᠷᠢᠶᠠᠴᠢᠨ ᠭᠠᠷᠤᠯ ᠲᠠᠢ ᠰᠢᠨ᠎ᠡ ᠰᠦᠯᠵᠢᠶᠡᠨ ᠣᠳᠣᠳ ᠨᠢᠭᠡᠨᠲᠡ ᠡᠯ᠎ᠡ ᠲᠣᠮᠣ ᠲᠠᠪᠴᠠᠩ ᠳᠤ ᠢᠳᠡᠪᠬᠢᠯᠡᠨ᠂ ᠹᠦᠶᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠳᠤ ᠬᠤᠪᠢ ᠨᠡᠮᠡᠷᠢ ᠦᠵᠡᠭᠦᠯᠵᠡᠶ᠃ ᠲᠠᠷᠢᠶᠠᠴᠢᠨ ᠬᠤᠲᠠ ᠶᠢᠨ ᠴᠤᠭᠯᠠᠷᠠᠯ ᠤᠨ ᠠᠵᠢᠯᠯᠠᠭ᠎ᠠ ᠶᠢ ᠡᠷᠬᠢᠯᠡᠭᠰᠡᠨ 11 ᠵᠢᠯ ᠤᠨ ᠲᠤᠷᠰᠢ᠂ ᠹᠦᠶᠠᠩ ᠤᠨ ᠷᠠᠳᠢᠣ᠋ ᠲᠧᠯᠸᠢᠰ ᠤᠨ ᠲᠠᠷᠢᠶᠠᠯᠠᠩ ᠢ ᠲᠤᠰᠠᠯᠠᠬᠤ ᠤᠶᠢᠯᠡᠴᠢᠯᠡᠭᠡ ᠶᠢ ᠰᠢᠭᠤᠳ ᠬᠦᠷᠲᠡᠭᠰᠡᠨ ᠲᠠᠷᠢᠶᠠᠴᠢᠳ ᠤᠨ ᠬᠤᠷᠰᠢᠶᠠᠵᠢᠯ ᠪᠣᠯᠤᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ 1200 ᠭᠠᠷᠤᠶ ᠪᠠᠶᠢᠵᠤ᠂ ᠡᠭᠦᠨ ᠤ ᠳᠣᠲᠣᠷ᠎ᠠ 300 ᠭᠠᠷᠤᠶ ᠨᠢ ᠵᠠᠭᠤᠴᠢᠯᠠᠭᠤᠷ ᠢᠶᠠᠷ ᠳᠠᠮᠵᠢᠨ ᠨᠡᠷᠡᠲᠦ ᠲᠡᠮᠲᠡᠭᠲᠦ ᠶᠢ ᠠᠮᠵᠢᠯᠲᠠ ᠲᠠᠢ ᠪᠠᠷ ᠠᠵᠢᠯᠯᠠᠭᠤᠯᠤᠭᠰᠠᠨ ᠪᠥᠭᠡᠳ ᠹᠦᠶᠠᠩ ᠤᠨ ᠷᠠᠳᠢᠣ᠋ ᠲᠧᠯᠸᠢᠰ ᠤᠨ ᠲᠠᠪᠴᠠᠩ ᠳᠡᠭᠡᠷ᠎ᠡ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠪᠡᠶᠡᠯᠡᠭᠦᠯᠪᠡ᠃  3. ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠪᠠ᠃ 2022 ᠣᠨ ᠤ 12 ᠳ᠋ᠤᠭᠠᠷ ᠰᠠᠷ᠎ᠠ ᠳᠤ ︽ᠹᠦᠶᠠᠩ • ᠴᠧᠩ ᠫᠢᠨ︾ ᠬᠠᠮ ᠵᠠᠭᠤᠴᠢᠯᠠᠭᠤᠷ ᠤᠨ ᠠᠵᠢᠯᠲᠠᠨ ᠡᠯᠰᠡᠬᠦ ᠲᠠᠪᠴᠠᠩ ᠢ ᠰᠦᠯᠵᠢᠶᠡᠨ ᠳᠤ ᠭᠠᠷᠭᠠᠵᠤ ᠠᠵᠢᠯᠯᠠᠭᠤᠯᠤᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠣᠯᠠᠨ ᠲᠦᠮᠡᠨ ᠤ ᠠᠵᠢᠯ ᠣᠯᠭᠤᠯᠲᠠ ᠵᠡᠷᠭᠡ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠹᠦᠶᠠᠩ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠲᠣᠮᠣ ᠬᠤᠲᠠ ᠶᠢᠨ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ ᠹᠦᠶᠠᠩ ᠤᠨ ᠷᠠᠳᠢᠣ᠋ ᠲᠧᠯᠸᠢᠰ ᠬᠤᠷᠢᠶᠠᠨ ᠤ ︽ᠥᠨᠥᠳᠦᠷ ᠤᠨ ᠹᠦᠶᠠᠩ︾ ᠤᠨ ᠬᠡᠷᠡᠭᠯᠡᠭᠴᠢ ᠶᠢᠨ ᠦᠵᠦᠭᠦᠷ ᠲᠤ ᠲᠦᠰᠢᠭᠯᠡᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ︽ᠠᠷᠠᠳ ᠤᠨ ᠲᠥᠯᠥᠭᠡ ᠠᠵᠢᠯ ᠶᠠᠪᠤᠳᠠᠯ ᠬᠢᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ︾ ︽ᠬᠤᠶᠠᠷ ᠤᠨ ᠲᠦᠯᠦᠭᠡ︾ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠬᠠᠩᠭᠠᠪᠠ᠃ ︽ᠪᠡᠶᠡᠴᠢᠯᠡᠨ ᠣᠶᠢᠯᠠᠭᠠᠬᠤ ᠬᠡᠯᠪᠡᠷᠢ ᠪᠠᠷ ᠠᠵᠢᠯ ᠳᠤ ᠣᠷᠣᠬᠤ︾᠂ ︽ᠠᠵᠤ ᠠᠬᠤᠶᠢᠯᠠᠯ ᠳᠤ ᠣᠷᠣᠵᠤ ᠠᠵᠢᠯ ᠤᠨ ᠪᠠᠶᠢᠷᠢ ᠶᠢ ᠪᠠᠶᠢᠴᠠᠭᠠᠬᠤ︾᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾᠂ ᠠᠵᠢᠯᠲᠠᠨ ᠡᠯᠰᠡᠬᠦ ᠴᠤᠭᠯᠠᠭᠠᠨ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠤᠯᠪᠣᠭᠠᠯᠠᠨ ᠬᠥᠳᠡᠯᠦᠯᠴᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠢᠯᠲᠠᠨ ᠡᠯᠰᠡᠬᠦ ᠳᠤ ᠰᠦᠯᠵᠢᠶᠡᠨ ᠳᠡᠭᠡᠷ᠎ᠡ ᠬᠤᠳᠠᠯᠳᠤᠨ ᠠᠪᠬᠤ ᠲᠠᠢ ᠠᠳᠠᠯᠢ ᠪᠠᠷ ᠥᠨᠳᠥᠷ ᠪᠦᠲᠦᠮᠵᠢᠲᠡᠢ᠂ ᠳᠥᠭᠦᠮ ᠳᠥᠲᠡ ᠪᠣᠯᠭᠠᠵᠤ᠂ ᠠᠵᠢᠯ ᠡᠷᠢᠬᠦ ᠡᠲᠡᠭᠡᠳ ᠢ ᠬᠠᠪᠰᠤᠷᠤᠨ ᠭᠤᠷᠪᠠᠨ ᠺᠢᠯᠣᠮᠧᠲᠷ ᠤᠨ ᠳᠣᠲᠣᠷ᠎ᠠ ᠠᠵᠢᠯ ᠣᠯᠭᠤᠯᠲᠠ ᠶᠢᠨ ᠦᠢᠯᠡᠴᠢᠯᠡᠭᠡ ᠶᠢ ᠡᠳ᠋ᠯᠡᠭᠦᠯᠵᠦ᠂ ᠴᠢᠨᠠᠷ ᠰᠠᠶᠢᠲᠠᠢ ᠤᠢᠢᠷ᠎ᠠ ᠬᠠᠪᠢ ᠳᠤ ᠪᠠᠨ ᠠᠵᠢᠯ ᠣᠯᠭᠤᠬᠤ ᠶᠢ ᠪᠡᠶᠡᠯᠡᠭᠦᠯᠪᠡ᠃ 2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠹᠦᠶᠠᠩ ᠴᠧᠩ ᠫᠢᠨ ᠬᠠᠮ ᠵᠠᠭᠤᠴᠢᠯᠠᠭᠤᠷ ᠤᠨ ᠠᠵᠢᠯᠲᠠᠨ ᠡᠯᠰᠡᠬᠦ ᠲᠠᠪᠴᠠᠩ 5346 ᠠᠵᠤ ᠠᠬᠤᠶᠢᠯᠠᠯ ᠳᠤ ᠣᠷᠣᠵᠤ᠂ ᠠᠵᠤ ᠠᠬᠤᠶᠢᠯᠠᠯ ᠤᠨ ᠸᠢᠴᠠᠲ ᠤᠨ ᠬᠤᠯᠪᠣᠯᠲᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 65% ᠪᠠᠷ ᠨᠡᠮᠡᠭᠳᠡᠵᠦ᠂ ᠠᠵᠢᠯ ᠤᠨ ᠪᠠᠶᠢᠷᠢ ᠶᠢ 10503 ᠨᠡᠶᠢᠲᠡᠯᠡᠵᠦ᠂ ᠲᠡᠷᠢᠭᠦᠨ ᠨᠢᠭᠤᠷ ᠳᠡᠭᠡᠷ᠎ᠡ ᠨᠡᠶᠢᠲᠡ 1060 ᠭᠠᠷᠤᠶ ᠲᠦᠮᠡ ᠭᠠᠷᠤᠶ ᠰᠤᠷᠪᠤᠯᠵᠢᠯᠠᠵᠤ᠂ ︽ᠭᠤᠷᠪᠠᠨ ᠺᠢᠯᠣᠮᠧᠲᠷ ᠤᠨ ᠠᠵᠢᠯ ᠣᠯᠭᠤᠯᠲᠠ ᠶᠢᠨ ᠬᠦᠷᠢᠶ᠎ᠡ︾ ᠶᠢ ᠠᠩᠬ᠎ᠠ ᠠᠯᠬᠤᠮ ᠪᠦᠷᠢᠯᠳᠦᠭᠦᠯᠦᠨ᠂ ᠠᠵᠢᠯ ᠡᠷᠢᠬᠦ ᠡᠲᠡᠭᠡᠳ ᠢ ᠨᠠᠩ ᠪᠦᠲᠦᠮᠵᠢᠲᠡᠶ ᠪᠠᠷ ᠬᠠᠪᠰᠤᠷᠤᠨ ᠭᠤᠷᠪᠠᠨ ᠺᠢᠯᠣᠮᠧᠲᠷ ᠤᠨ ᠳᠣᠲᠣᠷ᠎ᠠ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠬᠦᠷᠲᠡᠭᠦᠯᠵᠦ᠂ ᠠᠵᠢᠯ ᠣᠯᠭᠤᠯᠲᠠ ᠶᠢ ᠪᠡᠶᠡᠯᠡᠭᠦᠯᠵᠦ᠂ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠪᠴᠢᠲᠠᠢ ᠪᠠᠷ ᠵᠣᠯᠭᠠᠭᠤᠯᠬᠤ ᠶᠢ ᠠᠬᠢᠭᠤᠯᠤᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ