ᠳᠠᠮᠵᠢᠭᠤᠯᠤᠨ ᠰᠠᠴᠤᠷᠠᠭᠤᠯᠬᠤ ᠲᠥᠪ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/8/15
  ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠤ ᠬᠦᠨᠳᠦ ᠶᠡᠭᠡ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠳᠠᠮᠵᠢᠭᠤᠯᠤᠨ ᠰᠠᠴᠤᠷᠠᠭᠤᠯᠬᠤ ᠲᠥᠪ ᠨᠢ ᠨᠢᠭᠲᠠ ᠳᠣᠭᠢᠷᠠᠭᠤᠯᠤᠨ ᠪᠠᠶᠢᠷᠢᠯᠠᠭᠤᠯᠵᠤ᠂ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯᠭᠦᠶ ᠦᠢᠯᠡᠳᠪᠦᠷᠢᠯᠡᠯ᠂ ᠠᠮᠤᠷ ᠲᠦᠪᠰᠢᠨ ᠨᠡᠪᠲᠡᠷᠡᠭᠦᠯᠭᠡ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃  ᠨᠢᠭᠡ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠪᠠ᠃ ᠡᠯ᠎ᠡ ᠰᠠᠯᠪᠤᠷᠢ ᠪᠠᠶᠢᠭᠤᠯᠤᠮᠵᠢ ᠦᠶᠡᠷ ᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠲᠠᠨ ᠤ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ᠂ ᠲᠦᠭᠰᠢᠭᠦᠷᠢ ᠲᠣᠬᠢᠶᠠᠯᠳᠤᠪᠠᠯ ᠰᠢᠢᠳᠪᠦᠷᠢᠯᠡᠬᠦ ᠵᠡᠷᠭᠡ ᠡᠯ᠎ᠡ ᠲᠥᠷᠥᠯ ᠤᠨ ᠰᠣᠷᠢᠯᠲᠠ ᠶᠢ 50 ᠭᠠᠷᠤᠶ ᠤᠳᠠᠭ᠎ᠠ ᠬᠢᠵᠦ᠂ ᠨᠡᠶᠢᠲᠡ 700 ᠭᠠᠷᠤᠶ ᠬᠥᠮᠦᠨ ᠤᠳᠠᠭ᠎ᠠ ᠣᠷᠣᠯᠴᠠᠪᠠ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠠ︔ ᠬᠤᠷᠢᠶ᠎ᠠ ᠥᠷᠲᠡᠭᠡᠨ ᠤ ᠳᠣᠲᠣᠷᠠᠬᠢ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠢ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠳᠠᠯᠳᠠ ᠬᠡᠮ ᠢ ᠴᠠᠭ ᠲᠤᠬᠠᠶ ᠳᠤ ᠨᠢ ᠠᠷᠢᠯᠭᠠᠪᠠ︔ ᠵᠢᠵᠢᠭᠦᠷᠯᠡᠨ ᠰᠠᠬᠢᠬᠤ ᠲᠦᠷᠢᠮ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠪᠠ ᠬᠡᠷᠡᠭ ᠤᠨ ᠠᠳᠡᠯ ᠢ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠳᠤ ᠳᠠᠭᠠᠬᠤ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠭᠠᠮᠰᠢᠭ ᠭᠠᠷᠤᠭᠰᠠᠨ ᠤ ᠳᠠᠷᠠᠭ᠎ᠠ ᠦᠳᠲᠡᠷ ᠲᠦᠷᠭᠡᠨ ᠲᠤᠰᠬᠠᠯ ᠭᠠᠷᠭᠠᠨ᠎ᠠ᠃  ᠬᠤᠶᠠᠷ ᠲᠤ᠂ ᠦᠶᠡᠷ ᠢ ᠰᠡᠷᠭᠡᠶᠢᠯᠡᠬᠦ ᠬᠥᠮᠦᠵᠢᠯ ᠢ ᠥᠷᠨᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠦᠢᠯᠡᠴᠢᠯᠡᠭᠡᠨ ᠤ ᠲᠥᠪ ᠤᠨ ᠲᠤᠰᠬᠠᠶ ᠮᠡᠷᠭᠡᠵᠢᠯᠲᠡᠨ ᠢ ᠤᠷᠢᠵᠤ ᠦᠶᠡᠷ ᠤᠨ ᠬᠤᠭᠤᠴᠠᠭᠠᠨ ᠤ ᠬᠤᠷᠢᠶ᠎ᠠ ᠥᠷᠲᠡᠭᠡ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠡᠷᠭᠡ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠯ ᠥᠷᠨᠢᠭᠦᠯᠵᠦ᠂ ᠡᠯ᠎ᠡ ᠬᠤᠪᠢᠶᠠᠷᠢ ᠪᠠᠶᠢᠭᠤᠯᠤᠮᠵᠢ ᠶᠢᠨ 200 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠤ᠂ ᠬᠤᠷᠢᠶ᠎ᠠ ᠥᠷᠲᠡᠭᠡ ᠶᠢᠨ ᠺᠠᠳ᠋ᠷ ᠠᠵᠢᠯᠲᠠᠨ ᠠᠵᠢᠯᠴᠢᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠪᠠᠴᠢᠮ ᠪᠠᠶᠢᠳᠠᠯ ᠢ ᠠᠷᠭᠠᠴᠭᠠᠠᠨ ᠰᠢᠢᠳᠪᠦᠷᠢᠯᠡᠬᠦ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠯ᠎ᠡ ᠰᠠᠯᠪᠤᠷᠢ ᠪᠠᠶᠢᠭᠤᠯᠤᠮᠵᠢ ᠨᠤᠭᠤᠳ ᠬᠠᠷᠢᠶ᠎ᠠ ᠭᠠᠵᠠᠷ ᠤᠨ ᠢᠶᠠᠨ ᠴᠠᠭ ᠠᠭᠤᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠯᠵᠤ᠂ ᠮᠡᠳᠡᠭᠡ ᠵᠠᠩᠭᠢ ᠶᠢᠨ ᠰᠡᠷᠡᠮᠵᠢᠯᠡᠭᠦᠯᠦᠯ ᠤᠨ ᠨᠡᠪᠲᠡᠷᠡᠬᠦ ᠵᠠᠮ ᠢ ᠰᠠᠭᠠᠳ ᠦᠭᠡᠶ ᠨᠡᠪᠲᠡᠷᠡᠭᠦᠯᠦᠨ᠎ᠡ᠃  ᠭᠤᠷᠪᠠ ᠳᠤ᠂ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ 3 ᠠᠵᠢᠯᠯᠠᠬᠤ ᠳᠤᠭᠤᠶᠢᠯᠠᠩ ᠪᠠᠶᠢᠭᠤᠯᠵᠤ᠂ ᠬᠥᠯᠥᠨ ᠪᠤᠶᠢᠷ᠂ ᠬᠢᠩᠭᠠᠨ ᠠᠶᠢᠮᠠᠭ ᠪᠣᠯᠤᠨ ᠲᠦᠩᠯᠢᠶᠣᠤ ᠳᠤ ᠭᠦᠨᠵᠡᠭᠡᠶᠢᠷᠡᠨ᠂ ᠲᠣᠪᠴᠢᠶᠠᠨ ᠤ ᠬᠠᠷᠢᠶ᠎ᠠ ᠥᠷᠲᠡᠭᠡ᠂ ᠠᠶᠢᠮᠠᠭ ᠬᠤᠲᠠ ᠶᠢᠨ ᠬᠠᠷᠢᠶ᠎ᠠ ᠥᠷᠲᠡᠭᠡ᠂ ᠤᠲᠠᠰᠤᠲᠤ ᠰᠦᠯᠵᠢᠶᠡᠨ ᠤ ᠺᠣᠮᠫᠠᠨᠢ᠂ ᠬᠠᠮ ᠵᠠᠭᠤᠴᠢᠯᠠᠭᠤᠷ ᠤᠨ ᠲᠥᠪ ᠪᠣᠯᠤᠨ ᠪᠢᠴᠢᠯ ᠳᠣᠯᠭᠢᠶᠠᠨ ᠤ ᠶᠡᠷᠦᠩᠬᠡᠶ ᠥᠷᠲᠡᠭᠡ ᠵᠡᠷᠭᠡ ᠨᠢᠭᠡᠴᠢ ᠳᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠡᠭᠦᠨ ᠤ ᠬᠠᠮᠲᠤ ᠡᠯ᠎ᠡ ᠨᠢᠭᠡᠴᠢ ᠶᠢᠨ ᠪᠡᠯᠡᠳᠬᠡᠮᠵᠢ ᠲᠥᠬᠦᠭᠡᠷᠦᠮᠵᠢ ᠶᠢ ᠰᠡᠷᠭᠡᠶᠢᠯᠡᠨ ᠬᠠᠮᠠᠭᠠᠯᠠᠬᠤ᠂ ᠳᠣᠬᠢᠶᠠᠨ ᠤ ᠳᠠᠮᠵᠢᠭᠤᠯᠭ᠎ᠠ ᠶᠢ ᠪᠠᠲᠤᠯᠠᠬᠤ᠂ ᠡᠳ᠋ ᠪᠣᠳᠠᠰ ᠢ ᠨᠥᠭᠡᠴᠡᠯᠡᠨ ᠲᠣᠬᠢᠷᠠᠭᠤᠯᠬᠤ᠂ ᠠᠵᠢᠯᠲᠠᠨ ᠤ ᠵᠢᠵᠢᠭᠦᠷ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠵᠤ ᠪᠠᠶᠢᠭ᠎ᠠ ᠵᠡᠷᠭᠡ ᠪᠠᠶᠢᠳᠠᠯ ᠢ ᠪᠠᠶᠢᠴᠠᠭᠠᠵᠤ᠂ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ᠂ ᠠᠮᠤᠷ ᠲᠦᠪᠰᠢᠨ ᠨᠡᠪᠲᠡᠷᠡᠭᠦᠯᠭᠡ ᠶᠢᠨ ᠠᠵᠢᠯ ᠢ ᠤᠯᠠᠮ ᠨᠢᠭᠡ ᠠᠯᠬᠤᠮ ᠪᠠᠲᠤᠯᠠᠪᠠ᠃︵ᠳᠠᠮᠵᠢᠭᠤᠯᠤᠨ ᠰᠠᠴᠤᠷᠠᠭᠤᠯᠬᠤ ᠲᠥᠪ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ