ᠰᠢ ᠶᠢᠨ ᠫᠢᠩ ᠪᠣᠯᠣᠨ ᠪᠷᠠᠽᠢᠯ ᠤᠨ ᠶᠡᠷᠦᠩᠬᠡᠶᠢᠯᠡᠭᠴᠢ ᠯᠦᠯᠠ ᠳᠤᠮᠳᠠᠳᠤ ᠪᠷᠠᠽᠢᠯ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/8/16
  ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 15 ᠤ ᠴᠠᠭᠢᠯᠭᠠᠨ ᠮᠡᠳᠡᠭᠡ    8 ᠰᠠᠷ᠎ᠠ ᠶᠢᠨ 15 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠪᠷᠠᠽᠢᠯ ᠤᠨ ᠶᠡᠷᠦᠩᠬᠡᠶᠢᠯᠡᠭᠴᠢ ᠯᠦᠯᠠ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠶᠢ ᠪᠡᠯᠭᠡᠯᠡᠪᠡ ᠃  ᠰᠢ ᠶᠢᠨ ᠫᠢᠩ ᠂ ᠳᠤᠮᠳᠠᠳᠤ ᠤᠯᠤᠰ ᠪᠣᠯᠣᠨ ᠪᠷᠠᠽᠢᠯ ᠪᠣᠯ ᠴᠥᠮ ᠬᠥᠭᠵᠢᠵᠦ ᠪᠠᠶᠢᠭ᠎ᠠ ᠲᠣᠮᠣ ᠤᠯᠤᠰ ᠪᠥᠭᠡᠳ ᠴᠢᠬᠤᠯᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ  ᠪᠣᠯᠣᠨ᠎ᠠ ᠂  ᠵᠣᠷᠢᠭ ᠨᠢᠭᠡᠲᠡᠢ ᠰᠠᠶᠢᠨ ᠨᠠᠶᠢᠵᠠ ᠂ ᠭᠠᠷ ᠬᠤᠯᠪᠣᠯᠴᠠᠨ ᠤᠷᠤᠭᠰᠢᠯᠠᠬᠤ ᠰᠠᠶᠢᠨ ᠬᠠᠨᠢᠲᠠᠨ ᠶᠤᠮ ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠤ ᠲᠤᠷᠰᠢ ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠲᠣᠭᠲᠠᠭᠤᠨ ᠢᠶᠠᠷ ᠬᠥᠭᠵᠢᠵᠦ ᠂ ᠪᠦᠭᠦ ᠲᠠᠯ᠎ᠠ ᠶᠢᠨ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠪᠦᠭᠦ ᠪᠥᠮᠪᠥᠷᠴᠡᠭ ᠤᠨ ᠴᠢᠨᠠᠷᠲᠠᠢ ᠨᠥᠯᠥᠭᠡ ᠡᠳᠦᠷ ᠢᠷᠡᠬᠦᠶ᠎ᠡ ᠲᠣᠪᠣᠶᠢᠮ᠎ᠠ ᠪᠣᠯᠵᠤ ᠂ ᠲᠤᠰ ᠲᠤᠰ ᠤᠨ ᠢᠶᠠᠨ ᠬᠥᠭᠵᠢᠯ ᠮᠠᠨᠳᠤᠯ ᠢ ᠠᠬᠢᠭᠤᠯᠬᠤ ᠶᠢᠨ ᠬᠠᠮᠲᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠴᠢᠬᠤᠯᠠ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠨᠢᠳᠤᠨᠤᠨ ᠶᠡᠷᠦᠩᠬᠡᠶᠢᠯᠡᠭᠴᠢ ᠯᠦᠯᠠ ᠳᠤᠮᠳᠠᠳᠤ ᠤᠯᠤᠰ ᠲᠤ ᠠᠮᠵᠢᠯᠲᠠ ᠲᠠᠢ ᠠᠶᠢᠯᠴᠢᠯᠠᠵᠤ ᠂ ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠰᠢᠨ᠎ᠡ ᠢᠷᠡᠭᠡᠳᠦᠢ ᠶᠢ ᠨᠡᠭᠡᠭᠡᠨ ᠡᠭᠦᠳᠬᠦ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ ᠃ ᠳᠤᠮᠳᠠᠳᠤ ᠤᠯᠤᠰ ᠳᠤᠷᠠᠲᠠᠶ᠎ᠠ ᠪᠷᠠᠽᠢᠯ  ᠯᠤᠭ᠎ᠠ ᠳᠤᠮᠳᠠᠳᠤ ᠪᠷᠠᠽᠢᠯ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ ᠂ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ ᠂ ᠬᠤᠶᠠᠷ ᠲᠠᠯ᠎ᠠ ᠶᠢᠨ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠳᠤᠮᠳᠠᠳᠤ ᠪᠷᠠᠽᠢᠯ ᠤᠨ ᠬᠠᠷᠢᠯᠴᠠᠭ᠎ᠠ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠵᠦ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠠᠷ ᠬᠤᠯᠪᠣᠯᠴᠠᠨ ᠠᠬᠢᠭᠤᠯᠤᠨ᠎ᠠ ᠭᠡᠵᠦ ᠴᠢᠬᠤᠯᠠᠴᠢᠯᠠᠪᠠ ᠃  ᠯᠦᠯᠠ ᠂ ᠬᠠᠭᠠᠰ ᠵᠠᠭᠤᠨ ᠤ ᠲᠤᠷᠰᠢ ᠂ ᠪᠷᠠᠽᠢᠯ ᠳᠤᠮᠳᠠᠳᠤ ᠶᠢᠨ ᠨᠥᠬᠦᠷᠯᠡᠯ ᠲᠠᠰᠤᠷᠠᠯᠲᠠ ᠦᠭᠡᠢ ᠴᠢᠩᠭᠠᠷᠠᠵᠤ ᠂ ᠬᠠᠮᠲᠤᠷᠠᠯᠴᠠᠭ᠎ᠠ ᠡᠳᠦᠷ ᠢᠷᠡᠬᠦᠶ᠎ᠡ ᠤᠯᠠᠨ ᠡᠰᠢᠵᠢᠪᠡ ᠃ ᠣᠳᠣᠬᠠᠨ ᠳᠤ ᠂ ᠬᠤᠶᠠᠷ ᠤᠯᠤᠰ ᠤᠯᠠᠨ ᠬᠦᠷᠢᠶᠡᠨ ᠳᠤ ᠂ ᠡᠯ᠎ᠡ ᠲᠡᠰ ᠳᠠᠪᠬᠤᠷᠭ᠎ᠠ ᠶᠢᠨ ᠬᠢᠨ ᠤ ᠬᠠᠮᠲᠤᠷᠠᠯᠴᠠᠭ᠎ᠠ ᠪᠠᠨ ᠪᠠᠲᠤᠯᠠᠵᠤ ᠂ ᠨᠡᠩ ᠴᠡᠴᠡᠭᠯᠡᠨ ᠬᠥᠭᠵᠢᠭᠰᠡᠨ ᠂ ᠡᠩᠬᠡ ᠲᠠᠶᠢᠪᠤᠩ ᠪᠠ ᠲᠥᠪ ᠭᠤᠣᠯᠴᠢ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠨ᠎ᠠ ᠃ ᠪᠷᠠᠽᠢᠯ ᠳᠤᠮᠳᠠᠳᠤ ᠶᠢᠨ ᠬᠠᠷᠢᠯᠴᠠᠭ᠎ᠠ ᠨᠢ ᠤᠯᠠᠨ ᠲᠤᠶᠢᠯᠲᠤ ᠡᠮᠬᠢ ᠳᠢᠭᠯᠢᠮ ᠢ ᠪᠠᠶᠢᠭᠤᠯᠬᠤ ᠪᠠ ᠨᠡᠩ ᠲᠥᠪ ᠭᠤᠣᠯᠴᠢ ᠪᠦᠲᠦᠮᠵᠢᠲᠡᠢ ᠪᠦᠭᠦ ᠪᠥᠮᠪᠥᠷᠴᠡᠭ ᠤᠨ ᠵᠠᠰᠠᠯᠲᠠ ᠳᠤ ᠡᠳᠦᠷ ᠢᠷᠡᠬᠦᠶ᠎ᠡ ᠴᠢᠬᠤᠯᠠ ᠪᠣᠯᠵᠤ ᠂ ᠬᠤᠶᠠᠷ ᠤᠯᠤᠰ ᠵᠢᠴᠢ ᠳᠡᠯᠡᠬᠡᠢ ᠶᠢᠨ ᠲᠣᠭᠲᠠᠭᠤᠨ ᠪᠣᠯᠣᠨ ᠤᠷᠢᠳᠴᠢᠯᠠᠨ ᠮᠡᠳᠡᠬᠦᠶᠢᠴᠡ ᠴᠢᠨᠠᠷ ᠲᠤ ᠲᠤᠯᠭᠠᠭᠤᠷᠢᠯᠠᠬᠤ ᠦᠢᠯᠡᠳᠦᠯ ᠦᠵᠡᠭᠦᠯᠪᠡ ᠃ ᠬᠤᠶᠠᠷ ᠤᠯᠤᠰ ᠤᠨ ᠬᠠᠷᠢᠯᠴᠠᠭᠠᠨ ᠤ ᠳᠠᠷᠠᠭᠠᠴᠢ ᠶᠢᠨ 50 ᠵᠢᠯ ᠳᠤ ᠂ ᠪᠢᠳᠡ ᠮᠥᠷᠥ ᠵᠡᠷᠭᠡᠴᠡᠨ ᠰᠢᠨ᠎ᠡ ᠵᠠᠮ ᠢ ᠨᠡᠭᠡᠭᠡᠵᠦ ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠭᠡᠭᠡᠨ ᠰᠠᠷᠠᠭᠤᠯ ᠢᠷᠡᠭᠡᠳᠦᠢ ᠶᠢ ᠴᠣᠭᠴᠠᠯᠠᠨ᠎ᠠ ᠭᠡᠵᠦ ᠢᠯᠡᠳᠬᠡᠪᠡ ᠃  ᠲᠤᠰ ᠡᠳᠦᠷ ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠪᠣᠯᠣᠨ ᠪᠷᠠᠽᠢᠯ ᠤᠨ ᠳᠡᠳ᠋ ᠶᠡᠷᠦᠩᠬᠡᠶᠢᠯᠡᠭᠴᠢ ᠠᠷᠺᠧᠮᠢᠩ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ