︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ﹀ ᠤᠨ ᠲᠤᠬᠠᠢ ᠲᠣᠳᠣᠷᠬᠠᠶᠢᠯᠠᠯᠲᠠ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/8/16
    ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 15 ᠤ ᠴᠠᠬᠢᠯᠭᠠᠨ ᠮᠡᠳᠡᠭᠡ  8 ᠰᠠᠷ᠎ᠠ ᠶᠢᠨ 16 ᠤ ᠡᠳᠦᠷ ᠬᠡᠪᠯᠡᠭᠳᠡᠬᠦ 16 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ﹀ ᠤᠨ ᠲᠤᠬᠠᠢ ᠲᠣᠳᠣᠷᠬᠠᠶᠢᠯᠠᠯᠲᠠ︾ ᠶᠢ ᠨᠡᠶᠢᠲᠡᠯᠡᠪᠡ᠃    ᠰᠢ ᠶᠢᠨ ᠫᠢᠩ᠂ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ ᠪᠠᠶᠢᠷᠢᠯᠠᠭᠤᠯᠬᠤ ᠪᠣᠯ ᠨᠠᠮ ᠤᠨ ᠥᠭᠡᠷᠡᠴᠢᠯᠡᠯᠲᠡ ᠨᠡᠭᠡᠭᠡᠯᠲᠡ ᠶᠢ ᠤᠳᠤᠷᠢᠳᠤᠭᠰᠠᠨ ᠠᠮᠵᠢᠯᠲᠠ ᠲᠠᠢ ᠲᠤᠷᠰᠢᠯᠭ᠎ᠠ ᠪᠣᠯᠣᠨ᠎ᠠ᠃ ᠦᠢᠯᠡᠳᠦᠯᠭᠡ ᠶᠢᠨ ᠲᠤᠷᠰᠢᠯᠭ᠎ᠠ ᠪᠣᠯᠣᠨ ᠪᠣᠳᠠᠲᠤ ᠬᠡᠷᠡᠭᠴᠡᠭᠡ ᠠᠴᠠ ᠡᠭᠦᠰᠴᠦ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠬᠤ ᠪᠠᠷ ᠲᠣᠭᠲᠠᠭᠰᠠᠨ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠪᠣᠳᠣᠯᠬᠢᠯᠠᠯ ᠪᠣᠯᠣᠨ᠎ᠠ᠃ ᠨᠢᠭᠡᠳᠦᠭᠡᠷ ᠲᠤ᠂ ᠡᠨᠡ ᠪᠣᠯ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠤᠯᠭᠠᠮ ᠱᠠᠭᠠᠷᠳᠠᠯᠭ᠎ᠠ ᠮᠥᠨ᠃ ᠬᠤᠶᠠᠳᠤᠭᠠᠷ ᠲᠤ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠲᠥᠷᠥ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠲᠤᠯᠭᠠᠮ ᠱᠠᠭᠠᠷᠳᠠᠯᠭ᠎ᠠ ᠮᠥᠨ᠃ ᠭᠤᠷᠪᠠᠳᠤᠭᠠᠷ ᠲᠤ᠂ ᠡᠨᠡ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠳᠤ ᠨᠡᠩ ᠰᠠᠶᠢᠨ ᠵᠣᠬᠢᠴᠠᠬᠤ ᠲᠤᠯᠭᠠᠮ ᠱᠠᠭᠠᠷᠳᠠᠯᠭ᠎ᠠ ᠮᠥᠨ᠃ ᠳᠥᠷᠪᠡᠳᠦᠭᠡᠷ ᠲᠤ᠂ ᠡᠨᠡ ᠪᠣᠯ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠲᠤᠯᠭᠠᠮ ᠱᠠᠭᠠᠷᠳᠠᠯᠭ᠎ᠠ ᠮᠥᠨ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠲᠣᠭᠲᠠᠭᠠᠯ ᠤᠨ ᠨᠣᠣᠷᠠᠭ ᠢ ᠲᠤᠭᠤᠷᠪᠢᠬᠤ ᠶᠠᠪᠤᠴᠠ ᠳᠤ᠂ ᠪᠢᠳᠡ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠡᠵᠡᠮᠳᠡᠬᠦ ᠬᠡᠷᠡᠭᠲᠡᠢ᠄ ᠨᠢᠭᠡ ᠳᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠵᠢᠷᠤᠮᠯᠠᠬᠤ ᠵᠠᠷᠴᠢᠮ ᠢ ᠲᠣᠭᠲᠠᠭᠠᠨ᠂ ᠤᠯᠤᠰ ᠲᠥᠷᠥ ᠶᠢᠨ ᠵᠥᠪ ᠴᠢᠭᠯᠡᠯ ᠢ ᠪᠠᠷᠢᠮᠲᠠᠯᠠᠨ᠎ᠠ᠃ ᠬᠤᠶᠠᠷ ᠲᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠬᠠᠭᠠᠯᠠᠨ ᠲᠥᠯᠥᠪᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠭᠤᠷᠪᠠ ᠳᠤ᠂ ᠭᠤᠣᠯᠳᠠᠯᠭ᠎ᠠ ᠶᠢ ᠠᠳᠬᠤᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠣᠪᠣᠶᠢᠯᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢ ᠲᠣᠪᠣᠶᠢᠯᠭᠠᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠣᠪᠣᠶᠢᠯᠭᠠᠵᠤ᠂ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠣᠪᠣᠶᠢᠯᠭᠠᠨ᠎ᠠ᠃ ᠳᠥᠷᠪᠡ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠬᠡᠳᠦ ᠶᠢᠨ ᠠᠰᠢᠭ ᠲᠤᠰᠠ ᠠᠴᠠ ᠡᠭᠦᠰᠴᠦ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ ᠠᠬᠢᠭᠤᠯᠤᠨ᠎ᠠ᠃ ᠲᠠᠪᠤ ᠳᠤ᠂ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠤᠬᠠᠭᠠᠯᠠᠨ ᠲᠥᠯᠥᠪᠯᠡᠬᠦ᠂ ᠰᠢᠰᠲ᠋ᠧᠮ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠬᠠᠷᠢᠯᠴᠠᠨ ᠬᠠᠮᠵᠢᠯᠴᠠᠭᠤᠯᠵᠤ᠂ ᠥᠨᠳᠥᠷ ᠪᠦᠲᠦᠮᠵᠢᠲᠡᠢ ᠵᠣᠬᠢᠴᠠᠭᠤᠯᠤᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠲᠣᠭᠲᠠᠭᠠᠯ ᠤᠨ ᠡᠬᠡ ᠨᠣᠣᠷᠠᠭ ᠲᠤ 2035 ᠣᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠲᠣᠭᠲᠠᠵᠤ᠂ ᠢᠷᠡᠭᠡᠳᠦᠢ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠷᠢᠯᠠᠭᠤᠯᠵᠤ᠂ ᠠᠭᠤᠯᠭ᠎ᠠ ᠶᠢᠨ ᠲᠠᠯ᠎ᠠ ᠪᠠᠷ ᠳᠣᠣᠷᠠᠬᠢ ᠬᠡᠳᠦᠨ ᠣᠨᠴᠠᠯᠢᠭ ᠲᠠᠢ᠃ ᠨᠢᠭᠡᠳᠦᠭᠡᠷ ᠲᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠤᠨ᠎ᠠ᠃ ᠬᠤᠶᠠᠳᠤᠭᠠᠷ ᠲᠤ᠂ ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ ᠶᠢ ᠴᠢᠬᠤᠯᠠᠴᠢᠯᠠᠨ᠎ᠠ᠃ ᠭᠤᠷᠪᠠᠳᠤᠭᠠᠷ ᠲᠤ᠂ ᠪᠥᠬᠦ ᠲᠠᠯ᠎ᠠ ᠶᠢᠨ ᠥᠭᠡᠷᠡᠴᠢᠯᠡᠯᠲᠡ ᠶᠢ ᠴᠢᠬᠤᠯᠠᠴᠢᠯᠠᠨ᠎ᠠ᠃ ᠳᠥᠷᠪᠡᠳᠦᠭᠡᠷ ᠲᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠴᠢᠬᠤᠯᠠᠴᠢᠯᠠᠨ᠎ᠠ᠃ ᠲᠠᠪᠤᠳᠤᠭᠠᠷ ᠲᠤ᠂ ᠥᠭᠡᠷᠡᠴᠢᠯᠡᠯᠲᠡ ᠳᠠᠬᠢ ᠨᠠᠮ ᠤᠨ ᠤᠳᠤᠷᠢᠳᠤᠯᠭ᠎ᠠ ᠶᠢ ᠴᠢᠬᠤᠯᠠᠴᠢᠯᠠᠨ ᠴᠢᠩᠭᠠᠳᠬᠠᠨ᠎ᠠ ᠭᠡᠵᠦ ᠵᠢᠭᠠᠵᠤ ᠭᠠᠷᠭᠠᠪᠠ᠃  
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ