BIRTV ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ 8 ᠳ᠋ᠤᠭᠠᠷ ᠰᠠᠷ᠎ᠠ ᠶᠢᠨ 21 ᠤ ᠡᠳᠦᠷ ᠪᠡᠭᠡᠵᠢᠩ ᠳᠤ ᠶᠠᠪᠤᠭᠳᠠᠬᠤ ᠪᠣᠯᠣᠨ᠎ᠠ
ᠨᠡᠶᠢᠲᠡᠯᠡᠭᠰᠡᠨ ᠴᠠᠭ᠄
2024/8/16
  8 ᠳ᠋ᠤᠭᠠᠷ ᠰᠠᠷ᠎ᠠ ᠶᠢᠨ 21 ᠤ ᠡᠳᠦᠷ ︵ᠳᠠᠷᠠᠭ᠎ᠠ ᠭᠠᠷᠠᠭ ᠤᠨ ᠭᠤᠷᠪᠠᠨ︶ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠣᠯᠠᠨ ᠤᠯᠤᠰ ᠤᠨ ᠠᠵᠤ ᠠᠬᠤᠶ ᠮᠡᠷᠭᠡᠵᠢᠯ ᠤᠨ ᠬᠠᠮᠲᠤᠷᠠᠯᠴᠠᠭᠠᠨ ᠤ ᠬᠢᠵᠠᠭᠠᠷᠲᠤ ᠺᠣᠮᠫᠠᠨᠢ ᠠᠴᠠ ᠭᠤᠤᠯᠯᠠᠨ ᠡᠷᠬᠢᠯᠡᠭᠰᠡᠨ ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠠᠴᠠ ᠳᠠᠭᠠᠭᠠᠨ ᠡᠷᠭᠢᠯᠡᠭᠰᠡᠨ ︽BIRTV ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ︾ ᠪᠡᠭᠡᠵᠢᠩ ᠳᠤ ᠶᠠᠪᠤᠭᠳᠠᠬᠤ ᠪᠣᠯᠤᠨ᠎ᠠ᠃  ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠰᠤᠳᠤᠯᠤᠨ ᠰᠦᠪᠡᠭᠴᠢᠯᠡᠬᠦ ᠪᠣᠯ ᠣᠳᠣᠬᠠᠨ ᠤ ᠪᠠ ᠬᠤᠶᠢᠰᠢᠳᠠ ᠶᠢᠨ ᠨᠡᠯᠢᠶᠡᠳ ᠣᠷᠳᠣ ᠬᠤᠭᠤᠴᠠᠭᠠᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠭᠤᠤᠯᠳᠠᠯᠭ᠎ᠠ ᠲᠠᠢ ᠠᠵᠢᠯ ᠪᠣᠯᠤᠨ᠎ᠠ᠃ ᠲᠣᠰ ᠤᠳᠠᠭᠠᠨ ᠤ ᠶᠠᠷᠢᠶᠠᠨ ᠤ ᠲᠠᠪᠴᠠᠩ ᠨᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢᠨ ᠦᠢᠯᠡᠳᠦᠯᠭᠡ ᠪᠠ ᠲᠤᠷᠰᠢᠯᠭ᠎ᠠ ᠶᠢᠨ ᠲᠣᠭᠤᠷᠢᠨ ᠳᠤ᠂ ᠠᠭᠤᠯᠭ᠎ᠠ ᠶᠢᠨ ᠰᠢᠨ᠎ᠡ ᠶᠢ ᠡᠭᠦᠳᠬᠦ᠂ ᠮᠡᠷᠭᠡᠵᠢᠯ ᠤᠨ ᠬᠦᠴᠦᠨ ᠨᠡᠮᠡᠷᠢᠯᠡᠬᠦ ᠂ ᠣᠯᠠᠨ ᠤᠯᠤᠰ ᠤᠨ ᠳᠠᠮᠵᠢᠭᠤᠯᠭ᠎ᠠ ᠵᠡᠷᠭᠡ ᠣᠯᠠᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠰᠢ ᠣᠯᠠᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠦᠢᠯᠡᠳᠦᠯᠭᠡ ᠶᠢᠨ ᠲᠤᠷᠰᠢᠯᠭ᠎ᠠ ᠪᠠ ᠪᠠᠷᠠᠯᠬᠢᠯᠠᠯ ᠤᠨ ᠪᠣᠳᠣᠯᠬᠢᠯᠠᠯ ᠢ ᠨᠢ ᠬᠤᠪᠢᠶᠠᠯᠴᠠᠵᠤ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠶᠢᠨ ᠲᠥᠯᠥᠭᠡ ᠶᠤᠮ᠃
W020240816338118340323_ORIGIN.png
W020240816338118402098_ORIGIN.png
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ