︽ᠳᠤᠮᠳᠠᠳᠤ ᠤᠯᠤᠰ ︵ᠪᠡᠭᠡᠵᠢᠩ︶ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢᠨ 2024 ᠣᠨ ᠤ ᠭᠤᠤᠯᠳᠠᠯᠭ᠎ᠠ ᠲᠠᠢ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/8/2
  7 ᠳ᠋ᠤᠭᠠᠷ ᠰᠠᠷ᠎ᠠ ᠶᠢᠨ 30 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ︽ᠳᠤᠮᠳᠠᠳᠤ ᠤᠯᠤᠰ ︵ᠪᠡᠭᠡᠵᠢᠩ︶ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢᠨ 2024 ᠣᠨ ᠤ ᠭᠤᠤᠯᠳᠠᠯᠭ᠎ᠠ ᠲᠠᠢ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠾᠢ ᠮᠠ ᠬᠤᠩ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠡᠯᠧᠺᠲᠷᠣᠨ ᠵᠤᠷᠭᠠᠨ ᠤ ᠳᠠᠷᠤᠭ᠎ᠠ ᠴᠢᠶᠣᠤ ᠶᠤᠸᠠᠢ ᠱᠠᠨ ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠰᠢᠤᠢ ᠶᠢᠨ ᠨᠠᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠬᠤᠷᠠᠯ ᠠᠴᠠ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠤᠨ ᠬᠡᠲᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠥᠯᠥᠪᠯᠡᠭᠡ ᠶᠢ ᠠᠬᠢᠭᠤᠯᠬᠤ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠪᠠ ᠠᠬᠢᠴᠠ ᠶᠢᠨ ᠪᠠᠶᠢᠳᠠᠯ ᠢ ᠮᠡᠳᠡᠭᠳᠡᠪᠡ᠃ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠠᠴᠠ ᠪᠡᠭᠡᠵᠢᠩ ᠤᠨ ᠬᠡᠲᠦ ᠥᠨᠳᠥᠷ ᠲᠤᠳᠤᠷᠠᠴᠠᠲᠤ ᠲᠤᠷᠰᠢᠯᠲᠠ ᠶᠢᠨ ᠴᠡᠭ ᠤᠨ ᠶᠡᠷᠦᠩᠬᠡᠶ ᠪᠠᠶᠢᠳᠠᠯ ᠪᠠ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠵᠤ᠂ ᠪᠡᠭᠡᠵᠢᠩ ᠤᠨ ᠷᠠᠳᠢᠣ᠋ ᠲᠧᠯᠸᠢᠰ ᠬᠤᠷᠢᠶ᠎ᠠ᠂ ᠪᠡᠭᠡᠵᠢᠩ ᠤᠨ ᠭᠧ ᠬᠤᠸᠠ᠂ ᠪᠡᠭᠡᠵᠢᠩ ᠤᠨ ᠰᠢᠨ᠎ᠡ ᠵᠠᠭᠤᠴᠢᠯᠠᠭᠤᠷ᠂ ᠪᠡᠭᠡᠵᠢᠩ ᠤᠨ ᠴᠠᠬᠢᠯᠭᠠᠨ ᠬᠤᠯᠪᠣᠭ᠎ᠠ᠂ ᠪᠡᠭᠡᠵᠢᠩ ᠤᠨ ᠰᠢᠯᠵᠢᠮᠡᠯ ᠬᠤᠯᠪᠤᠭ᠎ᠠ᠂ ᠪᠡᠭᠡᠵᠢᠩ ᠤᠨ ᠨᠢᠭᠡᠳᠦᠮᠡᠯ ᠬᠤᠯᠪᠣᠭ᠎ᠠ᠂ ᠠᠢ ᠴᠢ ᠢ᠂ ᠶᠢᠦ ᠺᠦ᠋᠂ ᠮᠢ ᠭᠦ᠋᠂ ᠵᠧᠩ ᠦ᠋ ᠶᠠᠩ ᠭᠤᠸᠠᠩ᠂ ᠸᠠᠨ ᠮᠸᠢ ᠱᠢ ᠵᠢᠶᠧ ᠂ ᠬᠤᠸᠠ ᠼᠧ ᠺᠢᠨᠣ᠋ ᠲᠧᠯᠸᠢᠰ ᠵᠡᠷᠭᠡ ᠪᠡᠭᠡᠵᠢᠩ ᠤᠨ ᠬᠡᠲᠦ ᠥᠨᠳᠥᠷ ᠲᠤᠳᠤᠷᠠᠴᠠᠲᠤ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠭᠤᠤᠯ ᠴᠣᠭᠴᠠ ᠶᠢᠨ ᠨᠢᠭᠡᠴᠢ  ᠠᠴᠠ ᠲᠤᠷᠰᠢᠯᠲᠠ ᠶᠢᠨ ᠴᠡᠭ ᠤᠨ ᠡᠭᠦᠷᠭᠡ ᠶᠢ ᠠᠬᠢᠭᠤᠯᠤᠭᠰᠠᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ᠃  ᠬᠤᠷᠠᠯ ᠠᠴᠠ᠂ ᠡᠨᠡ ᠵᠢᠯ ᠪᠣᠯ ᠪᠡᠭᠡᠵᠢᠩ ᠣᠷᠣᠨ ᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ ᠠᠴᠠ ᠳᠠᠪᠠᠭᠰᠠᠨ ᠵᠢᠯ᠂ ᠵᠠᠩᠭᠢᠯᠠᠭ᠎ᠠ ᠶᠢᠨ ᠵᠢᠯ ᠪᠣᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠪᠡᠭᠡᠵᠢᠩ ᠤᠨ ᠬᠡᠳᠦ ᠥᠨᠳᠥᠷ ᠲᠤᠳᠤᠷᠠᠴᠠᠲᠤ ᠲᠤᠷᠰᠢᠯᠲᠠ ᠶᠢᠨ ᠴᠡᠭ ᠢ ᠲᠡᠦᠬᠡ ᠪᠠ ᠴᠠᠭ ᠤᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠵᠤ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠣᠯᠭᠠᠬᠤ ︽ᠰᠣᠳᠣᠨ ᠢᠨᠵᠧᠨᠧᠷᠢᠩ︾᠂ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠬᠤᠷᠠᠯ ᠠᠴᠠ᠂ ᠦᠵᠦᠭᠦᠷ ᠪᠦᠬᠦ ᠬᠡᠯᠬᠢᠶ᠎ᠡ ᠳᠤ ᠬᠦᠷᠴᠦ ᠪᠡᠭᠡᠵᠢᠩ ᠣᠷᠣᠨ ᠤ ᠬᠡᠲᠦ ᠥᠨᠳᠥᠷ ᠲᠤᠳᠤᠷᠠᠴᠠᠲᠤ ᠲᠤᠷᠰᠢᠯᠲᠠ ᠶᠢᠨ ᠴᠡᠭ ᠢ ᠠᠬᠢᠭᠤᠯᠬᠤ ᠬᠡᠷᠡᠭᠲᠡᠢ᠃ ᠨᠢᠭᠡ ᠳᠤ᠂ ᠣᠨᠴᠠ ᠲᠤᠳᠤᠷᠠᠴᠠᠲᠤ ᠠᠭᠤᠯᠭ᠎ᠠ ᠶᠢᠨ ᠬᠠᠩᠭᠠᠯᠭ᠎ᠠ ᠶᠢ ᠪᠠᠶᠠᠯᠢᠭᠵᠢᠭᠤᠯᠵᠤ᠂ ᠦᠢᠯᠡᠳᠬᠦ ᠪᠠᠶᠢᠭᠤᠯᠤᠮᠵᠢ ᠶᠢᠨ ᠥᠨᠳᠥᠷ ᠲᠤᠳᠤᠷᠠᠴᠠᠲᠤ ᠪᠠᠷᠢᠮᠵᠢᠶ᠎ᠠ ᠪᠠᠷ ᠲᠧᠯᠸᠢᠰ ᠵᠦᠴᠦᠭᠡ᠂ ᠰᠦᠯᠵᠢᠶᠡᠨ ᠵᠦᠴᠦᠭᠡ᠂ ᠪᠠᠷᠢᠮᠲᠠᠲᠤ ᠺᠢᠨᠣ᠋ ᠵᠡᠷᠭᠡ ᠫᠷᠤᠭ᠍ᠷᠠᠮ ᠢ ᠰᠡᠭᠦᠳᠡᠷᠯᠡᠨ ᠦᠢᠯᠡᠳᠬᠦ ᠶᠢ ᠵᠣᠷᠢᠭᠵᠢᠭᠤᠯᠤᠨ ᠲᠡᠳᠬᠦᠵᠦ᠂ 2024 ᠠᠴᠠ 2026 ᠣᠨ ᠪᠣᠯᠲᠠᠯ᠎ᠠ᠂ ᠪᠡᠭᠡᠵᠢᠩ ᠣᠷᠣᠨ ᠤ ᠬᠡᠲᠦ ᠥᠨᠳᠥᠷ ᠲᠤᠳᠤᠷᠠᠴᠠᠲᠤ ᠫᠷᠤᠭ᠍ᠷᠠᠮ ᠤᠨ ᠦᠢᠯᠡᠳᠬᠡᠯ ᠤᠨ ᠶᠡᠷᠦᠩᠬᠡᠢ ᠴᠠᠭ ᠤᠨ ᠣᠷᠳᠣ ᠨᠢ 15% ᠠᠴᠠ ᠳᠣᠣᠷ᠎ᠠ ᠦᠭᠡᠢ ᠨᠡᠮᠡᠭᠳᠡᠯ ᠤᠨ ᠬᠤᠷᠳᠤᠴᠠ ᠠᠴᠠ ᠵᠢᠯ ᠳᠠᠷᠠᠭᠠᠯᠠᠨ ᠳᠡᠭᠡᠭᠰᠢᠯᠡᠭᠦᠯᠦᠨ᠎ᠡ︔ ᠬᠤᠶᠠᠷ ᠲᠤ᠂ ᠣᠨᠴᠠ ᠲᠤᠳᠤᠷᠠᠴᠠᠲᠤ ᠰᠤᠪᠠᠭ ᠬᠡᠪᠴᠢᠶᠡᠵᠢᠭᠦᠯᠦᠭᠰᠡᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 2024 ᠠᠴᠠ 2025 ᠣᠨ ᠪᠣᠯᠲᠠᠯ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠲᠧᠯᠸᠢᠰ ᠵᠦᠴᠦᠭᠡ᠂ ᠪᠠᠷᠢᠮᠲᠠᠲᠤ ᠺᠢᠨᠣ᠋ ᠵᠡᠷᠭᠡ 4 ᠰᠤᠪᠠᠭ ᠵᠢᠴᠢ ᠪᠡᠭᠡᠵᠢᠩ ᠤᠨ ᠲᠧᠯᠸᠢᠰ ᠬᠤᠷᠢᠶ᠎ᠠ ᠶᠢᠨ ᠬᠡᠲᠦ ᠥᠨᠳᠥᠷ ᠲᠤᠳᠤᠷᠠᠴᠠᠲᠤ ᠰᠤᠪᠠᠭ ᠢ ᠨᠡᠪᠲᠡᠷᠡᠭᠦᠯᠬᠦ ᠶᠢ ᠵᠠᠯᠭᠠᠭ᠎ᠠ ᠪᠠᠷ ᠪᠡᠶᠡᠯᠡᠭᠦᠯᠦᠨ᠎ᠡ︔ ᠭᠤᠷᠪᠠ ᠳᠤ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠫᠷᠤᠭ᠍ᠷᠠᠮ ᠤᠨ ᠬᠡᠲᠦ ᠥᠨᠳᠥᠷ ᠲᠤᠳᠤᠷᠠᠴᠠᠲᠤ ᠶᠢ ᠠᠬᠢᠭᠤᠯᠵᠤ᠂ 2026 ᠣᠨ ᠳᠤ ᠠᠶ ᠴᠢ ᠢ᠂ ᠶᠢᠦ ᠺᠦ᠋᠂ ᠮᠢ ᠭᠦ᠋ ᠵᠡᠷᠭᠡ ᠪᠡᠭᠡᠵᠢᠩ ᠤᠨ ᠲᠤᠯᠤᠭᠠᠶᠢᠯᠠᠭᠴᠢ ᠬᠡᠰᠡᠭ ᠤᠨ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠵᠢᠯ ᠤᠨ ᠰᠢᠨ᠎ᠡ ᠪᠠᠷ ᠨᠡᠮᠡᠭᠳᠡᠭᠰᠡᠨ ᠫᠷᠤᠭ᠍ᠷᠠᠮ ᠤᠨ ᠳᠣᠲᠣᠷᠠᠬᠢ ᠬᠡᠲᠦ ᠥᠨᠳᠥᠷ ᠲᠤᠳᠤᠷᠠᠴᠠᠲᠤ ᠶᠢᠨ ᠡᠵᠡᠯᠡᠬᠦ ᠬᠠᠷᠢᠴᠠᠯ ᠨᠢ 50% ᠶᠢ ᠳᠠᠪᠠᠪᠠ︔ ᠳᠥᠷᠪᠡ ᠳᠤ᠂ ᠰᠦᠯᠵᠢᠶ᠎ᠡ ᠶᠢ ᠲᠠᠰ ᠳᠡᠪᠰᠢᠭᠦᠯᠦᠨ ᠥᠭᠡᠷᠡᠴᠢᠯᠡᠬᠦ ᠪᠠ ᠬᠡᠲᠦ ᠥᠨᠳᠥᠷ ᠲᠤᠳᠤᠷᠠᠴᠠᠲᠤ ᠶᠢ ᠲᠥᠭᠡᠮᠡᠯᠵᠢᠭᠦᠯᠬᠦ ᠶᠢ ᠲᠦᠷᠭᠡᠳᠬᠡᠵᠦ᠂ 2025 ᠣᠨ ᠳᠤ ᠪᠡᠭᠡᠵᠢᠩ ᠤᠨ ᠤᠲᠠᠰᠤᠲᠤ ᠲᠧᠯᠸᠢᠰ᠂ IPTV 20 ᠰᠤᠪᠠᠭ ᠠᠴᠠ ᠳᠡᠭᠡᠭᠰᠢᠬᠢ ᠬᠡᠲᠦ ᠥᠨᠳᠥᠷ ᠲᠤᠳᠤᠷᠠᠴᠠᠲᠤ ᠰᠤᠪᠠᠭ ᠢᠶᠠᠷ ᠳᠠᠮᠵᠢᠭᠤᠯᠬᠤ ᠳᠠᠭᠠᠭᠠᠴᠠ ᠶᠢ ᠪᠡᠶᠡᠯᠡᠭᠦᠯᠵᠦ᠂ ᠪᠡᠭᠡᠵᠢᠩ ᠤᠨ IPTV ᠬᠡᠲᠦ ᠥᠨᠳᠥᠷ ᠲᠤᠳᠤᠷᠠᠴᠠᠲᠤ ᠲᠧᠯᠸᠢᠰ ᠤᠨ ᠳᠠᠪᠲᠠᠮᠵᠢ ᠬᠦᠯᠢᠶᠡᠭᠦᠷ ᠢ ᠬᠡᠷᠡᠭᠯᠡᠭᠴᠢᠳ ᠲᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ 2026 ᠣᠨ ᠳᠤ᠂ ᠪᠡᠭᠡᠵᠢᠩ ᠤᠨ ᠤᠲᠠᠰᠤᠲᠤ ᠲᠧᠯᠸᠢᠰ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠳᠠᠪᠲᠠᠮᠵᠢ ᠬᠦᠯᠢᠶᠡᠭᠦᠷ ᠢ ᠬᠡᠷᠡᠭᠯᠡᠭᠴᠢᠳ ᠲᠤ ᠪᠦᠲᠦᠮᠵᠢᠲᠡᠶ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠪᠠ᠃  ᠬᠤᠷᠠᠯ ᠠᠴᠠ ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠪᠡᠭᠡᠵᠢᠩ ᠤᠨ ᠬᠡᠲᠦ ᠥᠨᠳᠥᠷ ᠲᠤᠳᠤᠷᠠᠴᠠᠲᠤ ᠲᠤᠷᠰᠢᠯᠲᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠪᠠ ᠴᠠᠭ ᠤᠨ ᠠᠬᠢᠴᠠ ᠶᠢᠨ ᠲᠣᠬᠢᠷᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠶᠢ ᠨᠢᠭᠡᠳᠦᠯᠲᠡᠶ ᠲᠥᠯᠥᠪᠯᠡᠨ᠂ ᠲᠤᠷᠰᠢᠯᠲᠠ ᠶᠢᠨ ᠴᠡᠭ ᠢᠶᠠᠷ ᠳᠠᠮᠵᠢᠭᠤᠯᠤᠨ ᠬᠡᠲᠦ ᠥᠨᠳᠥᠷ ᠲᠤᠳᠤᠷᠠᠴᠠᠲᠤ ᠴᠢᠨᠠᠷ ᠰᠠᠶᠢᠲᠠᠶ ᠠᠭᠤᠯᠭ᠎ᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠰᠦᠯᠵᠢᠶᠡᠨ ᠤ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠭᠥᠯᠢᠶᠡᠨ ᠠᠪᠬᠤ ᠦᠵᠦᠭᠦᠷ ᠢ ᠬᠡᠲᠦ ᠥᠨᠳᠥᠷ ᠲᠤᠳᠤᠷᠠᠴᠠᠲᠤ ᠪᠦᠲᠦᠮᠵᠢᠲᠡᠶ ᠪᠠᠷ ᠲᠤᠯᠭᠠᠭᠤᠷᠢᠯᠠᠬᠤ ᠶᠢ ᠴᠢᠩᠭᠠᠷᠠᠭᠤᠯᠵᠤ᠂ ᠠᠵᠤ ᠦᠢᠯᠡᠰ ᠤᠨ ᠣᠷᠳᠣ ᠬᠤᠭᠤᠴᠠᠭᠠᠨ ᠤ ᠪᠦᠲᠦᠮᠵᠢᠲᠡᠶ ᠲᠤᠯᠭᠠᠭᠤᠷᠢᠯᠠᠯ ᠢ ᠴᠢᠩᠭᠠᠷᠠᠭᠤᠯᠤᠨ᠂ ᠶᠠᠰᠤ ᠴᠢᠨᠠᠷ ᠲᠤ ᠬᠢᠨᠠᠯᠲᠠ ᠲᠠᠯᠪᠢᠬᠤ ᠵᠣᠬᠢᠴᠠᠮᠵᠢ  ᠶᠢ ᠪᠦᠷᠢᠨᠰᠢᠬᠦᠯᠵᠦ᠂ ᠪᠡᠶ᠎ᠡ ᠪᠠᠨ ᠳᠠᠭᠠᠭᠠᠭᠰᠠᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠨ᠂ ᠪᠡᠶ᠎ᠡ ᠪᠠᠨ ᠳᠠᠭᠠᠭᠠᠭᠰᠠᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠥᠬᠦ ᠤᠯᠤᠰ ᠢ ᠨᠥᠯᠥᠭᠡᠯᠡᠵᠦ᠂ ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠪᠥᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠵᠤ᠂ ᠪᠦᠬᠦᠯᠢ ᠴᠣᠭᠴᠠ ᠶᠢᠨ ᠦᠰᠦᠷᠦᠯᠲᠡ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃  ᠳᠡᠯᠡᠬᠡᠢ ᠶᠢᠨ ᠤᠨᠴᠠ ᠦᠨᠳᠦᠷ ᠲᠤᠳᠤᠷᠠᠴᠠᠲᠤ ᠠᠵᠤ ᠦᠢᠯᠡᠰ ᠤᠨ ᠬᠤᠯᠪᠤᠭ᠎ᠠ᠂ ᠳᠤᠮᠳᠠᠳᠤ ᠤᠯᠤᠰ ᠤᠨ ᠡᠯᠧᠺᠲᠷᠣᠨ ᠳᠦᠷᠰᠦ ᠰᠢᠩᠭᠡᠭᠡᠯᠲᠡ ᠶᠢᠨ ᠠᠵᠢᠯ ᠲᠦᠷᠦᠯ ᠤᠨ ᠨᠡᠶᠢᠭᠡᠮᠯᠢᠭ᠂ ᠬᠡᠳᠦ ᠦᠨᠳᠦᠷ ᠲᠤᠳᠤᠷᠠᠴᠠᠲᠤ ᠸᠢᠳᠢᠣ᠋ ︵ᠪᠡᠭᠡᠵᠢᠩ︶ ᠦᠢᠯᠡᠳᠬᠦ ᠮᠡᠷᠭᠡᠵᠢᠯ ᠤᠨ ᠬᠠᠮᠵᠢᠯᠴᠠᠭᠠᠨ ᠤ ᠲᠥᠪ ᠵᠢᠴᠢ ᠪᠡᠭᠡᠵᠢᠩ ᠤᠨ ᠬᠡᠳᠦ ᠦᠨᠳᠦᠷ ᠲᠤᠳᠤᠷᠠᠴᠠᠲᠤ ᠠᠵᠤ ᠦᠢᠯᠡᠰ ᠤᠨ ᠬᠡᠯᠬᠢᠶ᠎ᠡ ᠶᠢᠨ 20 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ