| | | | | | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠭᠦᠨᠵᠡᠭᠡᠶ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠬᠦ ᠶᠢᠨ ᠲᠤᠰᠠᠳᠠ᠂ 7 ᠳ᠋ᠤᠭᠠᠷ ᠰᠠᠷ᠎ᠠ ᠶᠢᠨ 31 ᠤ ᠡᠳᠦᠷ᠂ ᠮᠠᠨ ᠤ | ᠲᠣᠪᠴᠢᠶ᠎ᠠ ᠳᠥᠷᠪᠡᠳᠦᠭᠡᠷ ᠬᠤᠭᠤᠴᠠᠭᠠᠨ ᠤ ︽ᠷᠠᠳᠢᠣ᠋ ᠲᠧᠯᠸᠢᠰ ᠤᠨ ᠬᠢᠴᠢᠶᠡᠯ ᠤᠨ ᠲᠠᠩᠬᠢᠮ︾ ᠢ ᠡᠷᠭᠢᠯᠡᠵᠦ᠂ ᠲᠣᠪᠴᠢᠶ᠎ᠠ ᠶᠢᠨ ᠪᠠᠶᠢᠭᠤᠯᠭ᠎ᠠ ᠶᠢᠨ ᠬᠤᠶᠠᠷ ᠨᠥᠬᠦᠷ ᠲᠣᠰ | ᠲᠣᠰ ︽ᠬᠡᠷᠡᠭ ᠢᠶᠠᠷ ᠰᠠᠬᠢᠯᠭ᠎ᠠ ᠶᠢ ᠶᠠᠷᠢᠵᠤ ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ︾᠂ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠢᠳᠭᠡᠯ ᠥᠭᠬᠦ ᠲᠦᠷᠢᠮ﹀ ᠢ ᠨᠡᠶᠢᠲᠡᠯᠡᠭᠰᠡᠨ ᠪᠠ ᠵᠠᠰᠠᠪᠤᠷᠢ ᠣᠷᠣᠭᠤᠯᠤᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠦᠵᠡᠬᠦ︾ | ᠰᠡᠳᠦᠪ ᠢᠶᠠᠷ᠂ ︽ᠲᠦᠷᠢᠮ︾ ᠢ ᠤᠬᠠᠭᠤᠯᠤᠨ ᠲᠠᠶᠢᠯᠪᠤᠷᠢᠯᠠᠬᠤ ᠶᠢ ᠦᠷᠭᠦᠯᠵᠢᠯᠡᠨ ᠴᠢᠩᠭᠠᠳᠬᠠᠪᠠ᠃ | ᠲᠣᠰ ᠬᠤᠭᠤᠴᠠᠭᠠᠨ ᠤ ᠶᠠᠷᠢᠶᠠᠨ ᠤ ᠲᠠᠩᠬᠢᠮ ᠨᠢ ︽ᠲᠦᠷᠢᠮ︾ ᠤᠨ ᠬᠥᠭᠵᠢᠯᠲᠡ ᠶᠢᠨ ᠬᠤᠪᠢᠷᠠᠯᠲᠠ᠂ ᠵᠠᠰᠠᠪᠤᠷᠢ ᠣᠷᠣᠭᠤᠯᠤᠭᠰᠠᠨ ᠶᠠᠪᠤᠴᠠ᠂ ᠠᠭᠤᠯᠤᠭᠳᠠᠬᠤᠨ | ᠪᠠ ᠠᠴᠢ ᠬᠤᠯᠪᠣᠭᠳᠠᠯ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠵᠢᠱᠢᠶ᠎ᠡ ᠶᠢᠨ ︽ᠠᠮᠢᠳᠤᠯᠢᠭ | ᠵᠢᠭᠠᠬᠤ ᠮᠠᠲ᠋ᠧᠷᠢᠶᠠᠯ︾ ᠢᠶᠠᠷ ᠰᠠᠬᠢᠯᠭ᠎ᠠ ᠪᠠᠲᠤ ᠶᠢ ᠵᠥᠷᠢᠴᠡᠭᠰᠡᠨ ᠪᠣᠳᠠᠲᠤ ᠬᠡᠷᠡᠭ ᠤᠨ ᠬᠠᠷᠠᠭᠠᠯᠵᠠᠭᠰᠠᠨ ᠪᠣᠳᠠᠲᠠᠶ ᠲᠦᠷᠢᠮ ᠪᠠ ᠨᠠᠮ ᠤᠨ ᠰᠠᠬᠢᠯᠭ᠎ᠠ ᠪᠠᠲᠤ ᠶᠢ | ᠣᠮᠲᠣᠭᠠᠶᠢᠯᠠᠭᠰᠠᠨ᠂ ᠨᠠᠮ ᠤᠨ ᠰᠠᠬᠢᠯᠭ᠎ᠠ ᠪᠠᠲᠤ ᠶᠢ ᠵᠥᠷᠢᠴᠡᠭᠰᠡᠨ ᠦᠷ᠎ᠡ ᠳ᠋ᠦᠩ ᠤᠨ ᠦᠨ᠎ᠡ ᠥᠷᠲᠡᠭ ᠢ ᠨᠠᠷᠢᠨ ᠲᠠᠶᠢᠯᠪᠤᠷᠢᠯᠠᠵᠠᠶ᠃ | ᠲᠤᠰ ᠤᠳᠠᠭᠠᠨ ᠤ ︽ᠷᠠᠳᠢᠣ᠋ ᠲᠧᠯᠸᠢᠰ ᠤᠨ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠵᠢᠷᠭᠤᠭᠠᠨ ᠵᠦᠢᠯ ᠤᠨ ᠰᠠᠬᠢᠯᠭ᠎ᠠ | ᠪᠠᠲᠤ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠶᠣᠰᠣ ᠳᠦᠷᠢᠮ ᠤᠨ ᠱᠠᠭᠠᠷᠳᠠᠯᠭ᠎ᠠ ᠶᠢ ᠨᠡᠩ ᠭᠦᠨᠵᠡᠭᠡᠢ ᠡᠵᠡᠮᠰᠢᠵᠦ᠂ ᠤᠯᠠᠨ ᠢᠶᠠᠷ ᠢᠶᠠᠨ ᠢᠯᠡᠷᠬᠡᠶᠢᠯᠡᠬᠦ ᠳᠤ ᠪᠠᠨ᠂ | ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠳᠠᠷᠬᠠᠯᠠᠭ᠎ᠠ ᠪᠠᠨ ᠰᠠᠶᠢᠵᠢᠷᠠᠭᠤᠯᠵᠤ᠂ | ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠵᠠᠯᠠᠷᠠᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ︽ | ᠠᠩᠬᠠᠨ ᠤ ᠲᠣᠪᠴᠢ︾ ᠶᠢ ᠰᠠᠶᠢᠲᠤᠷ ᠲᠣᠪᠴᠢᠯᠠᠵᠤ᠂ ᠠᠷᠢᠭᠤᠨ ᠴᠢᠬᠡᠴᠢ ᠮᠥᠨ ᠴᠢᠨᠠᠷ ᠢᠶᠠᠨ ᠡᠭᠦᠷᠢᠳᠡ ᠬᠠᠳᠠᠭᠠᠯᠠᠨ᠎ᠠ ᠭᠡᠵᠡᠢ᠃ | ︵ᠪᠠᠶᠢᠭᠤᠯᠭ᠎ᠠ ᠶᠢᠨ ᠨᠠᠮ ᠤᠨ ᠬᠤᠷᠢᠶ᠎ᠠ ︶ | |