BIRTV 2024 ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/8/20
  8 ᠳ᠋ᠤᠭᠠᠷ ᠰᠠᠷ᠎ᠠ ᠶᠢᠨ 21 ᠤ ᠡᠳᠦᠷ᠂ ᠭᠤᠴᠢᠨ ᠨᠢᠭᠡᠳᠦᠭᠡᠷ ᠬᠤᠭᠤᠴᠠᠭᠠᠨ ᠤ ᠪᠡᠭᠡᠵᠢᠩ ᠤᠨ ᠤᠯᠠᠨ ᠤᠯᠤᠰ ᠤᠨ ᠷᠠᠳᠢᠣ᠋ ᠺᠢᠨᠣ᠋ ᠲᠧᠯᠸᠢᠰ ᠤᠨ ᠦᠵᠡᠰᠬᠦᠯᠡᠩ ᠤᠨ ᠴᠤᠭᠯᠠᠭᠠᠨ ︵BIRTV 2024︶ ᠤ ᠬᠤᠭᠤᠴᠠᠭᠠᠨ ᠳᠤ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠤᠯᠠᠨ ᠤᠯᠤᠰ ᠤᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭᠠᠨ ᠤ ᠬᠢᠵᠠᠭᠠᠷᠲᠤ ᠺᠣᠮᠫᠠᠨᠢ ᠪᠣᠯᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠪᠡᠭᠡᠵᠢᠩ ᠳᠤ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ︾ ᠢ ᠡᠷᠬᠢᠯᠡᠪᠡ᠃ ᠶᠠᠷᠢᠶᠠᠨ ᠤ ᠲᠠᠪᠴᠠᠩ ᠨᠢ ︽ᠬᠠᠮ ᠵᠠᠭᠤᠴᠢᠯᠠᠭᠤᠷ᠂ ᠬᠡᠳᠦ ᠦᠨᠳᠦᠷ ᠲᠤᠳᠤᠷᠠᠴᠠᠲᠤ᠂ ᠬᠦᠴᠦᠷᠬᠡᠭ ᠣᠶᠤᠨᠴᠢ︾ ᠶᠢᠨ ᠲᠤᠭᠤᠷᠢᠨ ᠳᠤ᠂ ᠲᠦᠪ ᠤᠨ ᠷᠠᠳᠢᠤ᠋ ᠲᠧᠯᠸᠢᠰ ᠤᠨ ᠶᠡᠷᠦᠩᠭᠡᠢ ᠬᠤᠷᠢᠶ᠎ᠠ᠂ ᠰᠧᠴᠤᠸᠠᠨ ᠤ ᠷᠠᠳᠢᠤ᠋ ᠲᠧᠯᠸᠢᠰ ᠬᠤᠷᠢᠶ᠎ᠠ᠂ ᠾᠧᠨᠠᠨ ᠤ ᠷᠠᠳᠢᠤ᠋ ᠲᠧᠯᠸᠢᠰ ᠬᠤᠷᠢᠶ᠎ᠠ᠂ ᠱᠠᠨᠰᠢ ᠶᠢᠨ ᠷᠠᠳᠢᠤ᠋ ᠲᠧᠯᠸᠢᠰ ᠬᠤᠷᠢᠶ᠎ᠠ᠂ ᠰᠦᠵᠸᠤ ᠶᠢᠨ ᠷᠠᠳᠢᠤ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠲᠧᠯᠸᠢᠰ ᠤᠨ ᠺᠤᠮᠫᠠᠨᠢ᠂ ᠲᠧᠩ ᠰᠢᠶᠦ᠋ᠨ᠂ ᠠᠢ ᠴᠢ ᠢ᠂ ᠸᠧᠢ ᠯᠠᠢ ᠳ᠋ᠢᠶᠠᠨ ᠱᠢ᠂ ᠦᠬᠠᠨ ᠵᠢᠶᠠᠨ ᠱᠢ ᠬᠠᠮᠢᠶ᠎ᠠ ᠪᠦᠬᠦᠢ ᠪᠠᠶᠢᠭᠤᠯᠤᠮᠵᠢ ᠶᠢᠨ ᠬᠠᠷᠢᠭᠤᠴᠠᠯᠭᠠᠳᠠᠨ ᠢ ᠤᠷᠢᠵᠤ᠂ ᠠᠭᠤᠯᠭ᠎ᠠ ᠶᠢᠨ ᠲᠠᠯ᠎ᠠ ᠪᠠᠷ ᠰᠢᠨ᠎ᠠ ᠶᠢ ᠡᠬᠦᠳᠬᠦ᠂ ᠮᠡᠷᠭᠡᠵᠢᠯ ᠤᠨ ᠰᠢᠨ᠎ᠠ ᠶᠢ ᠡᠬᠦᠳᠬᠦ᠂ ᠤᠯᠠᠨ ᠤᠯᠤᠰ ᠤᠨ ᠲᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠳᠠ ᠵᠡᠷᠭᠡ ᠲᠠᠯ᠎ᠠ ᠪᠠᠷ ᠷᠠᠳᠢᠤ᠋ ᠲᠧᠯᠸᠢᠰ ᠤᠨ ᠰᠦᠯᠵᠢᠶᠡᠨ ᠤ ᠴᠢᠨᠠᠷ ᠰᠠᠶᠢᠳᠠᠢ ᠬᠦᠭᠵᠢᠯᠳᠠ ᠶᠢᠨ ᠠᠷᠭ᠎ᠠ ᠵᠠᠮ ᠢ ᠰᠤᠳᠤᠯᠤᠨ ᠶᠠᠷᠢᠯᠴᠠᠵᠠᠢ᠃ ᠶᠠᠷᠢᠶᠠᠨ ᠤ ᠲᠠᠪᠴᠠᠩ ᠳᠤ ᠪᠠᠰᠠ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢᠨ ᠬᠠᠨᠳᠤᠰᠢ ᠶᠢᠨ ᠮᠡᠳᠡᠭᠦᠯᠦᠯᠲᠡ︾ ᠶᠢ ᠨᠡᠶᠢᠲᠡᠯᠡᠪᠡ᠃  ᠨᠢᠭᠡ᠂ ᠠᠭᠤᠯᠭ᠎ᠠ ᠶᠢᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠷᠠᠳᠢᠣ᠋ ᠲᠧᠯᠸᠢᠰ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠰᠤᠳᠤᠯᠤᠨ ᠶᠠᠷᠢᠯᠴᠠᠪᠠ  ᠲᠦᠪ ᠤᠨ ᠷᠠᠳᠢᠣ᠋ ᠲᠧᠯᠸᠢᠰ ᠤᠨ ᠶᠡᠷᠦᠩᠭᠡᠢ ᠬᠤᠷᠢᠶᠠᠨ ᠤ ᠬᠡᠳᠦ ᠦᠨᠳᠦᠷ ᠲᠤᠳᠤᠷᠠᠴᠠᠲᠤ ᠸᠢᠳᠢᠣ᠋ ᠳᠠᠭᠤ ᠰᠢᠩᠭᠡᠭᠡᠯᠲᠡ ᠦᠢᠯᠡᠳᠴᠦ ᠨᠡᠪᠲᠡᠷᠡᠭᠦᠯᠬᠦ ᠨᠢ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠤᠨ ᠲᠡᠳ᠋ ᠡᠷᠬᠢᠯᠡᠭᠴᠢ ᠵᠤᠤ ᠬᠦᠢ ᠬᠤᠸᠠ ︽ᠲᠦᠪ ᠤᠨ ᠷᠠᠳᠢᠣ᠋ ᠲᠧᠯᠸᠢᠰ ᠤᠨ ᠶᠡᠷᠦᠩᠭᠡᠢ ᠬᠤᠷᠢᠶᠠᠨ ᠤ AIGC ᠮᠡᠷᠭᠡᠵᠢᠯ ᠤᠨ ᠰᠤᠳᠤᠯᠤᠨ ᠨᠡᠭᠡᠭᠡᠯᠳᠡ ᠪᠠ ᠠᠭᠤᠯᠭ᠎ᠠ ᠶᠢᠨ ᠦᠢᠯᠡᠳᠪᠤᠷᠢᠯᠡᠯ︾ ᠭᠡᠬᠦ ᠰᠡᠳᠦᠪ ᠢᠶᠠᠷ ᠶᠠᠷᠢᠶ᠎ᠠ ᠲᠠᠯᠪᠢᠵᠦ᠂ ᠶᠡᠷᠦᠩᠭᠡᠢ ᠬᠤᠷᠢᠶᠠᠨ ᠤ AIGC ᠮᠡᠷᠭᠡᠵᠢᠯ ᠤᠨ ᠰᠤᠳᠤᠯᠤᠨ ᠨᠡᠭᠡᠭᠡᠯᠳᠡ ᠪᠠ ᠠᠭᠤᠯᠭ᠎ᠠ ᠶᠢᠨ ᠦᠢᠯᠡᠳᠪᠤᠷᠢᠯᠡᠯ ᠤᠨ ᠪᠠᠶᠢᠳᠠᠯ ᠢ ᠲᠠᠨᠢᠯᠴᠠᠭᠤᠯᠪᠠ᠃ ᠵᠣᠣ ᠬᠦᠶ ᠬᠤᠸᠠ ᠢᠯᠡᠷᠬᠡᠶᠢᠯᠡᠬᠦ ᠳᠤ ᠪᠠᠨ᠂ ᠶᠡᠷᠦᠩᠬᠡᠶ ᠬᠤᠷᠢᠶ᠎ᠠ AIGC ᠮᠡᠷᠭᠡᠵᠢᠯ ᠢ ᠢᠳᠡᠪᠬᠢᠲᠡᠶ ᠰᠤᠳᠤᠯᠤᠨ ᠨᠡᠭᠡᠭᠡᠵᠦ᠂ ᠦᠵᠡᠵᠦ ᠰᠣᠨᠣᠰᠬᠤ ᠵᠠᠭᠤᠴᠢᠯᠠᠭᠤᠷ ᠤᠨ ᠲᠣᠮᠣ ᠵᠠᠭᠪᠤᠷ ᠤᠨ ᠴᠢᠳᠠᠮᠵᠢ ᠶᠢᠨ ᠬᠡᠰᠡᠭ ᠢ ᠲᠡᠭᠦᠯᠳᠡᠷᠵᠢᠭᠦᠯᠦᠨ᠂ ᠬᠦᠴᠦᠨ ᠨᠡᠮᠡᠷᠢᠯᠡᠬᠦ ᠫᠷᠤᠭ᠍ᠷᠠᠮ ᠢ ᠦᠢᠯᠡᠳᠦᠨ᠎ᠡ ᠭᠡᠵᠡᠶ᠃ ᠣᠳᠣᠬᠠᠨ ᠳᠤ᠂ ᠶᠡᠷᠦᠩᠬᠡᠢ ᠬᠤᠷᠢᠶᠠᠨ ᠤ AIGC ᠨᠢ ᠨᠢᠭᠡᠨᠲᠡ ᠺᠠᠷᠲ᠋ᠣᠨ ᠺᠢᠨᠣ᠋ ᠦᠢᠯᠡᠳᠬᠦ᠂ ᠺᠢᠨᠣ᠋ ᠲᠧᠯᠸᠢᠰ ᠣᠷᠴᠢᠭᠤᠯᠤᠨ ᠦᠢᠯᠡᠳᠬᠦ᠂ ᠪᠡᠶ᠎ᠡ ᠶᠢᠨ ᠲᠠᠮᠢᠷ ᠤᠨ ᠳᠠᠮᠵᠢᠭᠤᠯᠤᠨ ᠨᠡᠪᠲᠡᠷᠡᠭᠦᠯᠬᠦ᠂ ᠣᠶᠤᠨᠴᠢ ᠪᠠᠷ ᠨᠠᠶᠢᠷᠠᠭᠤᠯᠬᠤ ᠲᠠᠯ᠎ᠠ ᠪᠠᠷ ᠬᠡᠷᠡᠭᠯᠡᠭᠡᠨ ᠤ ᠬᠢᠭᠡᠳ ᠬᠠᠪᠰᠤᠷᠤᠯᠭ᠎ᠠ ᠦᠵᠡᠭᠦᠯᠵᠡᠢ᠃ ᠢᠷᠡᠭᠡᠳᠦᠶ ᠳᠤ ᠶᠡᠷᠦᠩᠬᠡᠶ ᠬᠤᠷᠢᠶ᠎ᠠ ᠦᠷᠭᠦᠯᠵᠢᠯᠡᠨ ᠡᠯᠪᠡᠭ ᠪᠠᠶᠠᠯᠢᠭ ᠵᠠᠭᠤᠴᠢᠯᠠᠭᠤᠷ ᠤᠨ ᠦᠢᠯᠡᠳᠦᠨ ᠨᠡᠪᠲᠡᠷᠡᠭᠦᠯᠬᠦ ᠦᠵᠡᠭᠳᠡᠯ ᠢᠶᠠᠷ ᠲᠤᠷᠰᠢᠯᠲᠠ ᠶᠢᠨ ᠰᠠᠭᠤᠷᠢ ᠪᠣᠯᠭᠠᠵᠤ᠂ ᠵᠠᠭᠤᠴᠢᠯᠠᠭᠤᠷ ᠤᠨ ᠠᠵᠢᠯ ᠲᠥᠷᠥᠯ ᠤᠨ ᠬᠡᠷᠡᠭᠯᠡᠯᠲᠡ ᠪᠠᠷ ᠤᠳᠤᠷᠢᠳᠤᠮᠵᠢ ᠪᠣᠯᠭᠠᠵᠤ᠂ ᠵᠠᠭᠤᠴᠢᠯᠠᠭᠤᠷ ᠤᠨ ᠠᠮᠢ ᠠᠬᠤᠶ ᠶᠢ ᠳᠠᠬᠢᠨ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶ ᠪᠣᠯᠭᠠᠨ᠎ᠠ᠃  ᠬᠤᠨᠠᠨ ᠤ ᠣᠳᠤᠨ ᠲᠧᠯᠸᠢᠰ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠬᠢᠨᠠᠭᠴᠢ᠂ ᠮᠠᠩᠭᠦ᠋ᠸᠧ ᠬᠡᠳᠦ ᠵᠠᠭᠤᠴᠢᠯᠠᠭᠤᠷ ᠤᠨ ᠨᠠᠮ ᠤᠨ ᠬᠤᠷᠢᠶᠠᠨ ᠤ ᠳᠡᠳ᠋ ᠱᠦᠵᠢ ᠰᠦᠩ ᠳ᠋ᠢᠶᠠᠨ᠂ ᠾᠧᠨᠠᠨ ᠤ ᠣᠳᠤᠨ ᠲᠧᠯᠸᠢᠰ ᠤᠨ ᠶᠡᠷᠦᠩᠬᠡᠢ ᠬᠢᠨᠠᠭᠴᠢ ᠸᠠᠩ ᠴᠦᠨ ᠶᠠᠩ ᠪᠠ ᠰᠦᠵᠸᠤ ᠬᠤᠲᠠ ᠶᠢᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠬᠤᠷᠢᠶᠠᠨ ᠤ ᠳᠠᠷᠤᠭ᠎ᠠ᠂ ᠰᠦᠵᠸᠤ ᠶᠢᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠬᠡᠷᠡᠭ ᠮᠡᠳᠡᠭᠴᠢᠳ ᠤᠨ ᠳᠠᠷᠤᠭ᠎ᠠ ᠱᠧᠨ ᠯᠢᠩ ᠲᠥᠪ ᠲᠧᠯᠸᠢᠰ ᠤᠨ ᠬᠥᠭᠵᠢᠯᠲᠡ ᠶᠢᠨ ᠦᠢᠯᠡᠳᠦᠯᠭᠡ ᠲᠠᠢ ᠤᠶᠠᠯᠳᠤᠭᠤᠯᠵᠤ᠂ ᠣᠷᠤᠨ ᠨᠤᠲᠤᠭ ᠤᠨ ᠲᠧᠯᠸᠢᠰ ᠬᠤᠷᠢᠶᠠᠨ ᠤ ᠪᠠᠶᠢᠭᠤᠯᠤᠮᠵᠢ ᠶᠢ ᠠᠭᠤᠰᠤᠯᠴᠠᠭᠤᠯᠤᠨ ᠬᠦᠭᠵᠢᠭᠦᠯᠬᠦ ᠪᠠᠨ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠠᠷᠭ᠎ᠠ ᠲᠤᠷᠰᠢᠯᠭ᠎ᠠ ᠪᠠᠨ ᠲᠠᠨᠢᠯᠴᠠᠭᠤᠯᠪᠠ᠃ ᠰᠤᠶᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠤᠶᠠᠯᠳᠤᠭᠤᠯᠤᠭᠰᠠᠨ ᠨᠢ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ᠂ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃  ᠰᠦᠩ ᠳ᠋ᠢᠶᠠᠨ ︽ᠠᠭᠤᠰᠤᠯᠴᠠᠨ ᠰᠢᠨ᠎ᠡ ᠶᠢ ᠡᠭᠦᠳᠴᠦ᠂ ᠳᠠᠪᠠᠯᠭᠠᠨ ᠢ ᠵᠦᠰᠦᠨ ᠤᠷᠤᠭᠰᠢᠯᠠᠶ᠎ᠠ︾ ᠭᠡᠬᠦ ᠰᠡᠳᠦᠪ ᠢᠶᠠᠷ ᠶᠡᠷᠢᠶ᠎ᠠ ᠥᠷᠨᠢᠭᠦᠯᠬᠦ ᠳᠤᠮᠳᠠ᠂ ᠬᠤᠨᠠᠨ ᠤ ᠣᠳᠣᠨ ᠲᠧᠯᠸᠢᠰ ᠪᠣᠯᠤᠨ ᠮᠠᠩᠭᠦ᠋ᠸᠧ TV ᠨᠢ ᠬᠠᠮᠢᠶᠠᠷᠤᠯᠲᠠ᠂ ᠡᠬᠢ ᠪᠠᠶᠠᠯᠢᠭ᠂ ᠪᠦᠯᠬᠦᠮ ᠨᠡᠶᠢᠲᠡ᠂ ᠪᠠᠲᠤᠯᠠᠭ᠎ᠠ᠂ ᠠᠵᠤ ᠦᠢᠯᠡᠰ ᠤᠨ ᠬᠡᠯᠬᠢᠶ᠎ᠡ ᠶᠢᠨ ︽ᠲᠡᠪᠤᠨ ᠨᠡᠪᠲᠡᠷᠡᠯ ︾ ᠠᠭᠤᠰᠤᠯᠴᠠᠨ ᠰᠢᠨ᠎ᠡ ᠶᠢ ᠡᠭᠦᠳᠬᠦ ᠦᠢᠯᠡᠳᠦᠯᠭᠡ ᠪᠠᠷ ᠳᠠᠮᠵᠢᠭᠤᠯᠤᠨ ᠂ ᠵᠢᠱᠢᠶᠡᠯᠡᠪᠡᠯ᠂ ᠬᠤᠣᠰ ᠲᠠᠪᠴᠠᠩ ᠤᠨ ᠤᠳᠤᠷᠢᠳᠬᠤ ᠪᠠᠭ ᠤᠨ ᠭᠡᠰᠢᠭᠦᠨ ᠰᠣᠯᠪᠢᠴᠠᠨ ᠲᠤᠰᠢᠶᠠᠯ ᠡᠭᠦᠷᠭᠡᠯᠡᠬᠦ᠂ ᠠᠯᠬᠤᠮ ᠳᠠᠷᠠᠭ᠎ᠠ ᠶᠢ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠᠷ ᠳᠠᠮᠵᠢᠭᠤᠯᠤᠨ ᠬᠠᠷᠢᠯᠴᠠᠨ ᠬᠦᠴᠦᠨ ᠨᠡᠮᠡᠷᠢᠯᠡᠨ᠎ᠡ︔ ᠬᠤᠣᠰ ᠲᠠᠪᠴᠠᠩ ᠳᠤ ᠠᠭᠤᠯᠭ᠎ᠠ ᠶᠢᠨ ᠲᠥᠪ᠂ ᠮᠡᠷᠭᠡᠵᠢᠯ ᠤᠨ ᠲᠥᠪ᠂ ᠰᠠᠯᠬᠢᠨ ᠤ ᠡᠵᠡᠮᠳᠡᠯ ᠤᠨ ᠲᠥᠪ ᠢ ᠪᠠᠶᠢᠭᠤᠯᠵᠤ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ᠂ ᠬᠠᠮᠲᠤ ᠪᠠᠷ ᠪᠠᠶᠢᠯᠳᠤᠬᠤ ᠵᠡᠷᠭᠡ ᠪᠠᠶᠢᠪᠠ᠃ ᠰᠦᠩ ᠳ᠋ᠢᠶᠠᠨ ᠤ ᠦᠵᠡᠬᠦ ᠪᠠᠷ᠂ ᠠᠭᠤᠯᠭ᠎ᠠ ᠪᠠᠷ ᠭᠤᠣᠯ ᠪᠣᠯᠭᠠᠨ ᠂ ᠪᠦᠲᠦᠭᠡᠯᠴᠢ ᠰᠠᠨᠠᠭ᠎ᠠ ᠨᠢ ᠢᠯᠠᠯᠲᠠ ᠣᠯᠬᠤ ᠶᠢᠨ ᠢᠮᠠᠭᠲᠠ ᠠᠮᠵᠢᠯᠲᠠ ᠣᠯᠬᠤ ᠶᠢᠨ ᠨᠢᠭᠤᠴᠠ ᠵᠣᠷ ᠪᠣᠯᠣᠨ᠎ᠠ᠂ ᠰᠢᠨ᠎ᠡ ᠶᠢ ᠡᠭᠦᠳᠬᠦ ᠪᠣᠯ ᠬᠡᠪ ᠤᠨ ᠵᠤᠷ ᠢ ᠡᠪᠳᠡᠬᠦ ᠶᠠᠪᠤᠳᠠᠯ ᠮᠥᠨ᠂ ᠰᠢᠨ᠎ᠡ ᠶᠢ ᠡᠭᠦᠳᠬᠦ ᠨᠢ ᠨᠢᠭᠡ ᠬᠡᠪ ᠲᠤ ᠪᠠᠷᠢᠭᠳᠠᠬᠤ ᠦᠭᠡᠢ᠂ ᠰᠢᠨ᠎ᠡ ᠶᠢ ᠡᠭᠦᠳᠬᠦ ᠪᠣᠯ ︽ᠰᠣᠶᠣᠯ X ᠰᠢᠨᠵᠢᠯᠡᠬᠦ ᠤᠬᠠᠭᠠᠨ ᠮᠡᠷᠭᠡᠵᠢᠯ︾ ᠮᠥᠨ᠂ ᠰᠢᠨ᠎ᠡ ᠶᠢ ᠡᠭᠦᠳᠬᠦ ᠪᠣᠯ ᠰᠢᠨ᠎ᠡ ᠶᠢ ᠡᠭᠦᠳᠬᠦ ᠳᠤᠮᠳᠠ ᠦᠷᠭᠦᠯᠵᠢᠯᠡᠨ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ ᠃  ᠸᠠᠩ ᠴᠦᠨ ᠶᠠᠩ ︽︿ᠢᠳᠡᠪᠬᠢ ᠬᠦᠴᠦᠨ ᠪᠢᠯᠬᠠᠭᠰᠠᠨ ᠶᠡᠭᠡ ᠤᠷᠤᠰᠴᠠ﹀ ᠶᠢ ᠠᠰᠢᠭᠯᠠᠬᠤ — ᠾᠧᠨᠠᠨ ᠤ ᠬᠤᠷᠢᠶ᠎ᠠ ᠶᠢᠨ ᠤᠯᠠᠮᠵᠢᠯᠠᠯᠲᠤ ᠰᠤᠶᠤᠯ ᠤᠨ ᠰᠢᠨ᠎ᠡ ᠡᠭᠦᠳᠦᠯᠲᠡ ᠬᠢᠭᠡᠳ ᠳᠠᠮᠵᠢᠭᠤᠯᠭ᠎ᠠ ᠶᠢᠨ ᠰᠢᠨ᠎ᠡ ᠡᠭᠦᠳᠦᠯᠲᠡ︾ ᠭᠡᠬᠦ ᠶᠡᠷᠢᠶᠠᠨ ᠳᠤ ᠪᠠᠨ ᠾᠧᠨᠠᠨ ᠤ ᠣᠳᠣᠨ ᠲᠧᠯᠸᠢᠰ ᠤᠨ ︽ᠢᠳᠡᠪᠬᠢ ᠬᠦᠴᠦᠨ ᠢ ᠪᠠᠷᠢᠮᠲᠠᠯᠠᠵᠤ᠂ ᠳᠤᠮᠳᠠᠳᠤ ᠤᠯᠤᠰ ᠤᠨ ᠰᠢᠨ᠎ᠡ ᠰᠤᠶᠤᠯ ᠢ ᠡᠭᠦᠳᠦᠭᠰᠡᠨ︾᠂ ᠪᠦᠲᠦᠭᠡᠯ ᠨᠢ ︽ᠳᠤᠮᠳᠠᠳᠤ ᠤᠯᠤᠰ ᠤᠨ ᠪᠠᠶᠠᠷ ᠤᠨ ᠡᠳᠦᠷ︾ ᠢᠶᠠᠷ ᠲᠥᠯᠦᠭᠡᠯᠡᠭᠦᠯᠦᠭᠰᠡᠨ ᠰᠢᠷᠢᠰ ᠰᠡᠳᠦᠪ ᠨᠢ ᠪᠠᠶᠠᠯᠢᠭ᠂ ᠠᠭᠤᠯᠭ᠎ᠠ ᠨᠢ ᠠᠮᠢᠳᠤᠯᠢᠭ᠂ ᠦᠢᠯᠡᠳᠦᠭᠰᠡᠨ ᠨᠢ ᠨᠠᠷᠢᠯᠢᠭ ᠰᠣᠶᠣᠯ ᠤᠨ ᠲᠦᠷᠦᠯ ᠤᠨ ᠫᠷᠦᠭᠷᠠᠮ ᠤᠨ ᠵᠣᠬᠢᠶᠠᠨ ᠪᠦᠲᠦᠭᠡᠯᠭᠡ ᠬᠢᠭᠡᠳ ᠲᠤᠷᠰᠢᠯᠭ᠎ᠠ ᠶᠢ ᠬᠤᠪᠢᠶᠠᠯᠴᠠᠵᠠᠢ᠃ ᠸᠠᠩ ᠴᠦᠨ ᠶᠠᠩ ᠢᠯᠡᠷᠬᠡᠶᠢᠯᠡᠬᠦ ᠳᠤ ᠪᠠᠨ᠂ ᠾᠧᠨᠠᠨ ᠤ ᠬᠤᠷᠢᠶ᠎ᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠬᠦ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ︾᠂ AIGC ᠮᠡᠷᠭᠡᠵᠢᠯ ᠢ ᠢᠳᠡᠪᠬᠢᠲᠡᠢ ᠣᠷᠣᠭᠤᠯᠵᠤ᠂ AI ᠺᠠᠷᠲ᠋ᠣᠨ ᠵᠢᠷᠤᠭ᠂ VR ᠵᠡᠷᠭᠡ ᠬᠤᠰᠢᠭᠤᠴᠢ ᠮᠡᠷᠭᠡᠵᠢᠯ ᠲᠠᠢ ᠤᠶᠠᠯᠳᠤᠭᠤᠯᠤᠨ᠂ ᠰᠣᠶᠣᠯ ᠤᠨ ᠰᠣᠩᠭᠤᠳᠠᠭ ᠪᠦᠲᠦᠭᠡᠯ ᠬᠢᠭᠡᠳ ᠴᠣ ᠰᠢᠨ᠎ᠡ ᠂ ᠨᠡᠩ ᠰᠢᠨ᠎ᠡ ᠰᠣᠷᠭᠤᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠭᠳᠡᠯ ᠢᠶᠠᠷ ᠪᠠᠶᠠᠯᠢᠭ ᠳᠦᠷᠰᠦ ᠪᠠᠶᠢᠳᠠᠯ ᠢ ᠦᠵᠡᠭᠴᠢᠳ ᠲᠤ ᠳᠡᠯᠭᠡᠨ ᠦᠵᠡᠭᠦᠯᠵᠦ᠂ ᠮᠠᠰᠢ ᠰᠠᠶᠢᠨ ᠦᠷ᠎ᠡ ᠪᠦᠲᠦᠮᠵᠢ ᠣᠯᠵᠠᠶ᠃  ᠱᠧᠨ ᠯᠢᠩ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ ᠬᠤᠳᠠ ᠶᠢᠨ ᠷᠠᠳᠢᠣ᠋ ᠲᠧᠯᠸᠢᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠳᠤᠮᠳᠠ ᠪᠠᠨ ︽ᠰᠦᠵᠸᠦ ᠳ᠋ᠣᠣ︾᠂ ︽ᠨᠠᠨ ᠱᠢ ᠰᠣᠶᠣᠯ ᠤᠨ ᠡᠭᠦᠳᠦᠯᠳᠡ︾᠂ ︽ᠮᠢᠶᠠᠨ ᠷᠦᠸᠧ ᠲᠣᠤ ᠬᠤᠸᠠ︾ ᠭᠤᠷᠪᠠᠨ ᠵᠠᠭᠤᠴᠢᠯᠠᠭᠤᠷ ᠤᠨ ᠠᠭᠤᠰᠤᠯᠴᠠᠯ ᠤᠨ ᠬᠡᠷᠡᠭ ᠤᠨ ᠵᠢᠱᠢᠶ᠎ᠡ ᠶᠢ ᠬᠤᠪᠢᠶᠠᠯᠴᠠᠪᠠ᠃ ᠡᠭᠦᠨ ᠳᠤ᠂ ︽ᠰᠦᠵᠧᠦ ᠳ᠋ᠣᠤ︾ ᠵᠠᠭᠤᠴᠢᠯᠠᠭᠤᠷ ᠤᠨ ᠠᠭᠤᠰᠤᠯᠴᠠᠯ ᠤᠨ ᠠᠮᠵᠢᠯᠲᠠ ᠣᠯᠣᠭᠰᠠᠨ ᠠᠷᠭ᠎ᠠ ᠵᠠᠮ ᠨᠢ ︽ᠬᠠᠮ ᠵᠠᠭᠤᠴᠢᠯᠠᠭᠤᠷ + ᠵᠠᠰᠠᠭ ᠤᠨ ᠶᠠᠪᠤᠳᠠᠯ ᠦᠢᠯᠡᠴᠢᠯᠡᠭᠡ ᠬᠤᠳᠠᠯᠳᠤᠭᠠᠨ ᠤ ᠶᠠᠪᠤᠳᠠᠯ︾ ᠪᠤᠯᠤᠨ᠎ᠠ᠂ ᠪᠦᠲᠦᠭᠡᠯᠴᠢ ᠴᠢᠨᠠᠷᠲᠠᠢ ᠮᠡᠳᠡᠭᠡ ᠵᠠᠩᠭᠢ ᠶᠢᠨ ᠠᠭᠤᠰᠤᠯᠴᠠᠯ ᠤᠨ ᠡᠷᠬᠡ ᠰᠦᠷ᠂ ᠠᠭᠤᠯᠭ᠎ᠠ ᠰᠢᠯᠢᠳᠡᠭ᠂ ᠦᠢᠯᠡᠳᠪᠦᠷᠢᠯᠡᠯ ᠤᠨ ᠴᠢᠳᠠᠪᠤᠷᠢ ᠴᠠᠭᠠᠷᠠᠭᠰᠠᠨ ᠨᠠᠮ ᠤᠨ ᠵᠠᠭᠤᠴᠢᠯᠠᠭᠤᠷ ᠤᠨ ᠳᠠᠪᠠᠭᠤᠯᠢᠭ ᠲᠤ ᠪᠠᠶᠢᠵᠤ᠂ ᠤᠯᠠᠨ ᠲᠠᠯ᠎ᠠ ᠠᠴᠠ ᠠᠭᠤᠯᠭ᠎ᠠ ᠪᠠ ᠴᠢᠳᠠᠮᠵᠢ ᠶᠢᠨ ᠬᠠᠷᠢᠯᠴᠠᠬᠤ ᠴᠢᠨᠠᠷ ᠢ ᠳᠡᠭᠡᠭᠰᠢᠯᠡᠭᠦᠯᠪᠡ︔ ᠲᠤᠰ ᠭᠠᠵᠠᠷ ᠤᠨ ᠰᠣᠶᠣᠯ ᠤᠨ ᠡᠭᠦᠳᠦᠯᠲᠡ ᠶᠢᠨ ᠨᠢᠭᠡᠳᠦᠭᠡᠷ ᠲᠦᠷᠦᠯ ᠲᠡᠮᠲᠡᠭᠲᠦ ︽ᠨᠠᠨ ᠱᠢ ᠰᠣᠶᠣᠯ ᠤᠨ ᠡᠭᠦᠳᠦᠯᠲᠡ︾ ᠨᠢ ᠤᠳᠤ ᠶᠢᠨ ᠪᠠᠶᠢᠭ᠎ᠠ ᠳᠠᠪᠠᠭᠤᠯᠢᠭ ᠡᠬᠢ ᠪᠠᠶᠠᠯᠢᠭ ᠲᠠᠢ ᠤᠶᠠᠯᠳᠤᠭᠤᠯᠤᠨ ᠦᠵᠡᠵᠦ ᠰᠣᠨᠣᠰᠬᠤ ᠠᠵᠢᠯ ᠲᠦᠷᠦᠯ ᠳᠤ ᠰᠠᠭᠤᠷᠢᠯᠠᠭᠰᠠᠨ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠣᠨ᠎ᠠ︔ ᠬᠤᠲᠠ ᠶᠢᠨ ᠰᠣᠶᠣᠯ ᠵᠢᠭᠤᠯᠴᠢᠯᠠᠯ ᠤᠨ ᠲᠤᠮᠤ IP — ︽ᠮᠢᠶᠠᠨ ᠷᠦᠸᠧ ᠲᠣᠤ ᠬᠤᠸᠠ ︾ ᠶᠢ ᠠᠮᠵᠢᠯᠲᠠ ᠲᠠᠢ ᠨᠡᠪᠴᠢᠭᠦᠯᠦᠭᠰᠡᠨ ᠲᠤᠷᠰᠢᠯᠭ᠎ᠠ ᠪᠤᠯᠤᠨ᠎ᠠ᠃  ᠠᠢ ᠴᠢ ᠢ ᠶᠢᠨ ᠳᠡᠳ᠋ ᠶᠡᠷᠦᠩᠬᠡᠶ ᠨᠠᠶᠢᠷᠠᠭᠤᠯᠤᠭᠴᠢ ᠰᠢᠤᠢ ᠲᠢᠶᠧ ᠵᠥᠩ ︽ᠠᠶ ᠴᠢ ᠢ ᠶᠢᠨ ᠠᠭᠤᠯᠭ᠎ᠠ ᠶᠢᠨ ᠰᠢᠨ᠎ᠡ ᠡᠭᠦᠳᠦᠯᠲᠡ ᠶᠢᠨ ᠨᠢᠭᠤᠴᠠ︾ ᠭᠡᠬᠦ ᠶᠠᠷᠢᠶᠠᠨ ᠳᠤ ᠪᠠᠨ᠂ ᠠᠶ ᠴᠢ ᠢ ᠰᠢᠨ᠎ᠡ ᠶᠢ ᠡᠭᠦᠳᠬᠦ ᠶᠢ ᠢᠮᠠᠭᠲᠠ ᠪᠠᠷᠢᠮᠲᠠᠯᠠᠳᠠᠭ ᠨᠢ ᠤᠳᠬ᠎ᠠ ᠤᠷᠠᠯᠢᠭ ᠤᠨ ᠣᠷᠭᠢᠯ ᠳᠤ ᠨᠡᠪᠲᠡᠷᠡᠬᠦ ᠵᠠᠶᠢᠯᠠᠰᠢ ᠥᠬᠡᠶ ᠶᠠᠪᠤᠬᠤ ᠵᠠᠮ ᠮᠥᠨ ᠭᠡᠳᠡᠭ ᠢ ᠪᠠᠲᠤ ᠢᠲᠡᠭᠡᠵᠦ᠂ ︽ᠴᠠᠭ ᠦᠶ᠎ᠡ ᠲᠠᠢ ᠬᠠᠮᠲᠤ ᠪᠠᠷ ᠰᠡᠳᠭᠢᠯ ᠢᠶᠠᠨ ᠬᠤᠯᠪᠣᠳᠠᠭ ᠨᠢ ᠢᠮᠠᠭᠲᠠ ᠬᠠᠯᠠᠭᠤᠷᠠᠯ ᠤᠨ ᠬᠠᠮᠤᠭ ᠤᠨ ᠶᠡᠭᠡ ᠨᠢᠭᠤᠴᠠ ᠪᠣᠯᠤᠭᠰᠠᠭᠠᠷ ᠢᠷᠡᠵᠡᠢ︾᠃ ᠪᠣᠳᠠᠲᠤ ᠦᠢᠯᠡᠳᠦᠯᠭᠡ ᠶᠢᠨ ᠳᠤᠮᠳᠠ᠂ ᠠᠭᠤᠯᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠷᠢ ᠲᠣᠭᠲᠠᠭᠠᠯᠲᠠ᠂ ᠤᠷᠠᠯᠢᠭᠴᠢᠨ ᠢ ᠬᠦᠨᠳᠦᠳᠬᠡᠬᠦ᠂ ᠣᠯᠠᠨ ᠡᠰᠢᠲᠦ ᠤᠷᠤᠯᠳᠤᠭᠠᠨ ᠤ ᠵᠠᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠬᠦ᠂ ᠠᠵᠢᠯᠯᠠᠬᠤ ᠥᠷᠦᠬᠡ ᠶᠢᠨ ᠲᠦᠷᠢᠮ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠶᠢ ᠪᠠᠷᠢᠮᠲᠠᠯᠠᠨ᠎ᠠ ᠭᠡᠵᠦ ᠢᠯᠡᠳᠭᠡᠪᠡ᠃  ᠲᠧᠩ ᠰᠢᠶᠦ᠋ᠨ ᠡᠭᠦᠯᠡᠨ ᠪᠤᠳᠤᠯᠳᠠ ︵ᠪᠡᠭᠡᠵᠢᠩ︶ ᠶᠢᠨ ᠬᠢᠵᠠᠭᠠᠷᠲᠤ ᠺᠣᠮᠫᠠᠨᠢ ᠶᠢᠨ ᠲᠧᠩ ᠰᠢᠶᠦ᠋ᠨ ᠡᠭᠦᠯᠡᠨ ᠪᠤᠳᠤᠯᠳᠠ ᠶᠢᠨ ᠵᠠᠭᠤᠴᠢᠯᠠᠭᠤᠷ ᠤᠨ ᠠᠵᠢᠯ ᠲᠥᠷᠥᠯ ᠤᠨ ᠮᠡᠷᠭᠡᠵᠢᠯ ᠤᠨ ᠶᠡᠷᠦᠩᠬᠡᠶ ᠬᠢᠨᠠᠭᠴᠢ ᠽᠧᠩ ᠯᠢᠶᠠᠩ ︽ᠬᠡᠳᠦ ᠥᠨᠳᠥᠷ ᠲᠤᠳᠤᠷᠠᠴᠠᠲᠤ ᠴᠠᠭ ᠦᠶ᠎ᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠣᠳᠣᠯᠬᠢᠯᠠᠯ︾ ᠳᠤ ᠪᠠᠨ  ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠵᠠᠭᠤᠴᠢᠯᠠᠭᠤᠷ ᠤᠨ ᠰᠢᠰᠲ᠋ᠧᠮ ᠤᠨ ᠪᠠᠶᠢᠭᠤᠯᠤᠯᠲᠠ ᠶᠢᠨ ᠲᠤᠬᠠᠶ ᠰᠢᠨ᠎ᠡ ᠨᠢᠭᠡ ᠦᠶ᠎ᠡ ᠶᠢᠨ ᠪᠥᠬᠦ ᠤᠷᠤᠴᠠ ᠶᠢᠨ ᠮᠡᠳᠡᠭᠡ ᠵᠠᠩᠭᠢ ᠶᠢᠨ ᠰᠢᠨ᠎ᠡ ᠶᠢ ᠡᠭᠦᠳᠬᠦ ᠡᠭᠦᠯᠡᠨ ᠲᠠᠪᠴᠠᠩ ᠢ ᠪᠠᠶᠢᠭᠤᠯᠬᠤ ᠬᠡᠷᠡᠭᠲᠡᠶ︔ ᠤᠶᠤᠨᠴᠢᠯᠠᠭᠰᠠᠨ ᠲᠠᠪᠴᠠᠩ ᠨᠢ AI ᠠᠷᠭ᠎ᠠ ᠬᠡᠯᠪᠡᠷᠢ ᠪᠠᠷ ᠪᠦᠬᠦ᠋ᠢᠯᠡ ᠰᠢᠰᠲ᠋ᠧᠮ ᠳᠤ ᠨᠡᠩ ᠥᠨᠳᠥᠷ ᠦᠷ᠎ᠡ ᠪᠦᠲᠦᠮᠵᠢᠲᠡᠶ ᠬᠥᠭᠵᠢᠯᠲᠡ ᠬᠢᠬᠦ ᠬᠡᠷᠡᠭᠲᠡᠶ︔ ᠬᠡᠲᠦ ᠥᠨᠳᠥᠷ ᠲᠤᠳᠤᠷᠠᠴᠠᠲᠤ  ᠨᠢ ᠥᠨᠳᠥᠷ ᠲᠤᠳᠤᠷᠠᠴᠠᠲᠤ ᠲᠠᠢ ᠠᠳᠠᠯᠢᠳᠬᠠᠪᠠᠯ ᠦᠷ᠎ᠡ ᠪᠦᠲᠦᠮᠵᠢ ᠶᠢᠨ ᠲᠠᠯ᠎ᠠ ᠪᠠᠷ ᠠᠳᠠᠯᠢ ᠪᠤᠰᠤ ᠲᠠᠪᠤᠨ ᠲᠠᠯ᠎ᠠ ᠠᠴᠠ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠬᠡᠳᠦ ᠥᠨᠳᠥᠷ ᠲᠤᠳᠤᠷᠠᠴᠠᠲᠤ ᠲᠤᠬᠠᠶᠢᠯᠠᠭᠰᠠᠨ ᠠᠵᠢᠯ ᠢ ᠶᠡᠭᠡ ᠪᠠᠷ ᠬᠥᠭᠵᠢᠭᠦᠯᠬᠦ ᠬᠡᠷᠡᠭᠲᠡᠶ ᠭᠡᠵᠡᠢ ᠃  ᠳᠣᠮᠲᠠᠲᠤ ᠤᠯᠤᠰ ᠤᠨ ᠲᠧᠯᠧᠢᠰ ᠤᠨ ᠬᠢᠵᠠᠭᠠᠷᠲᠤ ᠺᠤᠮᠫᠠᠨᠢ ᠶᠢᠨ ᠶᠠᠷᠣᠩᠭᠡᠢ ᠲᠠᠭᠠᠭᠠᠮᠠᠯ ᠯᠢᠶᠠᠩ ᠳ᠋ᠠ ᠸᠧᠢ᠂ ᠠᠮᠧᠷᠢᠺᠠ ᠶᠢᠨ FAST ᠲᠥᠷᠭᠡᠨ ᠢᠶᠠᠷ ᠬᠦᠭᠵᠢᠵᠤ᠂ ᠵᠠᠭᠤᠴᠢᠯᠠᠭᠤᠷ ᠤᠨ ᠠᠭᠤᠰᠤᠯᠴᠠᠯ ᠤᠨ ᠰᠢᠨ᠎ᠠ ᠵᠠᠮ ᠪᠤᠯᠪᠠ᠃ FAST ᠰᠤᠪᠠᠭ ᠲᠤ ᠲᠦᠰᠢᠭᠯᠡᠨ᠂ ᠳᠤᠮᠳᠠᠳᠤ ᠤᠯᠤᠰ ᠤᠨ ᠲᠧᠯᠸᠢᠰ ᠤᠨ ᠺᠣᠮᠫᠠᠨᠢ ᠶᠡᠭᠡ ᠬᠡᠮᠵᠢᠶᠡᠨ ᠤ ᠳᠤᠮᠳᠠᠳᠤ ᠤᠯᠤᠰ ᠤᠨ ᠠᠭᠤᠯᠭ᠎ᠠ ᠶᠢ ᠠᠮᠧᠷᠢᠺᠠ ᠶᠢᠨ ᠲᠤᠰ ᠭᠠᠵᠠᠷ ᠤᠨ ᠲᠠᠪᠴᠠᠩ ᠳᠤ ᠬᠤᠷᠠᠮᠳᠤᠭᠤᠯᠵᠤ᠂ ᠨᠠᠷᠢᠯᠢᠭ ᠣᠨᠣᠪᠴᠢᠲᠠᠢ ᠳᠠᠮᠵᠢᠭᠤᠯᠭ᠎ᠠ ᠶᠢ ᠪᠡᠶᠡᠯᠡᠭᠦᠯᠪᠡ ᠭᠡᠵᠦ ᠵᠢᠭᠠᠵᠤ ᠭᠠᠷᠭᠠᠪᠠ ᠃  ᠬᠤᠶᠠᠷ᠂ ᠤᠯᠠᠨ ᠤᠯᠤᠰ ᠤᠨ ᠲᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠭᠤᠯᠭ᠎ᠠ ᠶᠢᠨ  ᠭᠠᠳᠠᠭᠠᠲᠤ ᠳᠤ ᠭᠠᠷᠬᠤ ᠵᠠᠮ ᠢ ᠬᠠᠮᠲᠤ ᠪᠠᠷ ᠬᠠᠶᠢᠨ ᠰᠦᠪᠡᠭᠴᠢᠯᠡᠪᠡ  ᠣᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠭᠤᠭᠴᠤᠭ᠎ᠠ ᠳᠤ ᠰᠧᠴᠤᠸᠠᠨ ᠮᠤᠵᠢ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠮᠤᠵᠢ ᠶᠢᠨ ᠷᠠᠳᠢᠣ᠋ ᠲᠧᠯᠸᠢᠰ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠰᠢᠶᠣᠤ ᠵᠢᠶᠦ᠋ᠨ᠂ ᠱᠠᠨᠰᠢ ᠶᠢᠨ ᠷᠠᠳᠢᠣ᠋ ᠲᠧᠯᠸᠢᠰ ᠤᠨ ᠬᠠᠮ ᠵᠠᠭᠤᠴᠢᠯᠠᠭᠤᠷ ᠤᠨ ᠪᠦᠯᠦᠭᠯᠡᠯ ︵ᠱᠠᠨᠰᠢ ᠶᠢᠨ ᠷᠠᠳᠢᠣ᠋ ᠲᠧᠯᠸᠢᠰ ᠬᠤᠷᠢᠶ᠎ᠠ︶ ᠤᠨ ᠳᠡᠳ᠋ ᠶᠡᠷᠦᠩᠬᠡᠶ ᠨᠠᠶᠢᠷᠠᠭᠤᠯᠤᠭᠴᠢ ᠴᠢᠦ ᠯᠦ᠂ ᠸᠧᠢ ᠯᠠᠢ ᠳ᠋ᠢᠶᠠᠨ ᠱᠢ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠷᠧᠨ ᠱᠢ ᠡᠤ᠂ ᠦᠬᠠᠨ ᠵᠢᠶᠠᠨ ᠱᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠰᠦᠩ ᠵᠢᠶᠦ᠋ᠨ ᠣᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢ ᠴᠢᠩᠭᠠᠳᠬᠠᠬᠤ ᠲᠤᠬᠠᠶ ᠬᠠᠶᠢᠨ ᠰᠦᠪᠡᠭᠴᠢᠯᠡᠯ ᠬᠢᠭᠡᠳ ᠪᠣᠳᠣᠯᠬᠢᠯᠠᠯ ᠢᠶᠠᠨ ᠬᠤᠪᠢᠶᠠᠯᠴᠠᠪᠠ᠃  ᠯᠢ ᠰᠢᠶᠤᠤ ᠵᠢᠶᠦ᠋ᠨ ᠰᠧᠴᠤᠸᠠᠨ ᠮᠤᠵᠢ ᠶᠢᠨ ᠤᠯᠠᠨ ᠤᠯᠤᠰ ᠤᠨ ᠳᠠᠮᠵᠢᠭᠤᠯᠭ᠎ᠠ ᠶᠢᠨ ᠬᠦᠷᠢᠶᠡᠨ ᠳᠠᠬᠢ ᠠᠷᠭ᠎ᠠ ᠬᠢᠳᠡᠯ ᠪᠠ ᠦᠷ᠎ᠡ ᠪᠦᠲᠦᠮᠵᠢ ᠶᠢ ᠲᠠᠨᠢᠯᠴᠠᠭᠤᠯᠪᠠ᠃ ᠲᠡᠷᠡ᠂ ︽ᠨᠠᠷᠠᠲᠤ ᠲᠡᠮᠲᠡᠭᠲᠦ ᠡᠭᠦᠳᠴᠦ᠂ ᠲᠠᠪᠴᠠᠩ ᠪᠠᠶᠢᠭᠤᠯᠬᠤ︾᠂ ︽ᠡᠬᠢ ᠪᠠᠶᠠᠯᠢᠭ ᠢ ᠲᠥᠪᠯᠡᠷᠡᠭᠦᠯᠵᠦ᠂ ᠠᠷᠭ᠎ᠠ ᠵᠠᠮ ᠢ ᠥᠷᠭᠡᠳᠬᠡᠬᠦ︾᠂ ︽ᠡᠷᠲᠡᠬᠡᠨ ᠲᠦᠯᠦᠪᠵᠢᠭᠦᠯᠵᠦ᠂ ᠲᠣᠬᠢᠶᠠᠯ ᠢ ᠠᠳᠬᠤᠬᠤ︾ ᠵᠡᠷᠭᠡ ᠠᠷᠭ᠎ᠠ ᠪᠠᠷ ᠭᠤᠤᠯ ᠵᠠᠭᠤᠴᠢᠯᠠᠭᠤᠷ ᠤᠨ ᠠᠭᠤᠯᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠪᠠ ᠳᠠᠮᠵᠢᠭᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠤᠯᠤᠰ ᠤᠨ ᠳᠠᠮᠵᠢᠭᠤᠯᠭ᠎ᠠ ᠳᠠᠬᠢ ᠠᠭᠤᠯᠭ᠎ᠠ ᠶᠢᠨ ᠦᠢᠯᠡᠳᠪᠦᠷᠢᠯᠡᠯ ᠪᠠ ᠠᠷᠭ᠎ᠠ ᠵᠠᠮ ᠤᠨ ᠥᠷᠭᠡᠳᠬᠡᠭᠰᠡᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃  ᠴᠢᠦ ᠯᠦ ᠶᠢᠨ ᠦᠵᠡᠬᠦ ᠪᠠᠷ᠂ ᠤᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠤᠯᠤᠰ ᠤᠨ ᠳᠠᠮᠵᠢᠭᠤᠯᠭ᠎ᠠ ᠶᠢᠨ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠪᠣᠯᠤᠨ ᠠᠷᠭ᠎ᠠ ᠵᠠᠮ ᠢ ᠲᠣᠳᠣᠷᠬᠠᠢ ᠣᠶᠢᠯᠠᠭᠠᠵᠤ᠂ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠬᠠᠨᠳᠤᠯᠭᠠᠲᠤ ᠴᠢᠨᠠᠷᠲᠠᠢ ᠤᠯᠠᠨ ᠤᠯᠤᠰ ᠤᠨ ᠳᠠᠮᠵᠢᠭᠤᠯᠭ᠎ᠠ ᠶᠢᠨ ᠦᠢᠯᠡᠳᠬᠦᠨ ᠢ ᠡᠭᠦᠳᠴᠦ᠂ ᠤᠯᠠᠨ ᠤᠯᠤᠰ ᠤᠨ ᠳᠠᠮᠵᠢᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠱᠠᠨᠰᠢ ᠮᠣᠵᠢ ᠶᠢᠨ ᠰᠣᠶᠣᠯ ᠤᠨ ᠲᠣᠮᠣ ᠮᠣᠵᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠱᠠᠨᠰᠢ ᠶᠢᠨ ᠷᠠᠳᠢᠣ᠋ ᠲᠧᠯᠸᠢᠰ ᠤᠨ ᠬᠠᠮ ᠵᠠᠭᠤᠴᠢᠯᠠᠭᠤᠷ ᠤᠨ ᠪᠦᠯᠦᠭᠯᠡᠯ ᠲᠣᠷᠭᠠᠨ ᠵᠠᠮ ᠭᠡᠬᠦ ᠡᠨᠡ ᠬᠦ ᠶᠡᠭᠡ IP ᠶᠢᠨ ᠲᠣᠭᠤᠷᠢᠨ ᠳᠤ᠂ 10 ᠵᠢᠯ ᠤᠨ ᠲᠤᠷᠰᠢ ᠦᠷᠭᠦᠯᠵᠢᠯᠡᠨ ︽ᠲᠣᠷᠭᠠᠨ ᠵᠠᠮ ᠲᠦᠮᠡᠨ ᠭᠠᠵᠠᠷ ᠤᠨ ᠠᠶᠠᠯᠠᠯ︾ ᠭᠡᠬᠦ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ᠠᠵᠢᠯᠯᠠᠭ᠎ᠠ ᠶᠢ ᠡᠷᠬᠢᠯᠡᠵᠦ᠂ ᠤᠷᠢᠳ ᠬᠤᠵᠢᠳ 50 ᠭᠠᠷᠤᠢ ᠤᠯᠤᠰ᠂ 100 ᠭᠠᠷᠤᠢ ᠳᠡᠯᠡᠬᠡᠢ ᠶᠢᠨ ᠨᠡᠷᠡᠲᠦ ᠬᠤᠲᠠ ᠳᠤ ᠶᠠᠪᠤᠵᠤ᠂ ᠵᠣᠬᠢᠬᠤ ᠨᠡᠷᠡᠲᠦ ᠲᠡᠮᠲᠡᠭᠲᠦ ᠶᠢ ᠪᠣᠢ ᠪᠣᠯᠭᠠᠵᠤ᠂ ᠣᠯᠠᠨ ᠤᠯᠤᠰ ᠤᠨ ᠳᠠᠮᠵᠢᠭᠤᠯᠭ᠎ᠠ ᠶᠢᠨ ᠰᠠᠶᠢᠨ ᠦᠷ᠎ᠡ ᠪᠦᠲᠦᠮᠵᠢ ᠶᠢ ᠣᠯᠵᠠᠢ ᠭᠡᠪᠡ᠃  ᠷᠧᠨ ᠱᠢ ᠡᠥ ᠣᠬᠤᠷ ᠸᠢᠳᠢᠣ᠋ ᠶᠢᠨ ᠣᠯᠠᠨ ᠤᠯᠤᠰ ᠤᠨ ᠳᠠᠮᠵᠢᠭᠤᠯᠭ᠎ᠠ ᠶᠢᠨ ᠳᠠᠪᠠᠭᠤᠯᠢᠭ ᠪᠠ ᠬᠠᠨᠳᠤᠰᠢ ᠶᠢ ᠲᠠᠨᠢᠯᠴᠠᠭᠤᠯᠵᠤ᠂ ᠣᠬᠤᠷ ᠸᠢᠳᠢᠤ᠋ ᠨᠢ ᠣᠯᠠᠨ ᠤᠯᠤᠰ ᠤᠨ ᠳᠠᠮᠵᠢᠭᠤᠯᠭ᠎ᠠ ᠶᠢᠨ ᠴᠢᠬᠤᠯᠠ ᠠᠭᠤᠯᠭ᠎ᠠ ᠶᠢᠨ ᠬᠡᠯᠪᠡᠷᠢ ᠪᠣᠯᠵᠠᠶ᠃ ᠸᠧᠢ ᠯᠠᠢ ᠳ᠋ᠢᠶᠠᠨ ᠱᠢ ᠨᠢ ᠭᠠᠳᠠᠭᠠᠳᠤ ᠶᠢᠨ ᠣᠯᠠᠨ ᠳᠠᠪᠴᠠᠩ ᠳᠡᠭᠡᠷ᠎ᠡ 600 ᠰᠤᠪᠠᠭ ᠢ ᠡᠵᠡᠩᠨᠡᠵᠦ᠂ ᠤᠷᠤᠰᠴᠠ ᠡᠵᠡᠩᠨᠡᠯᠲᠡ ᠶᠢ ᠰᠦᠪᠡᠭᠴᠢᠯᠡᠬᠦ ᠠᠴᠠ ᠭᠠᠳᠠᠨ᠎ᠠ ᠪᠠᠰᠠ ᠣᠯᠠᠨ ᠡᠰᠢᠵᠢᠭᠦᠯᠦᠭᠰᠡᠨ ᠬᠤᠨᠵᠢᠪᠤᠷᠢ ᠶᠢᠨ ᠬᠡᠯᠪᠡᠷᠢ ᠶᠢ ᠬᠠᠶᠢᠨ ᠰᠦᠪᠡᠭᠴᠢᠯᠡᠵᠦ᠂ ᠡᠭᠦᠰᠦᠮᠡᠯ ᠪᠠ ᠣᠶᠢᠷ᠎ᠠ ᠬᠠᠪᠢ ᠶᠢᠨ ᠦᠢᠯᠡᠳᠬᠦᠨ ᠤ ᠡᠯᠧᠺᠲᠷᠣᠨ ᠬᠤᠳᠠᠯᠳᠤᠭᠠᠨ ᠤ ᠬᠡᠪ ᠵᠠᠭᠪᠤᠷ ᠢ ᠰᠦᠪᠡᠭᠴᠢᠯᠡᠨ ᠬᠥᠭᠵᠢᠭᠦᠯᠪᠡ ᠭᠡᠵᠦ ᠵᠢᠭᠠᠵᠤ ᠭᠠᠷᠭᠠᠪᠠ᠃  ᠰᠦᠩ ᠵᠢᠶᠦ᠋ᠨ ︽ᠵᠣᠬᠢᠶᠠᠮᠠᠯ ᠣᠶᠣᠨ ᠤ ᠣᠷᠴᠢᠭᠤᠯᠤᠨ ᠦᠢᠯᠡᠳᠬᠦ ᠠᠵᠢᠯ ᠨᠢ ᠳᠤᠮᠳᠠᠳᠤ ᠤᠯᠤᠰ ᠤᠨ ᠠᠭᠤᠯᠭ᠎ᠠ ᠶᠢ ᠳᠡᠯᠡᠬᠡᠶ ᠳ᠋ᠠᠬᠢᠨ ᠳᠤ ᠬᠠᠨᠳᠤᠭᠤᠯᠤᠨ᠎ᠠ︾  ᠳᠤ ᠪᠠᠨ᠂ ᠣᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ᠂ ᠵᠣᠬᠢᠶᠠᠮᠠᠯ ᠣᠶᠣᠨ ᠢᠶᠠᠷ ᠳᠠᠮᠵᠢᠭᠤᠯᠤᠨ ᠣᠷᠴᠢᠭᠤᠯᠤᠨ ᠦᠢᠯᠡᠳᠬᠦ ᠠᠰᠠᠭᠤᠳᠠᠯ ᠢ ᠰᠢᠢᠳᠪᠦᠷᠢᠯᠡᠵᠦ᠂ ᠣᠷᠴᠢᠭᠤᠯᠤᠨ ᠦᠢᠯᠡᠳᠬᠦ ᠪᠠ ᠠᠪᠢᠶ᠎ᠠ ᠲᠠᠭᠠᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠠᠳᠠᠭᠠᠳᠤ ᠳᠤ ᠭᠠᠷᠬᠤ ᠥᠪᠡᠷ ᠤᠨ ᠥᠷᠲᠡᠭ ᠢ ᠪᠠᠭᠤᠷᠠᠭᠤᠯᠵᠤ᠂ ᠠᠭᠤᠯᠭ᠎ᠠ ᠶᠢᠨ ᠲᠠᠯ᠎ᠠ ᠶᠢᠨ ᠦᠢᠯᠡᠳᠪᠦᠷᠢᠯᠡᠬᠦ ᠠᠴᠠ ᠭᠠᠳᠠᠭᠠᠳᠤ ᠳᠤ ᠭᠠᠷᠬᠤ ᠠᠬᠢᠯᠲᠠ ᠶᠢᠨ ᠪᠢᠲᠡᠭᠦᠮᠵᠢᠯᠡᠭᠰᠡᠨ ᠠᠵᠢᠯᠯᠠᠭᠠᠨ ᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃  ᠭᠤᠷᠪᠠ᠂ ᠠᠭᠤᠯᠭ᠎ᠠ ᠶᠢᠨ ᠰᠢᠨ᠎ᠡ ᠡᠭᠦᠳᠦᠯᠲᠡ ᠪᠠ ᠮᠡᠷᠭᠡᠵᠢᠯ ᠤᠨ ᠰᠢᠨ᠎ᠡ ᠡᠭᠦᠳᠦᠯᠲᠡ ᠪᠠᠷ ᠵᠢᠯᠣᠭᠤᠳᠤᠮᠵᠢ ᠪᠣᠯᠭᠠᠵᠤ᠂ ᠷᠠᠳᠢᠣ᠋ ᠲᠧᠯᠸᠢᠰ ᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠳᠤ ᠲᠠᠪᠤᠨ ᠶᠡᠭᠡ ᠬᠠᠨᠳᠤᠰᠢ ᠢᠯᠡᠷᠡᠪᠡ  ᠮᠡᠳᠡᠭᠦᠯᠦᠯᠲᠡ ᠶᠢ ᠨᠡᠶᠢᠲᠡᠯᠡᠬᠦ ᠭᠤᠭᠴᠤᠭ᠎ᠠ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠵᠦ ᠶᠠᠨ ᠨᠠᠨ ︽ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠦᠯᠵᠢᠶᠡᠨ ᠤ ᠦᠵᠡᠵᠦ ᠰᠣᠨᠣᠰᠬᠤ ᠶᠢᠨ ᠴᠢᠨᠠᠷ ᠰᠠᠶᠢᠲᠠᠶ ᠬᠥᠭᠵᠢᠯᠲᠡ ᠶᠢᠨ ᠬᠠᠨᠳᠤᠰᠢ ᠶᠢᠨ ᠮᠡᠳᠡᠭᠦᠯᠦᠯᠲᠡ︾ ᠶᠢ ᠨᠡᠶᠢᠲᠡᠯᠡᠪᠡ᠃ ᠵᠤ᠋ ᠶᠠᠨ ᠨᠠᠨ᠂ ᠴᠢᠨᠠᠷ ᠰᠠᠶᠢᠲᠠᠶ ᠬᠥᠭᠵᠢᠯᠲᠡ ᠪᠣᠯ ᠣᠳᠣᠬᠠᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠭᠤᠤᠯ ᠪᠣᠯᠬᠤ ᠦᠭᠡ ᠪᠠᠶᠢᠵᠤ᠂ ᠲᠠᠪᠤᠨ ᠶᠡᠭᠡ ᠬᠥᠭᠵᠢᠯᠲᠡ ᠶᠢᠨ ᠬᠠᠨᠳᠤᠰᠢ ᠢᠯᠡᠷᠡᠪᠡ᠃ ᠨᠢᠭᠡ ᠳᠤ᠂ ᠵᠠᠭᠤᠴᠢᠯᠠᠭᠤᠷ ᠤᠨ ᠠᠭᠤᠰᠤᠯᠴᠠᠯ ᠤᠨ ᠬᠤᠷᠳᠤᠴᠠ ᠶᠢ ᠲᠦᠷᠭᠡᠳᠬᠡᠵᠦ᠂ ᠵᠠᠭᠤᠴᠢᠯᠠᠭᠤᠷ ᠤᠨ ᠠᠭᠤᠰᠤᠯᠴᠠᠯ ᠤᠨ ᠰᠢᠨ᠎ᠡ ᠬᠡᠯᠪᠡᠷᠢ ᠲᠠᠰᠤᠷᠠᠯᠲᠠ ᠥᠬᠡᠶ ᠴᠣᠯᠭᠤᠷᠠᠨ ᠭᠠᠷᠴᠤ᠂ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠨᠢ ᠨᠢᠭᠡᠨᠲᠡ ᠬᠥᠭᠵᠢᠯᠲᠡ ᠶᠢᠨ ᠡᠷᠬᠡᠪᠰᠢ ᠥᠩᠭᠡᠷᠡᠬᠦ ᠵᠠᠮ ᠪᠣᠯᠪᠠ᠃ ᠬᠤᠶᠠᠷ ᠲᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠠᠭᠤᠯᠭ᠎ᠠ ᠶᠢᠨ ᠦᠢᠯᠡᠳᠪᠦᠷᠢᠯᠡᠯ ᠤᠨ ᠠᠵᠤ ᠦᠢᠯᠡᠳᠪᠦᠷᠢᠵᠢᠯᠲᠡ ᠶᠢᠨ ᠲᠣᠭᠲᠠᠯᠴᠠᠭ᠎ᠠ ᠲᠦᠷᠭᠡᠨ ᠪᠣᠯᠪᠠᠰᠤᠷᠠᠩᠭᠤᠢ ᠪᠣᠯᠪᠠ᠃ ᠭᠤᠷᠪᠠ ᠳᠤ᠂ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠶᠢ ᠠᠬᠢᠭᠤᠯᠪᠠ᠃ ᠲᠦᠷᠪᠡ ᠳᠤ᠂ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠴᠢᠬᠤᠯᠠ ᠬᠠᠩᠭᠠᠯᠭ᠎ᠠ ᠶᠢᠨ ᠲᠠᠯ᠎ᠠ ᠪᠣᠯᠪᠠ᠃ ᠲᠠᠪᠤ ᠳᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠷᠠᠳᠢᠣ᠋ ᠲᠧᠯᠸᠢᠰ ᠤᠨ ᠴᠢᠨᠠᠷ ᠰᠠᠶᠢᠲᠠᠢ ᠬᠥᠭᠵᠢᠯᠲᠡ ᠶᠢᠨ ᠲᠦᠷᠢᠮ ᠤᠨ ᠰᠠᠭᠤᠷᠢ ᠶᠢ ᠪᠠᠲᠤᠳᠬᠠᠪᠠ ᠭᠡᠵᠦ ᠵᠢᠭᠠᠵᠤ ᠭᠠᠷᠭᠠᠪᠠ᠃  ᠲᠣᠰ ᠤᠳᠠᠭᠠᠨ ᠤ ᠶᠠᠷᠢᠶᠠᠨ ᠤ ᠲᠠᠪᠴᠠᠩ ᠨᠢ ᠷᠠᠳᠢᠣ᠋ ᠲᠧᠯᠸᠢᠰ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠡᠯᠪᠡᠭ ᠪᠠᠶᠠᠯᠢᠭ ᠰᠡᠳᠭᠢᠮᠵᠢ ᠪᠠ ᠲᠥᠰᠦᠯ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠣᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠡᠷᠬᠢᠮ ᠨᠠᠨᠳᠢᠨ ᠲᠤᠷᠰᠢᠯᠭ᠎ᠠ ᠰᠣᠯᠢᠯᠴᠠᠬᠤ ᠲᠠᠪᠴᠠᠩ ᠢ ᠬᠠᠩᠭᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠠᠵᠢᠯ ᠲᠥᠷᠥᠯ ᠤᠨ ᠬᠥᠭᠵᠢᠯ ᠴᠡᠴᠡᠭᠯᠡᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠭᠡᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ