ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 8 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/20
  8 ᠳ᠋ᠤᠭᠠᠷ ᠰᠠᠷ᠎ᠠ ᠶᠢᠨ 19 ᠤ ᠡᠳᠦᠷ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 8 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠢ ᠢᠨᠵᠧᠨᠧᠷ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠨᠠᠮ ᠤᠨ ᠭᠡᠰᠢᠭᠦᠨ ᠺᠠᠳ᠋ᠷᠴᠤᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠬᠤ ᠬᠡᠷᠡᠭᠲᠡᠢ᠃ ᠨᠢᠭᠡ ᠳᠤ᠂ ᠤᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ ᠤ ᠬᠠᠪᠰᠤᠷᠤᠨ ᠵᠢᠯᠣᠭᠤᠳᠬᠤ᠂ ︽ᠷᠠᠳᠢᠣ᠋ ᠲᠧᠯᠸᠢᠰ ᠤᠨ ᠬᠢᠴᠢᠶᠡᠯ ᠤᠨ ᠲᠠᠩᠬᠢᠮ︾᠂ ᠵᠠᠯᠠᠭᠤᠴᠤᠳ ᠤᠨ ᠤᠨᠤᠯ ᠤᠨ ᠰᠤᠷᠤᠯᠴᠠᠯᠭ᠎ᠠ ᠶᠢᠨ ᠳᠤᠭᠤᠶᠢᠯᠠᠩ ᠵᠡᠷᠭᠡ ᠬᠡᠯᠪᠡᠷᠢ ᠶᠢ ᠭᠦᠢᠴᠡᠳ ᠠᠰᠢᠭᠯᠠᠵᠤ᠂ ᠰᠤᠷᠤᠯᠴᠠᠬᠤ ᠶᠣᠰᠣᠲᠠᠢ ᠶᠢ ᠨᠢ ᠪᠦᠬᠦᠨ ᠢ ᠰᠤᠷᠤᠯᠴᠠᠬᠤ᠂ ᠪᠦᠬᠦ ᠠᠵᠢᠯᠳᠠᠨ ᠢ ᠬᠠᠮᠤᠷᠬᠤ ᠶᠢ ᠪᠡᠶᠡᠯᠡᠭᠦᠯᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ᠷᠠᠳᠢᠣ᠋ ᠲᠧᠯᠸᠢᠰ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠤᠷᠤᠯᠴᠠᠯᠭ᠎ᠠ ᠶᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠤᠬᠠᠭᠤᠯᠤᠨ ᠲᠠᠶᠢᠯᠪᠤᠷᠢᠯᠠᠵᠤ᠂ ᠷᠠᠳᠢᠣ᠋ ᠲᠧᠯᠸᠢᠰ ᠤᠨ ᠤᠨᠴᠠᠯᠢᠬᠳᠤ ᠳᠠᠪᠠᠭᠤᠯᠢᠭ ᠢ ᠪᠠᠳᠠᠷᠠᠭᠤᠯᠵᠤ᠂ ᠤᠬᠠᠭᠤᠯᠭ᠎ᠠ ᠶᠢᠨ ᠭᠤᠣᠯᠳᠠᠯᠭ᠎ᠠ ᠶᠢ ᠲᠤᠪᠤᠶᠢᠯᠭᠠᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡᠳᠦᠯᠲᠡᠢ ᠲᠥᠯᠥᠪᠵᠢᠭᠦᠯᠵᠦ᠂ ᠠᠭᠤᠰᠤᠯᠴᠠᠨ ᠳᠠᠮᠵᠢᠭᠤᠯᠬᠤ ᠶᠢ ᠭᠦᠨᠵᠡᠭᠡᠶᠢᠷᠡᠭᠦᠯᠵᠦ᠂ ᠪᠣᠰᠤᠭ᠎ᠠ ᠴᠣᠭᠴᠠᠲᠤ᠂ ᠪᠦᠬᠦ ᠲᠠᠯ᠎ᠠ ᠶᠢᠨ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠰᠠᠶᠢᠲᠤᠷ ᠲᠠᠶᠢᠯᠪᠤᠷᠢᠯᠠᠬᠤ ᠬᠡᠷᠡᠭᠲᠡᠢ᠃ ᠭᠤᠷᠪᠠ ᠳᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠦ ᠪᠠᠨ ᠲᠥᠪᠯᠡᠷᠡᠭᠦᠯᠦᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃︵ᠪᠠᠶᠢᠭᠤᠯᠭ᠎ᠠ ᠶᠢᠨ ᠨᠠᠮ ᠤᠨ ᠬᠤᠷᠢᠶ᠎ᠠ ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ