ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠢᠴᠢ ᠳᠤᠮᠳᠠᠳᠤ ᠠᠹᠷᠢᠺᠠ ᠶᠢᠨ ᠤᠶᠤᠨ ᠤ ᠬᠥᠮᠥᠷᠭᠡ ᠶᠢᠨ ᠳᠡᠭᠡᠳᠦ ᠲᠡᠰ ᠤᠨ ᠶᠠᠷᠢᠯᠴᠠᠯᠭ᠎ᠠ 8 ᠳ᠋ᠤᠭᠠᠷ ᠰᠠᠷ᠎ᠠ ᠶᠢᠨ 21 ᠤ ᠡᠳᠦᠷ ᠵᠢᠩᠬᠢᠨᠢ ᠪᠠᠷ ᠡᠬᠢᠯᠡᠬᠦ ᠪᠤᠯᠤᠨ᠎ᠠ
ᠨᠡᠶᠢᠲᠡᠯᠡᠭᠰᠡᠨ ᠴᠠᠭ᠄
2024/8/22
  ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠵᠢᠯᠣᠭᠤᠳᠣᠯᠭ᠎ᠠ ᠳᠣᠤᠷ᠎ᠠ᠂ ᠳᠤᠮᠳᠠᠳᠤ ᠤᠯᠤᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠹᠷᠢᠺᠠ ᠲᠢᠪ ᠤᠨ ᠷᠠᠳᠢᠣ᠋ ᠨᠡᠪᠲᠡᠷᠡᠭᠦᠯᠭᠡ ᠶᠢᠨ ᠬᠤᠯᠪᠣᠭ᠎ᠠ ᠲᠠᠢ ᠬᠠᠮᠲᠤᠷᠠᠨ 2024 ᠣᠨ ᠤ 8 ᠳ᠋ᠤᠭᠠᠷ ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ ᠪᠡᠭᠡᠵᠢᠩ ᠳᠤ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠢᠴᠢ ᠳᠤᠮᠳᠠᠳᠤ ᠠᠹᠷᠢᠺᠠ ᠶᠢᠨ ᠣᠶᠤᠨ ᠤ ᠬᠥᠮᠥᠷᠭᠡ ᠶᠢᠨ ᠳᠡᠭᠡᠳᠦ ᠲᠠᠰ ᠤᠨ ᠶᠠᠷᠢᠯᠴᠠᠯᠭ᠎ᠠ ᠶᠢ ᠬᠠᠮᠲᠤ ᠪᠠᠷ ᠡᠷᠬᠢᠯᠡᠬᠦ ᠪᠣᠯᠣᠨ᠎ᠠ᠃  ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ᠶᠠᠭ ᠰᠠᠶ᠋ᠢᠬᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠠᠮᠵᠢᠯᠲᠠ ᠲᠠᠢ ᠦᠨᠳᠦᠷᠯᠡᠵᠦ ᠪᠠᠶᠢᠭ᠎ᠠ ᠪᠠ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠬᠤᠷᠠᠯᠳᠤᠬᠤ ᠠᠴᠠ ᠡᠮᠦᠨᠡᠬᠡᠨ᠂ ᠶᠠᠷᠢᠶᠠᠨ ᠤ ᠲᠠᠪᠴᠠᠩ ᠨᠢ ︽ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ︾ ᠪᠠᠷ ᠭᠤᠣᠯ ᠰᠡᠳᠦᠪ ᠪᠣᠯᠭᠠᠵᠤ ᠂ ᠳᠤᠮᠳᠠᠳᠤ ᠠᠹᠷᠢᠺᠠ ᠶᠢᠨ ᠵᠠᠰᠠᠭ ᠤᠨ ᠣᠷᠳᠣᠨ ᠤ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠭᠤᠣᠯ ᠵᠠᠭᠤᠴᠢᠯᠠᠭᠤᠷ ᠤᠨ ᠪᠠᠶᠢᠭᠤᠯᠤᠮᠵᠢ᠂ ᠤᠶᠤᠨ ᠤ ᠬᠥᠮᠥᠷᠭᠡ᠂ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠶᠢ ᠤᠷᠢᠵᠤ᠂ ︽ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠬᠦ᠄ ︿ᠨᠢᠭᠡ ᠪᠦᠰᠡ ᠨᠢᠭᠡ ᠵᠠᠮ﹀ ᠤᠨ ᠰᠠᠨᠠᠭᠠᠴᠢᠯᠠᠭ᠎ᠠ ᠬᠢᠭᠡᠳ ᠠᠹᠷᠢᠺᠠ ᠲᠢᠪ ᠤᠨ ᠤᠯᠤᠰ ᠤᠳ ᠤᠨ ᠬᠤᠯᠪᠣᠭᠠᠨ ᠤ ︿2063 ᠣᠨ ᠤ ᠵᠥᠪᠯᠡᠬᠦ ᠵᠦᠢᠯ﹀ ᠢ ᠵᠤᠯᠭᠠᠯᠴᠠᠭᠤᠯᠤᠶ᠎ᠠ︾᠂ ︽ᠡᠶ᠎ᠡ ᠬᠠᠮᠲᠤᠷᠠᠵᠤ ᠬᠠᠮᠲᠤ ᠣᠷᠤᠰᠢᠬᠤ᠄ ᠪᠦᠬᠦ ᠳᠡᠯᠡᠬᠡᠢ ᠶᠢᠨ ᠡᠮᠦᠨᠡᠲᠦ ᠣᠷᠣᠨ ᠤ ᠤᠯᠤᠰ ᠤᠳ ᠤᠨ ᠵᠠᠭᠤᠴᠢᠯᠠᠭᠤᠷ ᠤᠨ ᠬᠠᠮᠵᠢᠯᠴᠠᠭᠠᠨ ᠤ ᠰᠢᠨ᠎ᠡ ᠬᠡᠪ ᠳᠠᠭᠤᠷᠢᠶᠠᠯ ᠢ ᠬᠠᠮᠲᠤ ᠪᠠᠷ ᠪᠣᠢ ᠪᠣᠯᠭᠠᠶ᠎ᠠ︾᠂ ︽ᠪᠣᠯᠪᠠᠰᠤᠨ ᠢ ᠬᠠᠮᠲᠤ ᠪᠠᠷ ᠬᠥᠭᠵᠢᠭᠦᠯᠬᠦ᠄ ᠳᠤᠮᠳᠠᠳᠤ ᠠᠹᠷᠢᠺᠠ ᠶᠢᠨ ᠪᠣᠯᠪᠠᠰᠤᠨ ᠤ ᠰᠣᠯᠢᠯᠴᠠᠭ᠎ᠠ ᠬᠠᠷᠢᠯᠴᠠᠨ ᠲᠣᠯᠢᠳᠠᠬᠤ ᠰᠢᠨ᠎ᠡ ᠠᠬᠤᠢ ᠪᠠᠶᠢᠳᠠᠯ ᠢ ᠬᠠᠮᠲᠤ ᠪᠠᠷ ᠴᠣᠭᠴᠠᠯᠠᠶ᠎ᠠ︾᠂ ︽ᠰᠢᠨ᠎ᠡ ᠶᠢ ᠡᠭᠦᠳᠴᠦ ᠬᠠᠮᠲᠤ ᠪᠠᠷ ᠤᠷᠤᠭᠰᠢᠯᠠᠬᠤ᠄ ᠲᠣᠭᠠᠵᠢᠭᠤᠯᠤᠯᠲᠠ ᠶᠢ ᠬᠠᠮᠲᠤ ᠪᠠᠷ ᠠᠬᠢᠭᠤᠯᠵᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠰᠢᠨ᠎ᠡ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠠᠮᠲᠤ ᠪᠠᠷ ᠠᠬᠢᠭᠤᠯᠤᠶ᠎ᠠ︾ ᠵᠡᠷᠭᠡ ᠵᠥᠪᠯᠡᠬᠦ ᠰᠡᠳᠦᠪ ᠤᠨ ᠲᠤᠭᠤᠷᠢᠨ ᠳᠤ ᠰᠣᠯᠢᠯᠴᠠᠨ ᠶᠠᠷᠢᠯᠴᠠᠵᠤ᠂ ᠦᠵᠡᠯ ᠰᠠᠨᠠᠭᠠᠴᠢ ᠴᠢᠨᠠᠷ᠂ ᠨᠡᠭᠡᠭᠡᠯᠲᠡᠲᠦ ᠴᠢᠨᠠᠷ᠂ ᠴᠠᠭ ᠬᠤᠭᠤᠴᠠᠭᠠᠲᠤ ᠴᠢᠨᠠᠷ ᠢ ᠭᠦᠢᠴᠡᠳ ᠢᠯᠡᠷᠡᠭᠦᠯᠵᠦ᠂ ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠬᠦᠷᠢᠶᠡᠨ ᠤ ᠶᠡᠷᠦᠩᠬᠡᠶᠢᠯᠡᠭᠰᠡᠨ ᠴᠢᠨᠠᠷᠲᠠᠢ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠴᠢᠷᠮᠠᠶᠢᠨ ᠪᠠᠶᠢᠭᠤᠯᠵᠤ᠂ ᠵᠠᠭᠤᠴᠢᠯᠠᠭᠤᠷ ᠪᠣᠯᠤᠨ ᠤᠶᠤᠨ ᠤ ᠬᠥᠮᠥᠷᠭᠡ ᠶᠢᠨ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃  ᠶᠠᠷᠢᠶᠠᠨ ᠤ ᠲᠠᠪᠴᠠᠩ ᠤᠨ ᠬᠤᠭᠤᠴᠠᠭᠠᠨ ᠳᠤ ︽ᠨᠥᠬᠦᠷᠯᠡᠯ • ᠬᠠᠮᠲᠤᠷᠠᠯᠴᠠᠭ᠎ᠠ︾ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠤᠶᠤᠨ ᠤ ᠬᠥᠮᠥᠷᠭᠡ ᠶᠢᠨ ᠬᠠᠮᠲᠤᠷᠠᠯᠴᠠᠭ᠎ᠠ ᠰᠣᠯᠢᠯᠴᠠᠭᠠᠨ ᠤ ᠦᠷ᠎ᠡ ᠪᠦᠲᠦᠭᠡᠯ ᠤᠨ ᠦᠵᠡᠭᠦᠯᠭᠡ᠂ ︽ᠬᠥᠭᠵᠢᠯᠲᠡ • ᠰᠢᠨ᠎ᠡ ᠡᠭᠦᠳᠦᠯᠳᠡ︾ ᠰᠢᠨ᠎ᠡ ᠴᠠᠭ ᠦᠶ᠎ᠡ ᠶᠢᠨ ᠶᠡᠭᠡ ᠦᠵᠡᠵᠦ ᠰᠣᠨᠣᠰᠬᠤ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ᠂ ︽ᠤᠯᠠᠮᠵᠢᠯᠠᠯ • ᠬᠠᠷᠢᠯᠴᠠᠨ ᠲᠣᠯᠢᠯᠠᠯ︾ ᠪᠡᠭᠡᠵᠢᠩ ᠤᠨ ᠰᠣᠳᠣᠨ ᠰᠣᠶᠣᠯ ᠤᠨ ᠡᠭᠦᠳᠦᠯᠲᠡ ᠶᠢᠨ ᠪᠡᠶᠡᠴᠢᠯᠡᠨ ᠣᠶᠢᠯᠠᠭᠠᠬᠤ ᠦᠵᠡᠭᠦᠯᠭᠡ ᠶᠢ ᠡᠷᠬᠢᠯᠡᠵᠤ᠂ ᠳᠤᠮᠳᠠᠳᠤ ᠠᠹᠷᠢᠺᠠ ᠶᠢᠨ ᠵᠠᠭᠤᠴᠢᠯᠠᠭᠤᠷ ᠪᠣᠯᠤᠨ ᠤᠶᠤᠨ ᠤ ᠬᠥᠮᠥᠷᠭᠡ ᠶᠢᠨ ᠬᠦᠷᠢᠶᠡᠨ ᠤ ᠬᠠᠮᠲᠤᠷᠠᠯᠴᠠᠭᠠᠨ ᠤ ᠬᠢᠯᠠᠰ ᠴᠡᠭ ᠢ ᠪᠦᠬᠦ ᠲᠠᠯ᠎ᠠ ᠪᠠᠷ ᠳᠡᠯᠭᠡᠨ ᠦᠵᠡᠭᠦᠯᠦᠨ᠎ᠡ᠃ ᠪᠠᠰᠠ ︽ᠭᠤᠶᠢᠲᠠ ᠰᠠᠶᠢᠬᠠᠨ ᠠᠹᠷᠢᠺᠠ ᠲᠢᠪ︾ ᠦᠵᠡᠵᠦ ᠰᠣᠨᠣᠰᠬᠤ ᠫᠷᠦᠭᠷᠠᠮ ᠤᠨ ᠨᠡᠪᠲᠡᠷᠡᠭᠦᠯᠭᠡ᠂ ︽ᠬᠤᠯᠠ ᠠᠴᠠ ᠢᠷᠡᠭᠰᠡᠨ ᠨᠠᠶᠢᠵᠠ ᠨᠠᠷ︾ — ᠠᠹᠷᠢᠺᠠ ᠲᠢᠪ ᠤᠨ ᠵᠠᠯᠠᠭᠤ ᠵᠠᠭᠤᠴᠢᠯᠠᠭᠤᠷ ᠤᠨ ᠬᠥᠮᠦᠰ ᠤᠨ ᠳᠤᠮᠳᠠᠳᠤ ᠤᠯᠤᠰ ᠲᠠᠬᠢ ᠠᠶᠠᠯᠠᠯ ᠵᠡᠷᠭᠡ ᠠᠵᠢᠯᠯᠠᠭ᠎ᠠ ᠶᠢ ᠥᠷᠨᠢᠭᠦᠯᠵᠡᠢ᠃  ︽ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠵᠢᠯᠴᠠᠭᠠᠨ ᠤ ᠶᠠᠷᠢᠶᠠᠨ ᠤ ᠲᠠᠪᠴᠠᠩ︾ ᠢ 2012 ᠣᠨ ᠳᠤ ᠡᠭᠦᠳᠦᠨ ᠪᠠᠶᠢᠭᠤᠯᠵᠤ᠂ ᠳᠤᠮᠳᠠᠳᠤ ᠠᠹᠷᠢᠺᠠ ᠶᠢᠨ ᠬᠠᠮᠵᠢᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠳᠣᠣᠷᠠᠬᠢ ᠵᠠᠭᠤᠴᠢᠯᠠᠭᠤᠷ ᠤᠨ ᠬᠦᠷᠢᠶᠡᠨ ᠤ ᠴᠢᠬᠤᠯᠠ ᠲᠣᠭᠲᠠᠴᠠ ᠶᠢᠨ ᠴᠢᠨᠠᠷᠲᠠᠶ ᠠᠵᠢᠯᠯᠠᠭ᠎ᠠ ᠪᠠᠶᠢᠵᠤ᠂ ᠣᠳᠣᠬᠠᠨ ᠳᠤ ᠪᠣᠯᠲᠠᠯ᠎ᠠ 5 ᠤᠳᠠᠭ᠎ᠠ ᠠᠮᠵᠢᠯᠲᠠ ᠲᠠᠢ ᠪᠠᠷ ᠡᠷᠬᠢᠯᠡᠵᠦ᠂ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠲᠣᠭᠲᠠᠴᠠ ᠶᠢᠨ ᠴᠢᠨᠠᠷᠲᠠᠶ ᠰᠣᠯᠢᠯᠴᠠᠭ᠎ᠠ ᠶᠠᠷᠢᠯᠴᠠᠭ᠎ᠠ ᠶᠢ ᠥᠷᠨᠢᠭᠦᠯᠵᠦ ᠪᠤᠳᠠᠲᠠᠶ ᠬᠠᠮᠵᠢᠯᠴᠠᠭ᠎ᠠ ᠶᠢ ᠠᠬᠢᠭᠤᠯᠬᠤ ᠴᠢᠬᠤᠯᠠ ᠲᠠᠪᠴᠠᠩ ᠪᠣᠯᠣᠨ᠎ᠠ᠃ ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠤᠨ ᠳᠠᠪᠬᠤᠷᠭ᠎ᠠ ᠥᠨᠳᠥᠷ᠂ ᠬᠡᠪᠴᠢᠶ᠎ᠡ ᠥᠷᠭᠡᠨ᠂ ᠬᠡᠪᠴᠢᠶᠡᠵᠢᠯ ᠶᠡᠭᠡ ᠪᠠᠶᠢᠵᠤ᠂ ᠳᠤᠮᠳᠠᠳᠤ ᠠᠹᠷᠢᠺᠠ ᠶᠢᠨ ᠡᠯ᠎ᠡ ᠲᠠᠯ᠎ᠠ ᠠᠴᠠ ᠢᠳᠡᠪᠬᠢᠲᠡᠢ ᠣᠷᠣᠯᠴᠠᠵᠤ᠂ ᠣᠳᠣᠬᠠᠨ ᠳᠤ ᠪᠣᠯᠲᠠᠯ᠎ᠠ ᠨᠢᠭᠡᠨᠲᠡ 500 ᠭᠠᠷᠤᠢ ᠳᠤᠮᠳᠠᠳᠤ ᠠᠹᠷᠢᠺᠠ ᠶᠢᠨ ᠲᠥᠯᠥᠭᠡᠯᠡᠭᠴᠢ ᠨᠡᠷ᠎ᠡ ᠮᠡᠳᠡᠭᠦᠯᠵᠦ ᠬᠤᠷᠠᠯ ᠪᠣᠯᠤᠨ ᠬᠤᠯᠪᠣᠭᠳᠠᠯ ᠪᠦᠬᠦᠢ ᠢᠵᠢ ᠪᠦᠷᠢᠳᠦᠭᠰᠡᠨ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ