ᠰᠢ ᠶᠢᠨ ᠫᠢᠩ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠤ ᠪᠥᠭᠡᠳ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠬᠦ ᠪᠠᠷ ᠪᠣᠢ
ᠨᠡᠶᠢᠲᠡᠯᠡᠭᠰᠡᠨ ᠴᠠᠭ᠄
2024/8/23
    ᠭᠠᠲᠠᠭᠠᠲᠤ ᠬᠠᠷᠢᠯᠴᠠᠭᠠᠨ ᠤ ᠶᠠᠮᠣᠠ ᠤ ᠥᠭᠦᠯᠡᠭᠴᠢ ᠬᠤᠸᠠ ᠴᠦᠠ ᠶᠢᠩ ᠤᠨ ᠨᠡᠶᠢᠲᠡᠯᠡᠭᠰᠡᠨ ᠢᠶᠠᠷ ᠄    ᠤᠯᠤᠰ ᠤᠨ ᠲᠡᠷᠢᠭᠦᠯᠡᠭᠴᠢ ᠰᠢ ᠶᠢᠨ ᠫᠢᠩ 9 ᠳ᠋ᠦ᠋ᠭᠡᠷ ᠰᠠᠷ᠎ᠠ ᠶᠢᠨ 5 ᠤ ᠡᠳᠦᠷ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠤ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠨ᠎ᠠ ᠃ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠲᠡᠷᠢᠭᠦᠯᠡᠭᠴᠢ ᠰᠢ ᠶᠢᠨ ᠫᠢᠩ ᠪᠠᠰᠠ ᠤᠷᠢᠯᠭ᠎ᠠ ᠪᠠᠷ ᠬᠤᠷᠠᠯ ᠳᠤ ᠣᠷᠣᠯᠴᠠᠬᠤ ᠪᠣᠯᠣᠭᠰᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠲᠢᠪ ᠤᠨ ᠲᠠᠯ᠎ᠠ ᠶᠢᠨ ᠭᠡᠰᠢᠭᠦᠨ ᠤ ᠤᠳᠤᠷᠢᠳᠬᠤ ᠬᠥᠮᠥᠰ᠂ ᠠᠹᠷᠢᠺᠠ ᠲᠢᠪ ᠤᠨ ᠭᠠᠵᠠᠷ ᠣᠷᠣᠨ ᠤ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠡᠷᠭᠡ ᠬᠥᠮᠥᠰ ᠯᠦᠭᠡ ᠤᠭᠲᠤᠬᠤ ᠳᠠᠶᠢᠯᠠᠯᠭ᠎ᠠ ᠪᠠ ᠬᠤᠶᠠᠷ ᠲᠠᠯ᠎ᠠ ᠶᠢᠨ ᠬᠠᠮᠢᠶ᠎ᠠ ᠪᠦᠬᠦᠢ ᠠᠵᠢᠯᠯᠠᠭ᠎ᠠ ᠶᠢ ᠥᠷᠨᠢᠭᠦᠯᠬᠦ ᠪᠠᠷ ᠪᠣᠢ ᠃  
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ