︽ᠭᠠᠷ ᠬᠤᠯᠪᠣᠯᠴᠠᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ︾ ᠪᠠᠷ ᠭᠤᠣᠯ ᠰᠡᠳᠦᠪ ᠪᠣᠯᠭᠠᠭᠰᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠ ᠳᠤᠮᠳᠠᠳᠤ ᠠᠹᠷᠢᠺᠠ ᠶᠢᠨ ᠤᠶᠤᠨ ᠤ ᠬᠥᠮᠥᠷᠭᠡ ᠶᠢᠨ ᠳᠡᠭᠡᠳᠦ ᠲᠡᠰ ᠤᠨ ᠶᠠᠷᠢᠯᠴᠠᠯᠭ᠎ᠠ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/23
  8 ᠳ᠋ᠤᠭᠠᠷ ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠ ᠳᠤᠮᠳᠠᠳᠤ ᠠᠹᠷᠢᠺᠠ ᠶᠢᠨ ᠤᠶᠤᠨ ᠤ ᠬᠥᠮᠥᠷᠭᠡ ᠶᠢᠨ ᠳᠡᠭᠡᠳᠦ ᠲᠡᠰ ᠤᠨ ᠶᠠᠷᠢᠯᠴᠠᠯᠭ᠎ᠠ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠦ ᠯᠸᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠡᠭᠡᠵᠢᠩ ᠬᠤᠳᠠ ᠶᠢᠨ ᠳᠠᠷᠤᠭ᠎ᠠ ᠶᠢᠨ ᠶᠦᠩ᠂ ᠺᠤᠩᠭᠣ᠋ ᠶᠢᠨ ᠰᠣᠨᠢᠨ ᠮᠡᠳᠡᠭᠡ ᠪᠣᠯᠤᠨ ᠵᠠᠭᠤᠴᠢᠯᠠᠭᠤᠷ ᠤᠨ ᠶᠠᠮᠤᠨ ᠤ ᠰᠠᠶᠢᠳ ᠪᠥᠭᠡᠳ ᠵᠠᠰᠠᠭ ᠤᠨ ᠣᠷᠳᠣᠨ ᠤ ᠥᠭᠦᠯᠡᠭᠴᠢ ᠮᠧᠩᠵᠢᠶᠠᠯᠠ ᠠᠴᠠ ᠲᠤᠰ ᠲᠤᠰ ᠪᠠᠶᠠᠷ ᠤᠨ ᠦᠭᠡ ᠬᠡᠯᠡᠵᠦ᠂ ᠠᠹᠷᠢᠺᠠ ᠲᠢᠪ ᠤᠨ ᠬᠤᠯᠪᠣᠭᠠᠨ ᠤ ᠵᠥᠪᠯᠡᠯ ᠤᠨ ᠲᠥᠯᠥᠭᠡᠯᠡᠭᠴᠢ ᠮᠠ ᠳ᠋ᠦᠩ ᠳ᠋ᠦᠸᠧ ᠶᠠᠩ ᠷᠦ᠋ ᠠᠹᠷᠢᠺᠠ ᠶᠢᠨ ᠬᠤᠯᠪᠣᠭᠠᠨ ᠤ ᠵᠥᠪᠯᠡᠯ ᠤᠨ ᠲᠡᠷᠢᠭᠦᠯᠡᠭᠴᠢ ᠹᠠᠵᠢ ᠪᠢᠴᠢᠭ ᠢᠶᠠᠷ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠭᠤᠤ ᠰᠢᠶᠠᠩ ᠣᠷᠣᠯᠴᠠᠪᠠ᠃  ᠶᠠᠷᠢᠶᠠᠨ ᠤ ᠲᠠᠪᠴᠠᠩ ᠨᠢ ︽ᠭᠠᠷ ᠬᠤᠯᠪᠣᠯᠴᠠᠨ ᠣᠳᠣᠬᠢᠴᠢᠯᠠᠯᠲᠠ ᠶᠢᠨ ᠵᠠᠮ ᠢᠶᠠᠷ  ᠵᠠᠮᠨᠠᠬᠤ︾ ᠪᠠᠷ ᠭᠤᠤᠯ ᠰᠡᠳᠦᠪ ᠪᠤᠯᠭᠠᠵᠦ᠂ ᠤᠯᠤᠰ ᠤᠨ ᠷᠠᠳᠢᠤ᠋ ᠲᠧᠯᠸᠢᠰ ᠤᠨ ᠶᠡᠷᠦᠩᠭᠡᠢ ᠲᠤᠪᠴᠢᠶᠠᠨ ᠲᠠᠷᠤᠭ᠎ᠠ ᠼᠤᠤ ᠱᠦ ᠮᠢᠨ᠂ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠤᠭ᠎ᠠ ᠭᠤᠤ ᠰᠢᠶᠠᠩ᠂ ᠵᠢᠶᠠ ᠫᠸᠡᠭ ᠰᠤᠨᠢᠨ ᠮᠡᠳᠡᠭᠡ ᠪᠠ ᠵᠠᠭᠤᠴᠢᠯᠠᠭᠤᠷ ᠤᠨ ᠶᠠᠮᠤᠨ ᠤ ᠰᠠᠶᠢᠳ ᠡᠸ᠋ᠨ ᠳ᠋ᠦᠩ᠂ ᠭᠢᠨᠧᠶᠠ ᠶᠢᠨ ᠮᠡᠳᠡᠭᠡ ᠵᠠᠩᠬᠢ ᠪᠠ ᠰᠤᠨᠢᠨ ᠮᠡᠳᠡᠭᠡᠨ ᠤ ᠶᠠᠮᠤᠨ ᠤ ᠰᠠᠶᠢᠳ ᠰᠦᠮᠠ᠂ ᠽᠠᠮᠪᠢᠶ᠎ᠠ ᠶᠢᠨ ᠮᠡᠳᠡᠭᠡ ᠵᠠᠩᠬᠢ ᠪᠠ ᠵᠠᠭᠤᠴᠢᠯᠠᠭᠤᠷ ᠤᠨ ᠶᠠᠮᠤᠨ ᠤ ᠰᠠᠶᠢᠳ ᠮᠦᠸᠧᠳ᠋ᠸᠠ ᠵᠡᠷᠭᠡ ᠳᠤᠮᠳᠠᠳᠤ ᠠᠹᠷᠢᠺᠠ ᠶᠢᠨ ᠵᠤᠴᠢᠳ ᠭᠤᠤᠯ ᠶᠠᠷᠢᠶᠠᠨ ᠤ ᠲᠠᠪᠴᠠᠩ ᠳᠤ ᠦᠭᠡ ᠬᠡᠯᠡᠪᠡ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᠭᠦᠸᠧ ᠷᠦᠢ ᠭᠤᠤᠯ ᠶᠠᠷᠢᠶᠠᠨ ᠤ ᠲᠠᠪᠴᠠᠩ ᠢ ᠡᠷᠭᠢᠯᠡᠪᠡ᠃ ᠶᠠᠷᠢᠶᠠᠨ ᠤ ᠲᠠᠪᠴᠠᠩ ᠨᠢ ᠲᠦᠷᠪᠡᠨ ᠲᠠᠯᠠᠪᠤᠷ ᠵᠡᠷᠭᠡᠴᠡᠭᠡ ᠬᠤᠪᠢᠶᠠᠷᠢ ᠶᠠᠷᠢᠶᠠᠨ ᠤ ᠲᠠᠪᠴᠠᠩ ᠢ ᠡᠷᠬᠢᠯᠡᠵᠦ᠂ ᠳᠤᠮᠳᠠᠳᠤ ᠠᠹᠷᠢᠺᠠ ᠶᠢᠨ ᠬᠦᠨᠳᠦᠲᠦ ᠵᠣᠴᠢᠳ ︽ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠬᠦ᠄ ︿ᠨᠢᠭᠡ ᠪᠦᠰᠡ ᠨᠢᠭᠡ ᠵᠠᠮ﹀ ᠤᠨ ᠰᠠᠨᠠᠭᠠᠴᠢᠯᠠᠭ᠎ᠠ ᠬᠢᠭᠡᠳ ᠠᠹᠷᠢᠺᠠ ᠲᠢᠪ ᠤᠨ ᠤᠯᠤᠰ ᠤᠳ ᠤᠨ ᠬᠤᠯᠪᠣᠭᠠᠨ ᠤ ︿2063 ᠣᠨ ᠤ ᠵᠥᠪᠯᠡᠬᠦ ᠵᠦᠢᠯ﹀ ᠢ ᠵᠤᠯᠭᠠᠯᠴᠠᠭᠤᠯᠤᠶ᠎ᠠ︾᠂ ︽ᠡᠶ᠎ᠡ ᠬᠠᠮᠲᠤᠷᠠᠵᠤ ᠬᠠᠮᠲᠤ ᠣᠷᠤᠰᠢᠬᠤ᠄ ᠪᠦᠬᠦ ᠳᠡᠯᠡᠬᠡᠢ ᠶᠢᠨ ᠡᠮᠦᠨᠡᠲᠦ ᠣᠷᠣᠨ ᠤ ᠤᠯᠤᠰ ᠤᠳ ᠤᠨ ᠵᠠᠭᠤᠴᠢᠯᠠᠭᠤᠷ ᠤᠨ ᠬᠠᠮᠵᠢᠯᠴᠠᠭᠠᠨ ᠤ ᠰᠢᠨ᠎ᠡ ᠬᠡᠪ ᠳᠠᠭᠤᠷᠢᠶᠠᠯ ᠢ ᠬᠠᠮᠲᠤ ᠪᠠᠷ ᠪᠣᠢ ᠪᠣᠯᠭᠠᠶ᠎ᠠ︾᠂ ︽ᠪᠣᠯᠪᠠᠰᠤᠨ ᠢ ᠬᠠᠮᠲᠤ ᠪᠠᠷ ᠬᠥᠭᠵᠢᠭᠦᠯᠬᠦ᠄ ᠳᠤᠮᠳᠠᠳᠤ ᠠᠹᠷᠢᠺᠠ ᠶᠢᠨ ᠪᠣᠯᠪᠠᠰᠤᠨ ᠤ ᠰᠣᠯᠢᠯᠴᠠᠭ᠎ᠠ ᠬᠠᠷᠢᠯᠴᠠᠨ ᠲᠣᠯᠢᠳᠠᠬᠤ ᠰᠢᠨ᠎ᠡ ᠠᠬᠤᠢ ᠪᠠᠶᠢᠳᠠᠯ ᠢ ᠬᠠᠮᠲᠤ ᠪᠠᠷ ᠴᠣᠭᠴᠠᠯᠠᠶ᠎ᠠ︾᠂ ︽ᠰᠢᠨ᠎ᠡ ᠶᠢ ᠡᠭᠦᠳᠴᠦ ᠬᠠᠮᠲᠤ ᠪᠠᠷ ᠤᠷᠤᠭᠰᠢᠯᠠᠬᠤ᠄ ᠲᠣᠭᠠᠵᠢᠭᠤᠯᠤᠯᠲᠠ ᠶᠢ ᠬᠠᠮᠲᠤ ᠪᠠᠷ ᠠᠬᠢᠭᠤᠯᠵᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠰᠢᠨ᠎ᠡ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠠᠮᠲᠤ ᠪᠠᠷ ᠠᠬᠢᠭᠤᠯᠤᠶ᠎ᠠ︾ ᠵᠡᠷᠭᠡ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠬᠢᠪᠡ᠃ ᠳᠤᠮᠳᠠᠳᠤ ᠤᠯᠤᠰ ᠪᠠ ᠠᠹᠷᠢᠺᠠ ᠲᠢᠪ ᠤᠨ 45 ᠤᠯᠤᠰ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠵᠠᠭᠤᠴᠢᠯᠠᠭᠤᠷ᠂ ᠤᠶᠤᠨ ᠤ ᠬᠥᠮᠥᠷᠭᠡ᠂ ᠠᠵᠤ ᠠᠬᠤᠶᠢᠯᠠᠯ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠣᠭᠠᠨ ᠤ ᠵᠥᠪᠯᠡᠯ᠂ ᠠᠹᠷᠢᠺᠠ ᠲᠢᠪ ᠤᠨ ᠤᠯᠤᠰ ᠤᠳ ᠤᠨ ᠷᠠᠳᠢᠣ᠋ ᠨᠡᠪᠲᠡᠷᠡᠭᠦᠯᠭᠡ ᠶᠢᠨ ᠬᠤᠯᠪᠣᠭ᠎ᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠠᠴᠠ ᠢᠷᠡᠭᠰᠡᠨ 500 ᠭᠠᠷᠤᠢ ᠲᠥᠯᠥᠭᠡᠯᠡᠭᠴᠢ ᠶᠠᠷᠢᠶᠠᠨ ᠤ ᠲᠠᠪᠴᠠᠩ ᠵᠢᠴᠢ ᠢᠵᠢ ᠪᠦᠷᠢᠳᠦᠭᠰᠡᠨ ᠠᠵᠢᠯᠯᠠᠭ᠎ᠠ ᠳᠤ ᠣᠷᠣᠯᠴᠠᠪᠠ᠃  ᠶᠠᠷᠢᠶᠠᠨ ᠤ ᠲᠠᠪᠴᠠᠩ ᠤᠨ ᠬᠤᠭᠤᠴᠠᠭᠠᠨ ᠳᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠳᠠᠷᠤᠭ᠎ᠠ ᠼᠤᠤ ᠱᠤ᠋ ᠮᠢᠨ ᠺᠤᠩᠭᠣ᠋ ᠶᠢᠨ ᠰᠣᠨᠢᠨ ᠮᠡᠳᠡᠭᠡ ᠪᠠ ᠵᠠᠭᠤᠴᠢᠯᠠᠭᠤᠷ ᠤᠨ ᠶᠠᠮᠤᠨ ᠤ ᠰᠠᠶᠢᠳ ᠪᠥᠭᠡᠳ ᠵᠠᠰᠠᠭ ᠤᠨ ᠣᠷᠳᠣᠨ ᠤ ᠥᠭᠦᠯᠡᠭᠴᠢ ᠮᠧᠩᠵᠢᠶ᠋ᠯᠠ᠂ ᠪᠦᠯᠦᠨᠳᠢ ᠶᠢᠨ ᠴᠢᠮᠡᠭᠡ ᠬᠤᠯᠪᠣᠭ᠎ᠠ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠵᠠᠭᠤᠴᠢᠯᠠᠭᠤᠷ ᠤᠨ ᠶᠠᠮᠤᠨ ᠤ ᠰᠠᠶᠢᠳ ᠧᠨᠳᠠᠺᠠᠶᠢᠽᠪᠠ᠂ ᠵᠢᠶᠠ ᠫᠧᠩ ᠰᠣᠨᠢᠨ ᠮᠡᠳᠡᠭᠡ ᠪᠠ ᠵᠠᠭᠤᠴᠢᠯᠠᠭᠤᠷ ᠤᠨ ᠶᠠᠮᠤᠨ ᠤ ᠰᠠᠶᠢᠳ ᠪᠥᠭᠡᠳ ᠵᠠᠰᠠᠭ ᠤᠨ ᠣᠷᠳᠣᠨ ᠤ ᠥᠭᠦᠯᠡᠭᠴᠢ ᠡᠸ᠋ᠨ ᠳ᠋ᠦᠩ᠂ ᠭᠠᠮᠪᠢᠶ᠎ᠠ ᠶᠢᠨ ᠮᠡᠳᠡᠭᠡ ᠵᠠᠩᠭᠢ ᠶᠢᠨ ᠶᠠᠮᠤᠨ ᠤ ᠰᠠᠶᠢᠳ ᠰᠠᠶᠢᠰᠧ᠂ ᠭᠢᠨᠧᠶᠠ ᠶᠢᠨ ᠮᠡᠳᠡᠭᠡ ᠵᠠᠩᠭᠢ ᠪᠠ ᠰᠣᠨᠢᠨ ᠮᠡᠳᠡᠭᠡᠨ ᠤ ᠶᠠᠮᠤᠨ ᠤ ᠰᠠᠶᠢᠳ ᠰᠦᠮᠠ ᠵᠢᠴᠢ ᠰᠣᠮᠠᠯᠢ ᠶᠢᠨ ᠰᠣᠨᠢᠨ ᠮᠡᠳᠡᠭᠡ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠵᠢᠶᠠᠮᠠ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠬᠢᠭᠡᠳ ᠳᠡᠭᠡᠷ᠎ᠡ ᠳᠤᠷᠠᠳᠤᠭᠰᠠᠨ ᠤᠯᠤᠰ ᠯᠤᠭ᠎ᠠ ᠲᠤᠰ ᠲᠤᠰ ᠰᠠᠯᠠᠭ᠎ᠠ ᠮᠥᠴᠢᠷ ᠤᠨ ᠬᠤᠭᠤᠷᠣᠨᠳᠣᠬᠢ ᠶᠡᠷᠦᠩᠬᠡᠶᠢᠯᠡᠭᠰᠡᠨ ᠴᠢᠨᠠᠷᠲᠠᠶ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃  ᠶᠠᠷᠢᠶᠠᠨ ᠤ ᠲᠠᠪᠴᠠᠩ ᠤᠨ ᠭᠠᠳᠠᠨ᠎ᠠ ︽ᠨᠥᠬᠦᠷᠯᠡᠯ • ᠬᠠᠮᠲᠤᠷᠠᠯᠴᠠᠭ᠎ᠠ︾ ᠭᠡᠬᠦ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠤᠶᠤᠨ ᠤ ᠬᠥᠮᠥᠷᠭᠡ ᠶᠢᠨ ᠬᠠᠮᠲᠤᠷᠠᠯᠴᠠᠭ᠎ᠠ ᠰᠣᠯᠢᠯᠴᠠᠭᠠᠨ ᠤ ᠦᠷ᠎ᠡ ᠪᠦᠲᠦᠭᠡᠯ ᠤᠨ ᠲᠤᠭᠤᠷᠢᠭ᠂ ︽ᠬᠥᠭᠵᠢᠯᠲᠡ • ᠰᠢᠨ᠎ᠡ ᠡᠭᠦᠳᠦᠯᠳᠡ︾ ᠰᠢᠨ᠎ᠡ ᠴᠠᠭ ᠦᠶ᠎ᠡ ᠶᠢᠨ ᠶᠡᠭᠡ ᠦᠵᠡᠵᠦ ᠰᠣᠨᠣᠰᠬᠤ ᠮᠡᠷᠭᠡᠵᠢᠯ ᠤᠨ ᠦᠷ᠎ᠡ ᠪᠦᠲᠦᠭᠡᠯ ᠤᠨ ᠲᠤᠭᠤᠷᠢᠭ᠂ ︽ᠤᠯᠠᠮᠵᠢᠯᠠᠯ • ᠬᠠᠷᠢᠯᠴᠠᠨ ᠲᠣᠯᠢᠯᠠᠯ︾ ᠪᠡᠭᠡᠵᠢᠩ ᠤᠨ ᠰᠣᠳᠣᠨ ᠰᠣᠶᠣᠯ ᠤᠨ ᠡᠭᠦᠳᠦᠯᠲᠡ ᠶᠢᠨ ᠪᠡᠶᠡᠴᠢᠯᠡᠨ ᠣᠶᠢᠯᠠᠭᠠᠬᠤ ᠲᠤᠭᠤᠷᠢᠭ ᠢ ᠪᠠᠶᠢᠭᠤᠯᠵᠤ᠂ ᠲᠤᠬᠠᠢ ᠶᠢᠨ ᠲᠠᠯᠠᠪᠠᠢ ᠶᠢᠨ ᠦᠵᠡᠮᠵᠢᠲᠦ ᠦᠢᠯᠡᠳᠬᠦᠨ ᠤ ᠳᠡᠯᠭᠡᠨ ᠦᠵᠡᠭᠦᠯᠬᠦ ᠪᠠ ᠰᠣᠯᠢᠯᠴᠠᠭ᠎ᠠ ᠬᠢᠬᠦ ᠬᠡᠯᠪᠡᠷᠢ ᠪᠠᠷ ᠳᠠᠮᠵᠢᠭᠤᠯᠵᠤ᠂ ᠳᠤᠮᠳᠠᠳᠤ ᠠᠹᠷᠢᠺᠠ ᠶᠢᠨ ᠵᠠᠭᠤᠴᠢᠯᠠᠭᠤᠷ᠂ ᠤᠶᠤᠨ ᠤ ᠬᠥᠮᠥᠷᠭᠡ ᠶᠢᠨ ᠬᠠᠮᠲᠤᠷᠠᠯᠴᠠᠭᠠᠨ ᠤ ᠬᠢᠯᠠᠰ ᠴᠡᠭ ᠵᠢᠴᠢ ᠳᠤᠮᠳᠠᠳᠤ ᠤᠯᠤᠰ ᠤᠨ ᠥᠨᠳᠥᠷ ᠲᠤᠳᠤᠷᠠᠴᠠᠲᠤ ᠬᠡᠳᠦ ᠥᠨᠳᠥᠷ ᠲᠤᠳᠤᠷᠠᠴᠠᠲᠤ᠂ ᠵᠣᠬᠢᠶᠠᠮᠠᠯ ᠣᠶᠣᠨ ᠤ ᠬᠡᠷᠡᠭᠯᠡᠭᠡ᠂ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠵᠡᠷᠭᠡ ᠷᠠᠳᠢᠣ᠋ ᠲᠧᠯᠸᠢᠰ ᠤᠨ ᠦᠵᠡᠵᠦ ᠰᠣᠨᠣᠰᠬᠤ ᠭᠤᠣᠯᠳᠠᠯᠭ᠎ᠠ ᠲᠠᠢ ᠠᠵᠢᠯ ᠪᠠ ᠦᠷ᠎ᠡ ᠪᠦᠲᠦᠭᠡᠯ ᠢ ᠪᠦᠬᠦ ᠲᠠᠯ᠎ᠠ ᠪᠠᠷ ᠠᠮᠢᠳᠤᠯᠢᠭ ᠢᠶᠠᠷ ᠢᠯᠡᠷᠡᠭᠦᠯᠪᠡ᠃ ᠶᠠᠷᠢᠶᠠᠨ ᠤ ᠲᠠᠪᠴᠠᠩ ᠨᠢ ︽ᠭᠤᠶᠢᠲᠠ ᠰᠠᠶᠢᠬᠠᠨ ᠠᠹᠷᠢᠺᠠ ᠲᠢᠪ︾ ᠦᠵᠡᠵᠦ ᠰᠣᠨᠣᠰᠬᠤ ᠪᠦᠲᠦᠭᠡᠯ ᠤᠨ ᠨᠡᠪᠲᠡᠷᠡᠭᠦᠯᠭᠡ ᠪᠠ ︽ᠬᠤᠯᠠ ᠠᠴᠠ ᠢᠷᠡᠭᠰᠡᠨ ᠨᠠᠶᠢᠵᠠ ᠨᠠᠷ︾ — ᠠᠹᠷᠢᠺᠠ ᠲᠢᠪ ᠤᠨ ᠵᠠᠯᠠᠭᠤ ᠵᠠᠭᠤᠴᠢᠯᠠᠭᠤᠷ ᠤᠨ ᠬᠦᠮᠦᠰ ᠤᠨ ᠳᠤᠮᠳᠠᠳᠤ ᠤᠯᠤᠰ ᠲᠠᠬᠢ ᠠᠶᠠᠯᠠᠯ ᠤᠨ ᠬᠤᠶᠠᠷ ᠵᠦᠢᠯ ᠤᠨ ᠢᠵᠢ ᠪᠦᠷᠢᠳᠦᠭᠰᠡᠨ ᠠᠵᠢᠯᠯᠠᠭ᠎ᠠ ᠶᠢ ᠡᠷᠬᠢᠯᠡᠪᠡ᠃ ︽ᠭᠤᠶᠢᠳᠠ ᠰᠠᠶᠢᠬᠠᠨ ᠠᠹᠷᠢᠺᠠ ᠲᠢᠪ︾ ᠦᠵᠡᠵᠦ ᠰᠣᠨᠣᠰᠬᠤ ᠪᠦᠲᠦᠭᠡᠯ ᠤᠨ ᠨᠡᠪᠲᠡᠷᠡᠭᠦᠯᠭᠡ ᠶᠢ 8 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠵᠦ ᠨᠡᠪᠲᠡᠷᠡᠭᠦᠯᠵᠦ᠂ ᠤᠯᠤᠰ ᠤᠨ ᠳᠣᠲᠣᠭᠠᠳᠤ ᠶᠢᠨ ᠭᠤᠤᠯ ᠦᠵᠡᠵᠦ ᠰᠣᠨᠣᠰᠬᠤ ᠲᠠᠪᠴᠠᠩ ᠳᠤ ᠠᠹᠷᠢᠺᠠ ᠲᠢᠪ ᠤᠨ 22 ᠤᠯᠤᠰ ᠤᠨ 34 ᠪᠦᠯᠦᠭ ᠦᠵᠡᠵᠦ ᠰᠣᠨᠣᠰᠬᠤ ᠪᠦᠲᠦᠭᠡᠯ ᠵᠢᠴᠢ ︽ᠮᠠ ᠯᠧ ᠲᠣᠰᠬᠤᠨ ᠳᠤ ᠢᠷᠡᠭᠰᠡᠨ ᠢ ᠴᠢᠨᠢ ᠪᠠᠶᠠᠷᠯᠠᠨ ᠤᠭᠲᠤᠶ᠎ᠠ︾ ᠵᠡᠷᠭᠡ 4 ᠪᠦᠯᠦᠭ ᠳᠤᠮᠳᠠᠳᠤ ᠠᠹᠷᠢᠺᠠ ᠶᠢᠨ ᠬᠠᠮᠲᠤᠷᠠᠨ ᠰᠡᠭᠦᠳᠡᠷᠯᠡᠭᠰᠡᠨ ᠪᠦᠲᠦᠭᠡᠯ ᠢ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃ ︽ᠬᠤᠯᠠ ᠠᠴᠠ ᠢᠷᠡᠭᠰᠡᠨ ᠨᠠᠶᠢᠵᠠ ᠨᠠᠷ︾ — ᠠᠹᠷᠢᠺᠠ ᠲᠢᠪ ᠤᠨ ᠵᠠᠯᠠᠭᠤ ᠵᠠᠭᠤᠴᠢᠯᠠᠭᠤᠷ ᠤᠨ ᠬᠦᠮᠦᠰ ᠤᠨ ᠳᠤᠮᠳᠠᠳᠤ ᠤᠯᠤᠰ ᠲᠠᠬᠢ ᠠᠶᠠᠯᠠᠯ ᠤᠨ ᠠᠵᠢᠯᠯᠠᠭ᠎ᠠ ᠳᠤ ᠠᠹᠷᠢᠺᠠ ᠲᠢᠪ ᠤᠨ 14 ᠵᠠᠯᠠᠭᠤ ᠰᠤᠷᠪᠤᠯᠵᠢᠯᠠᠭᠴᠢ᠂ ᠺᠢᠨᠣ᠋ ᠦᠢᠯᠡᠳᠦᠭᠴᠢ᠂ ᠰᠦᠯᠵᠢᠶᠡᠨ ᠣᠳᠣᠳ ᠪᠡᠭᠡᠵᠢᠩ᠂ ᠬᠤᠨᠠᠨ ᠬᠤᠶᠠᠷ ᠭᠠᠵᠠᠷ ᠲᠤ ᠠᠶᠢᠯᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠭᠤᠴᠢᠯᠠᠭᠤᠷ ᠤᠨ ᠠᠵᠤ ᠦᠢᠯᠡᠰ᠂ ᠤᠯᠠᠮᠵᠢᠯᠠᠯᠲᠤ ᠰᠣᠶᠣᠯ ᠵᠡᠷᠭᠡ ᠭᠤᠣᠯ ᠰᠡᠳᠦᠪ ᠤᠨ ᠲᠣᠭᠤᠷᠢᠨ ᠳᠤ ᠰᠣᠯᠢᠯᠴᠠᠭ᠎ᠠ ᠬᠢᠬᠦ ᠠᠵᠢᠯᠯᠠᠭ᠎ᠠ ᠶᠢ ᠥᠷᠨᠢᠭᠦᠯᠵᠦ᠂ ᠬᠤᠯᠪᠣᠭᠳᠠᠯ ᠪᠦᠬᠦᠢ ᠪᠢᠴᠢᠯ ᠪᠠᠷᠢᠮᠲᠠᠲᠤ ᠺᠢᠨᠣ᠋ ᠶᠢ 9 ᠳ᠋ᠦ᠋ᠭᠡᠷ ᠰᠠᠷ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠡᠮᠦᠨ᠎ᠡ ᠬᠤᠶᠢᠨ᠎ᠠ ᠨᠡᠪᠲᠡᠷᠡᠭᠦᠯᠬᠦ ᠪᠠᠷ ᠵᠢᠱᠢᠵᠦ ᠪᠠᠶᠢᠨ᠎ᠠ᠃ ᠶᠠᠷᠢᠯᠴᠠᠭᠠᠨ ᠤ ᠲᠠᠪᠴᠠᠩ ᠤᠨ ᠬᠤᠭᠤᠴᠠᠭᠠᠨ ᠳᠤ ᠪᠠᠰᠠ ᠳᠤᠮᠳᠠᠳᠤ ᠠᠹᠷᠢᠺᠠ ᠶᠢᠨ ᠷᠠᠳᠢᠣ᠋ ᠲᠧᠯᠸᠢᠰ ᠪᠣᠯᠤᠨ ᠣᠶᠤᠨ ᠤ ᠬᠥᠮᠥᠷᠭᠡ ᠶᠢᠨ ᠬᠠᠮᠲᠤ ᠶᠢᠨ ᠠᠵᠢᠯᠯᠠᠭᠠᠨ ᠤ 20 ᠵᠦᠢᠯ ᠤᠨ ᠰᠢᠨ᠎ᠡ ᠦᠷ᠎ᠡ ᠪᠥᠲᠥᠭᠡᠯ ᠢ ᠨᠡᠶᠢᠲᠡᠯᠡᠵᠡᠶ᠃ 22 ᠤᠨ ᠡᠳᠦᠷ ᠤᠨ ᠦᠳᠡ ᠶᠢᠨ ᠡᠮᠦᠨ᠎ᠡ᠂ ᠬᠤᠷᠠᠯ ᠳᠤ ᠣᠷᠣᠯᠴᠠᠭᠰᠠᠨ ᠠᠹᠷᠢᠺᠠ ᠶᠢᠨ ᠲᠦᠯᠦᠭᠡᠯᠡᠭᠴᠢᠳ ᠬᠠᠮᠲᠤ ᠪᠠᠷ ᠭᠤᠴᠢᠨ ᠨᠢᠭᠡᠳᠦᠭᠡᠷ ᠬᠤᠭᠤᠴᠠᠭᠠᠨ ᠤ ᠪᠡᠭᠡᠵᠢᠩ ᠤᠨ ᠣᠯᠠᠨ ᠤᠯᠤᠰ ᠤᠨ ᠷᠠᠳᠢᠣ᠋ ᠺᠢᠨᠣ᠋ ᠲᠧᠯᠸᠢᠰ ᠤᠨ ᠦᠵᠡᠰᠬᠦᠯᠡᠩ ︵BIRTV︶ ᠢᠶᠠᠷ ᠲᠣᠭᠤᠷᠢᠨ ᠦᠵᠡᠪᠡ᠃  ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠵᠢᠯᠴᠠᠭᠠᠨ ᠤ ᠶᠠᠷᠢᠯᠴᠠᠭᠠᠨ ᠤ ᠲᠠᠪᠴᠠᠩ ᠪᠣᠯ ᠳᠤᠮᠳᠠᠳᠤ ᠠᠹᠷᠢᠺᠠ ᠶᠢᠨ ᠬᠠᠮᠵᠢᠯᠴᠠᠭᠠᠨ ᠤ ᠶᠠᠷᠢᠯᠴᠠᠭᠠᠨ ᠤ ᠲᠠᠪᠴᠠᠩ ᠤᠨ ᠪᠣᠷᠣ ᠲᠥᠯᠥᠪ ᠳᠣᠣᠷᠠᠬᠢ ᠲᠣᠭᠲᠠᠴᠠ ᠶᠢᠨ ᠴᠢᠨᠠᠷᠲᠠᠶ ᠠᠵᠢᠯᠯᠠᠭᠠᠨ ᠤ ᠨᠢᠭᠡ ᠪᠠᠶᠢᠵᠤ᠂ ᠬᠤᠶᠠᠷ ᠵᠢᠯ ᠪᠦᠷᠢ ᠳᠤ ᠨᠢᠭᠡ ᠬᠤᠭᠤᠴᠠᠭ᠎ᠠ ᠶᠢ ᠡᠷᠬᠢᠯᠡᠳᠡᠭ᠃ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠ ᠳᠤᠮᠳᠠᠳᠤ ᠠᠹᠷᠢᠺᠠ ᠶᠢᠨ ᠤᠶᠤᠨ ᠤ ᠬᠥᠮᠥᠷᠭᠡ ᠶᠢᠨ ᠳᠡᠭᠡᠳᠦ ᠲᠡᠰ ᠤᠨ ᠶᠠᠷᠢᠯᠴᠠᠯᠭ᠎ᠠ ᠪᠣᠯ ᠶᠠᠷᠢᠶᠠᠨ ᠤ ᠲᠠᠪᠴᠠᠩ ᠠᠩᠬ᠎ᠠ ᠤᠳᠠᠭ᠎ᠠ ᠤᠶᠤᠨ ᠤ ᠬᠥᠮᠥᠷᠭᠡ ᠶᠢᠨ ᠠᠵᠢᠯᠯᠠᠭ᠎ᠠ ᠳᠤ ᠣᠷᠣᠯᠴᠠᠵᠤ ᠪᠠᠶᠢᠭ᠎ᠠ ᠶᠠᠪᠤᠳᠠᠯ ᠪᠣᠯᠤᠨ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠹᠷᠢᠺᠠ ᠲᠢᠪ ᠤᠨ ᠷᠠᠳᠢᠣ᠋ ᠨᠡᠪᠲᠡᠷᠡᠭᠦᠯᠭᠡ ᠶᠢᠨ ᠬᠤᠯᠪᠣᠭ᠎ᠠ ᠲᠠᠢ ᠬᠠᠮᠲᠤᠷᠠᠨ ᠭᠤᠣᠯᠯᠠᠨ ᠡᠷᠬᠢᠯᠡᠵᠦ᠂ ᠪᠡᠭᠡᠵᠢᠩ ᠬᠤᠳᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠳᠤᠮᠳᠠᠳᠤ ᠤᠯᠤᠰ ᠤᠨ ᠠᠹᠷᠢᠺᠠ ᠲᠢᠪ ᠤᠨ ᠰᠤᠳᠤᠯᠭᠠᠨ ᠤ ᠬᠦᠷᠢᠶᠡᠯᠡᠩ ᠬᠠᠮᠲᠤ ᠪᠠᠷ ᠳᠠᠭᠠᠭᠠᠴᠢᠯᠠᠨ ᠡᠷᠬᠢᠯᠡᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ