ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ  ︽ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠡᠢ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/8/26
    ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 23 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 23 ᠤ ᠡᠳᠦᠷ ᠬᠤᠷᠠᠯ ᠬᠤᠷᠠᠯᠳᠤᠭᠤᠯᠵᠤ᠂ ︽ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ᠃    ᠬᠤᠷᠠᠯ ᠠᠴᠠ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠭᠦᠨᠵᠡᠭᠡᠢ ᠣᠶᠢᠯᠠᠭᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠᠬᠢ ᠪᠠᠶᠢᠷᠢ ᠲᠣᠭᠲᠠᠭᠠᠯᠲᠠ ᠪᠠ ᠡᠭᠦᠷᠭᠡ ᠶᠢ ᠣᠨᠣᠪᠴᠢᠲᠠᠶ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠲᠤᠭᠤᠰᠢᠲᠠᠢ ᠰᠠᠶᠢᠲᠤᠷ ᠠᠳᠬᠤᠵᠤ᠂ ᠶᠡᠭᠡ ᠪᠠᠷ ᠬᠠᠮᠠᠭᠠᠯᠠᠬᠤ᠂ ᠶᠡᠭᠡ ᠪᠠᠷ ᠨᠡᠭᠡᠭᠡᠯᠲᠡ ᠬᠢᠬᠦ᠂ ᠴᠢᠨᠠᠷ ᠰᠠᠶᠢᠲᠠᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠩᠭᠠᠷᠠᠭᠤᠯᠵᠤ᠂ ᠭᠠᠵᠠᠷ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠳᠤᠮᠳᠠᠳᠤ ᠤᠯᠤᠰ ᠤᠨ ᠮᠠᠶ᠋ᠢᠭ ᠤᠨ  ᠣᠳᠣᠬᠢᠴᠢᠯᠠᠯᠲᠠ ᠶᠢᠨ ᠵᠠᠮ ᠢ ᠨᠡᠭᠡᠭᠡᠬᠦ ᠬᠡᠷᠡᠭᠲᠡᠢ᠃ ᠦᠢᠯᠡᠳᠦᠯ ᠴᠢᠳᠠᠪᠤᠷᠢ ᠶᠢᠨ ᠪᠠᠶᠢᠷᠢ ᠲᠣᠭᠲᠠᠭᠠᠯᠲᠠ ᠪᠠ ᠠᠵᠤ ᠦᠢᠯᠡᠰ ᠤᠨ ᠰᠠᠭᠤᠷᠢ ᠳᠤ ᠦᠨᠳᠦᠰᠦᠯᠡᠨ᠂ ᠣᠨᠴᠠᠯᠢᠭᠲᠤ ᠳᠠᠪᠠᠭᠤᠯᠢᠭᠲᠤ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠢᠶᠠᠷ ᠬᠠᠮᠠᠭᠠᠯᠠᠬᠤ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠪᠠᠷᠠᠭᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠴᠡᠪᠡᠷ ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠭᠦᠷᠭᠡ ᠪᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠭᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠢᠭᠯᠡᠭᠦᠯᠦᠯᠲᠦ ᠴᠢᠨᠠᠷᠲᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠭᠡᠷᠡᠭᠲᠡᠶ︔ ᠪᠠᠷᠠᠭᠤᠨ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠯᠬᠤᠮ ᠠᠯᠬᠤᠮ ᠢᠶᠠᠷ ᠤᠷᠤᠭᠰᠢᠯᠠᠵᠤ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠪᠠᠶᠢᠷᠢᠯᠠᠭᠤᠯᠤᠯᠲᠠ ᠡᠭᠦᠷᠭᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ