ᠳᠤᠮᠳᠠᠳᠤ ᠤᠯᠤᠰ ᠤᠨ ᠰᠢᠯᠵᠢᠮᠡᠯ ᠮᠡᠳᠡᠭᠡ ᠬᠤᠯᠪᠣᠭ᠎ᠠ ᠬᠢᠭᠡᠳ ᠳᠤᠮᠳᠠᠳᠤ ᠤᠯᠤᠰ ᠤᠨ ᠷᠠᠳᠢᠣ᠋ ᠲᠧᠯᠸᠢᠰ 5G ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠠᠰᠢᠭ ᠬᠦᠷᠲᠡᠬᠦ ᠴᠢᠨᠠᠷ ᠰᠠᠶᠢᠲᠠᠶ ᠬᠥᠭᠵᠢᠯᠲᠡ ᠶᠢ ᠬᠠᠮᠲᠤᠷᠠᠯᠴᠠᠨ ᠠᠬᠢᠭᠤᠯᠪᠠ
ᠨᠡᠶᠢᠲᠡᠯᠡᠭᠰᠡᠨ ᠴᠠᠭ᠄
2024/8/26
  8 ᠳ᠋ᠤᠭᠠᠷ ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠬᠢᠭᠡᠳ ᠳᠤᠮᠳᠠᠳᠤ ᠤᠯᠤᠰ ᠤᠨ ᠷᠠᠳᠢᠣ᠋ ᠲᠧᠯᠸᠢᠰ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠠᠰᠢᠭ ᠬᠦᠷᠲᠡᠬᠦ ᠴᠢᠨᠠᠷ ᠰᠠᠶᠢᠲᠠᠶ ᠬᠥᠭᠵᠢᠯᠲᠡ ᠶᠢᠨ ᠬᠠᠮᠲᠤᠷᠠᠯᠴᠠᠭ᠎ᠠ ᠶᠢ ᠠᠬᠢᠭᠤᠯᠬᠤ ᠬᠤᠷᠠᠯ ᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠳᠤ ᠬᠤᠷᠠᠯᠳᠤᠭᠤᠯᠪᠠ᠃ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠪᠡᠨ ᠵᠢᠯ ᠤᠨ ᠲᠤᠷᠰᠢᠬᠢ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠬᠢᠭᠡᠳ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠳ᠋ᠥᠩᠨᠡᠨ᠂ ᠢᠷᠡᠭᠡᠳᠦᠢ ᠳᠤ ᠬᠠᠨᠳᠤᠭᠤᠯᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠰᠢᠷᠢᠰ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠬᠤᠶᠠᠷ ᠲᠠᠯ᠎ᠠ ᠪᠠᠷ ᠢᠶᠠᠨ ᠰᠦᠯᠵᠢᠶ᠎ᠡ᠂ ᠮᠡᠷᠭᠡᠵᠢᠯ᠂ ᠦᠵᠦᠭᠦᠷ᠂ ᠠᠭᠤᠯᠭ᠎ᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠬᠥᠭᠵᠢᠭᠦᠯᠵᠦ᠂ ᠤᠯᠠᠨ ᠶᠠᠩᠵᠤᠴᠢᠯᠠᠭᠰᠠᠨ 5G ᠶᠢᠨ ᠬᠡᠷᠡᠭᠯᠡᠭᠡᠨ ᠤ ᠲᠠᠯᠠᠪᠤᠷ ᠦᠵᠡᠭᠳᠡᠯ  ᠢ ᠥᠷᠭᠡᠳᠬᠡᠵᠦ᠂ ᠤᠯᠠᠨ ᠬᠦᠷᠢᠶᠡᠨ ᠤ ᠭᠦᠨᠵᠡᠭᠡᠢ ᠬᠠᠮᠲᠤᠷᠠᠯᠴᠠᠭ᠎ᠠ ᠶᠢ ︽ᠠᠵᠤ ᠠᠬᠤᠶᠢᠯᠠᠯ ᠤᠨ ᠴᠢᠨᠠᠷ ᠰᠠᠶᠢᠲᠠᠢ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢᠨ 2.0 ᠱᠠᠲᠤᠨ︾ ᠳᠤ ᠣᠷᠣᠭᠤᠯᠬᠤ ᠶᠢ ᠠᠬᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠳᠤ ᠦᠢᠯᠡᠴᠢᠯᠡᠬᠦ᠂ ᠠᠷᠠᠳ ᠤᠯᠠᠨ ᠳᠤ ᠦᠢᠯᠡᠴᠢᠯᠡᠬᠦ ᠰᠢᠨ᠎ᠡ ᠬᠡᠯᠪᠡᠷᠢ ᠶᠢᠨ ᠷᠠᠳᠢᠣ᠋ ᠲᠧᠯᠸᠢᠰ ᠤᠨ ᠲᠣᠣᠷ ᠰᠦᠯᠵᠢᠶ᠎ᠡ ᠪᠣᠯᠤᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢ ᠪᠠᠶᠢᠭᠤᠯᠵᠤ᠂ ᠷᠠᠳᠢᠣ᠋ ᠲᠧᠯᠸᠢᠰ ᠪᠣᠯᠤᠨ ᠮᠡᠳᠡᠭᠡ ᠵᠠᠩᠭᠢ ᠶᠢᠨ ᠴᠢᠮᠡᠭᠡ ᠬᠤᠯᠪᠣᠭᠠᠨ ᠤ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃  ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ᠂ ᠳᠤᠮᠳᠠᠳᠤ ᠤᠯᠤᠰ ᠤᠨ ᠰᠢᠯᠵᠢᠮᠡᠯ ᠬᠤᠯᠪᠤᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ ᠬᠤᠷᠠᠯ ᠡᠷᠭᠢᠯᠡᠪᠡ᠃  ᠼᠤᠤ ᠱᠤ᠋ ᠮᠢᠨ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠬᠢᠭᠡᠳ ᠳᠤᠮᠳᠠᠳᠤ ᠤᠯᠤᠰ ᠤᠨ ᠷᠠᠳᠢᠣ᠋ ᠲᠧᠯᠸᠢᠰ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠬᠦ ᠪᠣᠯ ᠤᠯᠤᠰ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠷᠠᠳᠢᠣ᠋ ᠲᠧᠯᠸᠢᠰ ᠤᠨ ᠠᠵᠢᠯ ᠲᠥᠷᠥᠯ᠂ ᠴᠢᠮᠡᠭᠡ ᠬᠤᠯᠪᠣᠭᠠᠨ ᠤ ᠠᠵᠢᠯ ᠲᠥᠷᠥᠯ ᠤᠨ ᠤᠯᠠᠮᠵᠢᠯᠠᠯᠲᠤ ᠬᠥᠭᠵᠢᠯᠲᠡ ᠶᠢᠨ ᠬᠡᠪ ᠵᠠᠭᠪᠤᠷ ᠲᠠᠬᠢ ᠴᠢᠬᠤᠯᠠ ᠶᠡᠭᠡ ᠬᠤᠪᠢᠰᠤᠯᠲᠠ ᠪᠠ ᠰᠢᠨ᠎ᠡ ᠡᠭᠦᠳᠦᠯᠲᠡ ᠮᠥᠨ᠃ ᠲᠦᠷᠪᠡᠨ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠨᠢᠭᠲᠠ ᠨᠡᠪᠲᠡᠷᠡᠯᠴᠡᠵᠦ᠂ ᠦᠨᠡᠨ ᠰᠡᠳᠬᠢᠯ ᠠᠴᠠ ᠪᠠᠨ ᠬᠠᠮᠲᠤᠷᠠᠯᠴᠠᠵᠤ᠂ ᠵᠠᠩᠭᠢᠯᠠᠭ᠎ᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠰᠣᠳᠣᠨ ᠲᠣᠣᠷ ᠢ ᠬᠠᠮᠲᠤ ᠪᠠᠷ ᠪᠠᠶᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠨ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ᠂ ᠬᠠᠷᠢᠯᠴᠠᠨ ᠬᠦᠴᠦᠨ ᠨᠡᠮᠡᠷᠢᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠣᠯᠣᠭᠰᠠᠨ ᠦᠷ᠎ᠡ ᠪᠦᠲᠦᠭᠡᠯ ᠨᠢ ᠡᠯᠪᠡᠭ ᠪᠠᠶᠠᠯᠢᠭ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠬᠦᠴᠦᠲᠡᠢ ᠦᠢᠯᠡᠴᠢᠯᠡᠵᠦ᠂ ᠥᠷᠭᠡᠨ ᠤᠯᠠᠨ ᠠᠷᠠᠳ ᠲᠦᠮᠡᠨ ᠳᠤ ᠬᠦᠴᠦᠲᠡᠢ ᠦᠢᠯᠡᠴᠢᠯᠡᠪᠡ᠃ ᠪᠠᠶᠢᠳᠠᠯ ᠢ ᠡᠵᠡᠮᠳᠡᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ ᠵᠡᠷᠭᠡ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠡᠵᠡᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠡᠵᠡᠮᠳᠡᠵᠦ᠂ ᠰᠦᠯᠵᠢᠶᠡᠨ ᠤ ᠬᠦᠴᠦᠷᠬᠡᠭ ᠤᠯᠤᠰ᠂ ᠲᠣᠭᠠᠵᠢᠭᠤᠯᠤᠭᠰᠠᠨ ᠳᠤᠮᠳᠠᠳᠤ ᠤᠯᠤᠰ ᠵᠡᠷᠭᠡ ᠠᠯᠢ ᠤᠯᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠴᠢᠬᠤᠯᠠ ᠲᠥᠯᠥᠪᠵᠢᠭᠦᠯᠭᠡ ᠶᠢ ᠭᠦᠨᠵᠡᠭᠡᠢ ᠡᠵᠡᠮᠳᠡᠵᠦ᠂ ᠤᠯᠤᠰ ᠲᠦᠷᠦ ᠶᠢᠨ ᠡᠭᠦᠷᠭᠡ᠂ ᠤᠯᠤᠰ ᠤᠨ ᠪᠠᠶᠢᠯᠳᠤᠬᠤ ᠪᠤᠳᠤᠯᠭ᠎ᠠ᠂ ᠠᠵᠢᠯ ᠲᠦᠷᠦᠯ ᠤᠨ ᠬᠥᠭᠵᠢᠯᠲᠡ᠂ ᠰᠦᠯᠵᠢᠶᠡᠨ ᠤ ᠲᠤᠰ ᠪᠡᠶ᠎ᠡ ᠶᠢᠨ ᠬᠠᠷᠠᠭᠠᠰᠤ ᠠᠴᠠ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠶᠢᠯᠳᠤᠬᠤ ᠪᠤᠳᠤᠯᠭ᠎ᠠ ᠶᠢᠨ ᠴᠢᠨᠠᠷ ᠪᠠ ᠴᠢᠬᠤᠯᠠ ᠴᠢᠨᠠᠷ ᠢ ᠨᠡᠩ ᠰᠠᠶᠢᠲᠤᠷ ᠤᠢᠢᠯᠠᠭᠠᠨ ᠡᠵᠡᠮᠰᠢᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠬᠤᠪᠢᠷᠠᠭᠤᠯᠵᠤ᠂ ᠰᠦᠯᠵᠢᠶᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠬᠦᠴᠦ ᠪᠠᠨ ᠬᠠᠮᠲᠤᠳᠬᠠᠨ ᠵᠣᠬᠢᠶᠠᠮᠠᠯ ᠤᠶᠤᠨ ᠤ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ 5G NR ᠷᠠᠳᠢᠣ᠋ ᠨᠡᠪᠲᠡᠷᠡᠭᠦᠯᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠠᠭᠤᠯᠭ᠎ᠠ ᠶᠢᠨ ᠡᠬᠢ ᠪᠠᠶᠠᠯᠢᠭ᠂ ᠰᠦᠯᠵᠢᠶᠡᠨ ᠤ ᠡᠬᠢ ᠪᠠᠶᠠᠯᠢᠭ᠂ ᠦᠢᠯᠡᠴᠢᠯᠡᠭᠡᠨ ᠤ ᠡᠬᠢ ᠪᠠᠶᠠᠯᠢᠭ ᠢ ᠣᠷᠭᠠᠨᠢᠭ ᠢᠶᠠᠷ ᠤᠶᠠᠯᠳᠤᠭᠤᠯᠵᠤ᠂ ᠬᠠᠮᠵᠢᠯᠴᠠᠨ ᠬᠥᠭᠵᠢᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠥᠷᠭᠡᠨ ᠠᠭᠤᠳᠠᠮ ᠢᠷᠡᠭᠡᠳᠦᠢ ᠶᠢ ᠨᠡᠭᠡᠭᠡᠵᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠨᠡᠩ ᠤᠯᠠᠨ ᠬᠦᠷᠢᠶ᠎ᠡ᠂ ᠨᠡᠩ ᠭᠦᠨ ᠳᠠᠪᠬᠤᠷᠭ᠎ᠠ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠶᠠᠩ ᠵᠢᠶᠧ᠂ ᠬᠤᠶᠠᠷ ᠲᠠᠯ᠎ᠠ ᠪᠠᠷ ᠢᠶᠠᠨ ᠳᠥᠷᠪᠡᠨ ᠵᠢᠯ ᠤᠨ ᠲᠤᠷᠰᠢ ᠭᠠᠷ ᠬᠤᠯᠪᠣᠨ ᠮᠥᠷᠥ ᠵᠡᠷᠭᠡᠴᠡᠵᠦ᠂ ᠠᠳᠠᠯᠢ ᠴᠢᠭᠯᠡᠯ ᠢᠶᠠᠷ ᠬᠠᠮᠲᠤ ᠤᠷᠤᠭᠰᠢᠯᠠᠵᠤ᠂ ᠪᠦᠬᠦ ᠤᠯᠤᠰ ᠢ ᠬᠠᠮᠤᠷᠤᠭᠰᠠᠨ᠂ ᠲᠡᠷᠢᠭᠦᠨ ᠤ ᠮᠡᠷᠭᠡᠵᠢᠯ ᠲᠠᠢ᠂ ᠴᠢᠨᠠᠷ ᠰᠠᠶᠢᠲᠠᠶ 5G 700MHz ᠶᠢᠨ ᠰᠣᠳᠣᠨ ᠰᠦᠯᠵᠢᠶ᠎ᠡ ᠶᠢ ᠪᠠᠶᠢᠭᠤᠯᠵᠤ᠂ ᠬᠡᠷᠡᠭᠯᠡᠭᠴᠢᠳ ᠤᠨ ᠪᠡᠶᠡᠴᠢ ᠣᠶᠢᠯᠠᠭᠠᠯᠲᠠ  ᠪᠠᠷ ᠭᠤᠣᠯ ᠪᠣᠯᠭᠠᠭᠰᠠᠨ ᠰᠦᠯᠵᠢᠶᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠤᠯᠠᠨ ᠬᠦᠷᠢᠶᠡᠨ ᠤ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ᠂ ᠠᠵᠢᠯ ᠲᠦᠷᠦᠯ ᠠᠯᠤᠰᠯᠠᠨ ᠠᠭᠤᠰᠤᠯᠴᠠᠨ ᠬᠥᠭᠵᠢᠬᠦ ᠨᠡᠭᠡᠭᠡᠯᠲᠡ ᠲᠠᠢ ᠬᠠᠮᠲᠤ ᠪᠠᠷ ᠠᠰᠢᠭ ᠬᠦᠷᠳᠡᠬᠦ ᠰᠢᠨ᠎ᠡ ᠬᠡᠪ ᠵᠠᠭᠪᠤᠷ ᠢ ᠪᠠᠶᠢᠭᠤᠯᠵᠤ᠂ 5G ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤᠷᠠᠯᠴᠠᠭᠰᠠᠨ ᠦᠷ᠎ᠡ ᠪᠦᠲᠦᠭᠡᠯ ᠡᠯᠪᠡᠭ ᠪᠠᠶᠠᠯᠢᠭ ᠪᠠᠶᠢᠪᠠ ᠃ ᠨᠠᠮ ᠤᠨ ᠲᠥᠪ ᠬᠤᠷᠢᠶ᠎ᠠ ᠠᠴᠠ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠲᠥᠪ ᠤᠨ ᠠᠵᠤ ᠠᠬᠤᠶᠢᠯᠠᠯ ᠳᠤ ᠣᠯᠭᠤᠭᠰᠠᠨ ᠰᠢᠨ᠎ᠡ ᠡᠭᠦᠷᠭᠡ ᠬᠠᠷᠢᠭᠤᠴᠠᠯᠭ᠎ᠠ᠂ ᠲᠣᠭᠠᠵᠢᠭᠤᠯᠤᠯᠲᠠ ᠣᠶᠣᠨᠴᠢᠯᠠᠯᠲᠠ ᠶᠢᠨ ᠬᠤᠪᠢᠰᠬᠠᠯ ᠳᠤ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠣᠷᠣᠨ ᠵᠠᠢ᠂ ᠴᠢᠨᠠᠷ ᠰᠠᠶᠢᠲᠠᠢ ᠬᠥᠭᠵᠢᠯᠲᠡ ᠳᠤ ᠨᠡᠭᠡᠭᠡᠯᠲᠡ ᠲᠠᠢ ᠬᠠᠮᠲᠤᠷᠠᠯᠴᠠᠭᠠᠨ ᠤ ᠰᠢᠨ᠎ᠡ ᠱᠠᠭᠠᠷᠳᠠᠯᠭ᠎ᠠ ᠳᠤᠷᠠᠳᠪᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠤᠶᠠᠷ ᠲᠠᠯ᠎ᠠ ᠶᠢᠨ 5 G ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠠᠰᠢᠭ ᠬᠦᠷᠳᠡᠬᠦ ᠠᠵᠢᠯ ᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠦᠬᠡᠨ ᠠᠬᠢᠴᠠ ᠳᠤ ᠠᠭᠤᠰᠤᠯᠴᠠᠭᠤᠯᠵᠤ᠂ ᠠᠵᠢᠯ ᠤᠨ ᠲᠣᠭᠲᠠᠯᠴᠠᠭ᠎ᠠ ᠶᠢ ᠲᠡᠰ ᠳᠡᠪᠰᠢᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭᠠᠨ ᠤ ᠲᠦᠪᠰᠢᠨ ᠪᠠ ᠬᠠᠮᠵᠢᠯᠴᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠰᠦᠯᠵᠢᠶᠡᠨ ᠤ ᠶᠠᠰᠤ ᠴᠢᠨᠠᠷ ᠢ ᠲᠡᠰ ᠳᠡᠪᠰᠢᠭᠦᠯᠵᠦ᠂ ᠪᠦᠷᠬᠦᠬᠦᠯᠬᠦ᠂ ᠮᠡᠳᠡᠷᠡᠬᠦ ᠬᠤᠣᠰ ᠲᠡᠷᠢᠭᠦᠨ ᠤ 5G ᠰᠦᠯᠵᠢᠶ᠎ᠡ ᠶᠢ ᠦᠷᠭᠦᠯᠵᠢᠯᠡᠨ ᠳᠠᠪᠲᠠᠨ ᠪᠣᠯᠪᠠᠰᠤᠷᠠᠭᠤᠯᠤᠨ᠎ᠠ︔ ᠠᠮᠢ ᠠᠬᠤᠶ ᠶᠢ ᠲᠠᠰ ᠳᠡᠪᠰᠢᠭᠦᠯᠦᠨ ᠬᠠᠮᠲᠤᠷᠠᠯᠴᠠᠭᠤᠯᠵᠤ᠂ ᠬᠠᠮᠲᠤᠷᠠᠯᠴᠠᠭ᠎ᠠ ᠶᠢ ᠨᠠᠩ ᠶᠡᠭᠡ ᠬᠦᠷᠢᠶ᠎ᠡ ᠬᠡᠪᠴᠢᠶ᠎ᠡ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ ᠲᠡᠶᠢᠰᠢ ᠥᠷᠭᠡᠳᠬᠡᠬᠦ ᠶᠢ ᠠᠬᠢᠭᠤᠯᠵᠤ᠂ ᠷᠠᠳᠢᠣ᠋ ᠲᠧᠯᠸᠢᠰ ᠤᠨ ᠠᠵᠢᠯ ᠲᠥᠷᠥᠯ ᠪᠠ ᠮᠡᠳᠡᠭᠡ ᠵᠠᠩᠭᠢ ᠴᠢᠮᠡᠭᠡ ᠬᠤᠯᠪᠣᠭᠠᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠬᠤᠯᠪᠣᠭᠳᠠᠯ ᠪᠥᠬᠦᠶ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠳ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠬᠢᠭᠡᠳ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠬᠤᠯᠪᠣᠭᠳᠠᠯ ᠪᠥᠬᠦᠶ ᠤᠳᠤᠷᠢᠳᠬᠤ ᠪᠠᠭ ᠤᠨ ᠭᠡᠰᠢᠭᠦᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠶᠢᠨ ᠬᠠᠷᠢᠭᠤᠴᠠᠯᠭᠠᠲᠠᠳ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠬᠤᠷᠠᠯ ᠤᠨ ᠭᠤᠣᠯ ᠲᠠᠯᠠᠪᠠᠶ ᠠᠴᠠ ᠬᠤᠷᠠᠯ ᠳᠤ ᠣᠷᠣᠯᠴᠠᠪᠠ᠃ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠺᠣᠮᠫᠠᠨᠢ ᠶᠢᠨ ᠭᠤᠤᠯ ᠬᠠᠷᠢᠭᠤᠴᠠᠯᠭᠠᠲᠠᠳ᠂ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠱᠤᠭᠤᠮ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠭᠤᠤᠯ ᠬᠠᠷᠢᠭᠤᠴᠠᠯᠭᠠᠲᠠᠳ᠂ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠱᠤᠭᠤᠮ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠡᠯ᠎ᠡ ᠮᠤᠵᠢ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠬᠤᠷᠠᠯ ᠤᠨ ᠬᠤᠪᠢᠶᠠᠷᠢ ᠲᠠᠯᠠᠪᠠᠶ ᠠᠴᠠ ᠬᠤᠷᠠᠯ ᠳᠤ ᠣᠷᠣᠯᠴᠠᠪᠠ᠃ ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ 5G ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠠᠯᠪᠠᠨ ᠬᠡᠷ ᠤᠨ ᠬᠠᠷᠢᠭᠤᠴᠠᠯᠭᠠᠲᠠᠨ ᠲᠣᠰ ᠲᠣᠰ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠭᠤᠸᠠᠩᠳᠦ᠋ᠩ ᠤᠨ ᠺᠣᠮᠫᠠᠨᠢ᠂ ᠵᠢᠶᠠᠩᠰᠦ ᠶᠢᠨ ᠤᠲᠠᠰᠤᠲᠤ ᠶᠢᠨ ᠭᠤᠣᠯ ᠬᠠᠷᠢᠭᠤᠴᠠᠯᠭᠠᠲᠠᠨ ᠠᠴᠠ ᠲᠥᠯᠥᠭᠡᠯᠡᠭᠴᠢᠳ ᠤᠨ ᠰᠠᠨᠠᠯ ᠢᠶᠠᠨ ᠰᠣᠯᠢᠯᠴᠠᠬᠤ ᠶᠠᠷᠢᠶ᠎ᠠ ᠶᠢ ᠲᠠᠯᠪᠢᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ