ᠳᠥᠷᠪᠡᠨ ᠰᠠᠯᠠᠭ᠎ᠠ ᠮᠥᠴᠢᠷ ᠠᠯᠪᠠᠨ ᠪᠢᠴᠢᠭ ᠲᠠᠷᠬᠠᠭᠠᠪᠠ᠄ ᠲᠧᠯᠸᠢᠰ ᠪᠠ ᠪᠠᠭᠤᠳᠠᠯ ᠤᠨ ᠲᠧᠯᠸᠢᠰ ᠤᠨ ᠦᠵᠦᠭᠦᠷ ᠢ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠤᠨ᠎ᠠ
ᠨᠡᠶᠢᠲᠡᠯᠡᠭᠰᠡᠨ ᠴᠠᠭ᠄
2024/8/27
  ᠣᠶᠢᠷ᠎ᠠ  ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ 4 ᠰᠠᠯᠠᠭ᠎ᠠ ᠮᠥᠴᠢᠷ ᠤᠨ ᠠᠯᠪᠠᠨ ᠲᠢᠩᠬᠢᠮ ᠬᠠᠮᠲᠤᠷᠠᠨ ︽ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠨᠥᠬᠦᠴᠡᠯ ᠲᠠᠢ ᠭᠠᠵᠠᠷ ᠣᠷᠣᠨ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠠᠭᠤᠳᠠᠯ ᠤᠨ ᠲᠧᠯᠸᠢᠰ ᠤᠨ ᠦᠵᠦᠭᠦᠷ ᠢ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠬᠤ ᠶᠢ ᠲᠤᠳᠤᠷᠬᠠᠶᠢᠯᠠᠵᠤ᠂ ᠪᠦᠬᠦ ᠤᠯᠤᠰ ᠤᠨ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ  ᠶᠢ ᠰᠣᠯᠢᠬᠤ ᠶᠢ ᠲᠦᠷᠭᠡᠪᠴᠢᠯᠡᠨ ᠠᠬᠢᠭᠤᠯᠬᠤ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃  ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠠᠴᠠ ᠨᠠᠭᠠᠰᠢ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠤᠯᠤᠰ ᠤᠨ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠢ ᠵᠠᠰᠠᠯᠲᠠ ᠶᠢ ᠥᠷᠨᠢᠭᠦᠯᠪᠡ᠃ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠬᠢᠬᠦ ᠪᠠ ᠵᠠᠰᠠᠬᠤ ᠶᠠᠪᠤᠴᠠ ᠳᠤ᠂ ᠴᠥᠭᠡᠨ ᠪᠤᠰᠤ ᠪᠠᠭᠤᠳᠠᠯ ᠤᠨ ᠲᠧᠯᠸᠢᠰ ᠰᠢᠰᠲ᠋ᠧᠮ ᠤᠨ ᠲᠥᠬᠦᠭᠡᠷᠦᠮᠵᠢ ᠨᠢ ᠬᠠᠭᠤᠴᠢᠷᠠᠵᠤ᠂ ᠵᠢᠷᠤᠭ ᠨᠢ ᠪᠠᠯᠠᠷᠬᠠᠶ ᠪᠠᠶᠢᠵᠤ᠂ ᠬᠡᠷᠡᠭᠯᠡᠭᠴᠢᠳ ᠤᠨ ᠲᠧᠯᠸᠢᠰ ᠦᠵᠡᠬᠦ ᠪᠡᠶᠡᠴᠢ ᠣᠶᠢᠯᠠᠭᠠᠯᠲᠠ ᠶᠢ ᠨᠦᠯᠦᠭᠡᠯᠡᠪᠡ᠃ ᠡᠭᠦᠨ ᠳᠤ᠂ ᠤᠯᠤᠰ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠶᠡᠭᠡ ᠪᠠᠷ ᠳᠡᠮᠵᠢᠪᠡ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠬᠠᠭᠤᠯᠤᠨ ᠲᠤᠭᠤᠰᠢᠯᠠᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ︽ᠮᠡᠳᠡᠭᠳᠡᠯ︾ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠥᠬᠦ ᠤᠯᠤᠰ ᠤᠨ ᠵᠣᠴᠢᠳ ᠤᠨ ᠪᠠᠭᠤᠳᠠᠯ ᠤᠨ ᠬᠠᠭᠤᠴᠢᠷᠠᠭᠰᠠᠨ ᠲᠧᠯᠸᠢᠰ ᠤᠨ ᠦᠵᠦᠭᠦᠷ ᠤᠨ ᠲᠥᠬᠦᠭᠡᠷᠦᠮᠵᠢ ᠶᠢ ᠰᠢᠨᠡᠳᠬᠡᠨ ᠰᠣᠯᠢᠬᠤ ᠠᠵᠢᠯ ᠢ ᠥᠷᠨᠢᠭᠦᠯᠬᠦ ᠶᠢ ᠠᠬᠢᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠲᠡᠶ ᠳᠡᠮᠵᠢᠵᠦ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠶᠢᠨ ᠲᠥᠯᠥᠭᠡ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃︽ᠮᠡᠳᠡᠭᠳᠡᠯ︾ ᠤᠨ ᠤᠭ ᠵᠣᠬᠢᠶᠠᠯ ᠨᠢ ᠲᠣᠣᠷᠡᠬᠢ ᠮᠡᠳᠣ᠄     ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 4 ᠰᠠᠯᠠᠭ᠎ᠠ ᠮᠥᠴᠢᠷ ᠤᠨ ᠠᠯᠪᠠᠨ ᠲᠢᠩᠬᠢᠮ ᠤᠨ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯᠬᠤᠳᠠᠯᠳᠤᠭᠠᠨ ᠤ ᠶᠠᠪᠤᠳᠠᠯ ᠡᠷᠬᠢᠯᠡᠬᠦ ᠮᠡᠳᠡᠭᠡ ᠵᠠᠩᠭᠢ ﹇ 2024﹈ 397 ᠳ᠋ᠤᠭᠠᠷ ᠲᠣᠭᠠᠲᠤ   ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠠᠬᠤᠢ ᠡᠬᠢ ᠪᠠᠶᠠᠯᠢᠭ ﹇2024﹈ 1104 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠵᠦ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠡᠳᠦᠭᠡ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠨ᠎ᠡ  ᠡᠯ᠎ᠡ ᠭᠠᠵᠠᠷ ᠤᠨ ᠬᠢᠨ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠰ ᠭᠠᠵᠠᠷ ᠣᠷᠣᠨ ᠤ ᠣᠳᠣ ᠶᠢᠨ ᠪᠠᠶᠢᠭ᠎ᠠ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠥᠷᠥ ᠶᠢᠨ ᠪᠣᠳᠣᠯᠭ᠎ᠠ ᠯᠤᠭ᠎ᠠ ᠪᠦᠲᠦᠮᠵᠢᠲᠡᠶ ᠵᠣᠯᠭᠠᠯᠳᠤᠭᠤᠯᠬᠤ ᠶᠢ ᠰᠠᠶᠢᠲᠤᠷ ᠬᠢᠵᠦ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠦᠯ ᠢ ᠲᠡᠭᠦᠯᠳᠡᠷᠵᠢᠭᠦᠯᠦᠨ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠨᠠᠷᠢᠨ ᠨᠢᠮᠪᠠᠶ ᠰᠠᠶᠢᠲᠤᠷ ᠵᠣᠬᠢᠶᠠᠨ ᠪᠠᠶᠢᠭᠤᠯᠤᠨ᠎ᠠ᠃ ᠡᠯ᠎ᠡ ᠲᠥᠷᠥᠯ ᠤᠨ ᠬᠡᠷᠡᠭᠯᠡᠭᠴᠢᠳ ᠤᠨ ᠵᠦᠶ ᠵᠣᠬᠢᠰᠲᠠᠶ ᠬᠦᠰᠡᠯ ᠱᠠᠭᠠᠷᠳᠠᠯᠭ᠎ᠠ ᠪᠠ ᠡᠯ᠎ᠡ ᠲᠥᠷᠥᠯ ᠤᠨ ᠬᠡᠷᠡᠭᠯᠡᠭᠡᠨ ᠤ ᠪᠠᠶᠢᠳᠠᠯ ᠤᠨ ᠠᠳᠠᠯᠢ ᠪᠤᠰᠤ ᠣᠨᠴᠠᠯᠢᠭ ᠢ ᠭᠦᠢᠴᠡᠳ ᠪᠣᠳᠣᠯᠬᠢᠯᠠᠵᠤ᠂ ᠠᠵᠢᠯ ᠤᠨ ᠪᠡᠯᠡᠳᠬᠡᠯ ᠲᠥᠰᠦᠯ ᠢ ᠨᠠᠷᠢᠨ ᠨᠢᠮᠪᠠᠶ ᠲᠣᠭᠲᠠᠭᠠᠨ᠂ ᠬᠡᠷᠡᠭᠯᠡᠭᠴᠢᠳ ᠤᠨ ᠲᠥᠪ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠣᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠰᠢᠯᠵᠢᠬᠦ ᠶᠢ ᠪᠠᠲᠤᠯᠠᠬᠤ ᠬᠡᠷᠡᠭᠲᠡᠢ᠃  ᠬᠤᠶᠠᠷ᠂ ᠨᠥᠬᠦᠪᠥᠷᠢ ᠶᠢᠨ ᠲᠥᠷᠥᠯ ᠵᠦᠢᠯ ᠪᠠ ᠨᠥᠬᠦᠪᠥᠷᠢ ᠶᠢᠨ ᠪᠠᠷᠢᠮᠵᠢᠶ᠎ᠠ ᠶᠢ ᠲᠤᠳᠤᠷᠬᠠᠶᠢᠯᠠᠨ᠎ᠠ  ᠡᠯ᠎ᠡ ᠭᠠᠵᠠᠷ ᠤᠨ ᠬᠢᠨ ᠲᠥᠪ ᠬᠢᠭᠡᠳ ᠣᠷᠣᠨ ᠨᠤᠲᠤᠭ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠬᠤᠪᠢ ᠬᠥᠮᠦᠨ ᠤ ᠬᠡᠷᠡᠭᠯᠡᠭᠴᠢ 2 ᠳ᠋ᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠶᠢᠨ ᠬᠦᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭᠠᠷ ᠲᠣᠬᠢᠷᠠᠭᠤᠯᠤᠭᠤᠷ᠂ ᠺᠣᠮᠫᠢᠦ᠋ᠲ᠋ᠧᠷ᠂ ᠤᠰᠤ ᠬᠠᠯᠠᠭᠠᠭᠤᠷ᠂ ᠭᠡᠷ ᠤᠨ ᠴᠠᠬᠢᠯᠭᠠᠨ ᠵᠤᠤᠬ᠎ᠠ᠂ ᠤᠳᠤᠭ᠎ᠠ ᠰᠣᠷᠣᠬᠤ ᠮᠠᠰᠢᠨ ᠵᠡᠷᠭᠡ 8 ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠳᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠣᠯᠭᠤᠵᠤ᠂ ᠨᠥᠬᠦᠪᠥᠷᠢ ᠥᠭᠬᠦ ᠪᠠᠷᠢᠮᠵᠢᠶ᠎ᠠ ᠨᠢ ᠦᠢᠯᠡᠳᠬᠦᠨ ᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠶᠢᠨ 15% ᠪᠠᠶᠢᠵᠤ᠂ 1 ᠳ᠋ᠦ᠋ᠭᠡᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠦᠢᠯᠡᠳᠬᠦᠨ ᠬᠤᠳᠠᠯᠳᠤᠨ ᠠᠪᠬᠤ ᠳᠤ᠂ ᠦᠢᠯᠡᠳᠬᠦᠨ ᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠶᠢᠨ 5% ᠶᠢᠨ ᠨᠥᠬᠦᠪᠥᠷᠢ ᠳᠠᠬᠢᠨ ᠣᠯᠭᠤᠨ᠎ᠠ᠃ ᠬᠡᠷᠡᠭᠯᠡᠭᠴᠢ ᠨᠢᠭᠡᠪᠦᠷᠢ ᠶᠢᠨ ᠲᠥᠷᠥᠯ ᠪᠦᠷᠢ ᠶᠢᠨ ᠨᠥᠬᠦᠪᠥᠷᠢ 1 ᠬᠤᠪᠢ ᠪᠠᠶᠢᠵᠤ᠂ ᠵᠦᠢᠯ ᠪᠦᠷᠢ ᠶᠢᠨ ᠨᠥᠬᠦᠪᠥᠷᠢ ᠮᠥᠩᠭᠦ ᠶᠢ 2000 ᠲᠥᠭᠦᠷᠢᠭ ᠠᠴᠠ ᠬᠡᠲᠦᠷᠡᠭᠦᠯᠬᠦ ᠦᠭᠡᠶ᠃ ᠡᠯ᠎ᠡ ᠭᠠᠵᠠᠷ ᠤᠨ ᠬᠢᠨ ᠳᠡᠭᠡᠷ᠎ᠡ ᠳᠤᠷᠠᠳᠤᠭᠰᠠᠨ 8 ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠪᠣᠳᠠᠲᠠᠶ ᠲᠥᠷᠥᠯ ᠵᠦᠢᠯ ᠢᠶᠠᠨ ᠡᠵᠡᠨ ᠮᠡᠳᠡᠨ ᠲᠣᠭᠲᠠᠭᠠᠬᠤ ᠬᠡᠷᠡᠭᠲᠡᠶ᠃ ᠣᠷᠣᠨ ᠨᠤᠲᠤᠭ ᠤᠨ ᠬᠢᠨ ᠢ ᠵᠣᠷᠢᠭᠵᠢᠭᠤᠯᠵᠤ ᠪᠠᠶᠢᠭᠠᠳ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠳᠠᠳᠬᠠᠯ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ᠂ ᠠᠵᠤ ᠦᠢᠯᠡᠰ ᠤᠨ ᠣᠨᠴᠠᠯᠢᠭ ᠵᠡᠷᠭᠡ ᠲᠠᠢ ᠤᠶᠠᠯᠳᠤᠭᠤᠯᠵᠤ᠂ ᠭᠡᠷ ᠤᠨ ᠴᠠᠬᠢᠯᠭᠠᠨ ᠬᠡᠷᠡᠭᠰᠡᠯ ᠤᠨ ᠪᠤᠰᠤᠳ ᠲᠥᠷᠥᠯ ᠵᠦᠢᠯ ᠳᠤ ᠨᠥᠬᠦᠪᠥᠷᠢ ᠥᠭᠬᠦ ᠶᠢᠨ ᠬᠠᠮᠲᠤ ᠬᠤᠯᠪᠣᠭᠳᠠᠯ ᠪᠦᠬᠦᠢ ᠨᠥᠬᠦᠪᠥᠷᠢ ᠶᠢᠨ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠤ ᠬᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠠᠭᠤᠳᠠᠯ ᠤᠨ ᠲᠧᠯᠸᠢᠰ ᠤᠨ ᠦᠵᠦᠭᠦᠷ ᠢ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠤᠨ᠎ᠠ᠃  ᠭᠤᠷᠪᠠ᠂ ᠨᠥᠬᠦᠪᠥᠷᠢ ᠥᠭᠬᠦ ᠠᠷᠭ᠎ᠠ ᠮᠠᠶ᠋ᠢᠭ ᠪᠠ ᠬᠢᠨᠠᠨ ᠬᠠᠷᠭᠤᠭᠤᠯᠬᠤ ᠶᠠᠪᠤᠴᠠ ᠶᠢ ᠰᠢᠯᠢᠳᠡᠭᠵᠢᠭᠦᠯᠦᠨ᠎ᠡ  ᠣᠷᠣᠨ ᠨᠤᠲᠤᠭ ᠤᠨ ᠲᠥᠯᠥᠪᠦᠷᠢ ᠶᠢ ᠬᠠᠰᠤᠬᠤ᠂ ᠬᠤᠪᠢ ᠬᠥᠮᠦᠨ ᠤ ᠦᠨᠡᠨ ᠨᠡᠷ᠎ᠡ ᠶᠢᠨ ᠣᠷᠣᠯᠠᠨ ᠣᠯᠭᠤᠬᠤ ᠲᠡᠮᠳᠡᠭᠲᠦ ᠲᠠᠷᠬᠠᠭᠠᠬᠤ ᠵᠡᠷᠭᠡ ᠠᠳᠠᠯᠢ ᠪᠤᠰᠤ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠵᠤ᠂ ᠵᠢᠩᠬᠢᠨᠢ ᠪᠠᠷ ᠬᠠᠷᠠᠭᠠᠯᠵᠠᠯ ᠦᠵᠡᠭᠦᠯᠵᠦ᠂ ᠬᠡᠷᠡᠭᠯᠡᠭᠴᠢᠳ ᠲᠤ ᠨᠥᠬᠦᠪᠥᠷᠢ ᠣᠯᠭᠤᠬᠤ ᠪᠡᠶᠡᠴᠢ ᠣᠶᠢᠯᠠᠭᠠᠯᠲᠠ ᠪᠠ ᠬᠦᠷᠲᠡᠮᠵᠢ ᠶᠢᠨ ᠲᠥᠷᠥᠭᠳᠡᠯ ᠢ ᠡᠳ᠋ᠯᠡᠭᠦᠯᠦᠨ᠎ᠡ᠃ ᠡᠯ᠎ᠡ ᠭᠠᠵᠠᠷ ᠤᠨ ᠬᠢᠨ ᠨᠥᠬᠦᠪᠦᠷᠢ ᠶᠢ ᠬᠢᠨᠠᠨ ᠬᠠᠷᠭᠤᠭᠤᠯᠬᠤ ᠶᠠᠪᠤᠴᠠ ᠶᠢ ᠳᠥᠭᠦᠮᠴᠢᠯᠡᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠭᠰᠡᠨ ᠤᠷᠢᠲᠠᠯ ᠳᠣᠤᠷ᠎ᠠ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠤᠨ ᠣᠷᠣᠯᠠᠨ ᠭᠦᠢᠴᠡᠳᠭᠡᠬᠦ ᠳᠠᠷᠤᠯᠲᠠ ᠶᠢ ᠬᠥᠩᠭᠡᠷᠡᠭᠦᠯᠬᠦ ᠬᠡᠷᠡᠭᠲᠡᠶ᠃ ᠡᠯ᠎ᠡ ᠭᠠᠵᠠᠷ ᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰ ᠭᠠᠵᠠᠷ ᠣᠷᠣᠨ ᠤ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠭᠡᠳ ᠬᠡᠲᠦ ᠤᠷᠲᠤ ᠬᠤᠭᠤᠴᠠᠭᠠᠨ ᠤ ᠤᠯᠤᠰ ᠤᠨ ᠣᠨᠴᠠᠭᠠᠢ ᠵᠢᠭᠡᠯᠡᠯᠭᠡ ᠪᠠᠷ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠴᠡᠭᠡ ᠶᠢ ᠲᠥᠰᠦᠭᠡᠯᠡᠨ ᠪᠣᠳᠣᠬᠤ ᠪᠠ ᠪᠡᠯᠡ ᠮᠥᠩᠭᠦ ᠶᠢ ᠲᠥᠰᠦᠭᠡᠯᠡᠨ ᠪᠣᠳᠣᠬᠤ ᠶᠢ ᠵᠦᠢ ᠵᠣᠬᠢᠰᠲᠠᠶ ᠰᠠᠶᠢᠲᠤᠷ ᠬᠢᠬᠦ ᠬᠡᠷᠡᠭᠲᠡᠶ᠃  ᠡᠯ᠎ᠡ ᠮᠤᠵᠢ ᠶᠢᠨ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ 2025 ᠣᠨ ᠤ 2 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠪᠡᠯᠡ ᠮᠥᠩᠭᠦ ᠲᠠᠷᠬᠠᠭᠠᠭᠰᠠᠨ ᠪᠠᠶᠢᠳᠠᠯ ᠢᠶᠠᠨ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠳᠤ ᠮᠡᠳᠡᠭᠦᠯᠦᠨ ᠬᠦᠷᠭᠡᠬᠦ ᠬᠡᠷᠡᠭᠲᠡᠢ᠃  ᠳᠥᠷᠪᠡ᠂ ᠲᠣᠭᠠᠵᠢᠭᠤᠯᠤᠯᠲᠠ ᠪᠠᠷ ᠬᠦᠴᠦᠨ ᠨᠡᠮᠡᠷᠢᠯᠡᠬᠦ ᠶᠢ ᠴᠢᠩᠭᠠᠳᠬᠠᠨ᠎ᠠ  ᠡᠯ᠎ᠡ ᠭᠠᠵᠠᠷ ᠤᠨ ᠬᠢᠨ ᠲᠣᠭᠠᠵᠢᠭᠤᠯᠤᠭᠰᠠᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠯᠴᠠᠨ ᠲᠤᠷᠰᠢᠯᠭ᠎ᠠ ᠪᠠᠷ ᠢᠶᠠᠨ ᠲᠣᠯᠢᠯᠠᠵᠤ᠂ ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠵᠤ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢ ᠰᠣᠯᠢᠬᠤ᠂ ᠰᠢᠨ᠎ᠡ ᠶᠢ ᠬᠤᠳᠠᠯᠳᠤᠨ ᠠᠪᠬᠤ᠂ ᠵᠠᠳᠠᠯᠬᠤ ᠪᠥᠬᠦ ᠶᠠᠪᠤᠴᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠨᠣᠪᠴᠢᠲᠠᠶ ᠡᠵᠡᠮᠰᠢᠬᠦ ᠬᠡᠷᠡᠭᠲᠡᠶ᠃ ᠲᠣᠮᠣ ᠳ᠋ᠠᠶᠢᠲ᠋ᠠ ᠵᠡᠷᠭᠡ ᠲᠣᠭᠠᠵᠢᠭᠤᠯᠤᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠤᠳᠠᠯ ᠬᠠᠭᠤᠷᠮᠠᠭ ᠢᠶᠠᠷ ᠠᠷᠠᠯᠵᠢᠶᠠᠯᠠᠬᠤ᠂ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠬᠤᠳᠠᠯᠳᠤᠨ ᠠᠪᠬᠤ᠂ ᠶᠡᠭᠡ ᠬᠡᠮᠵᠢᠶ᠎ᠡ ᠪᠠᠷ ᠬᠤᠷᠠᠮᠳᠤᠭᠤᠯᠤᠨ ᠪᠠᠷᠠᠭ᠎ᠠ ᠬᠠᠳᠠᠭᠠᠯᠠᠬᠤ᠂ ᠮᠡᠬᠡᠯᠡᠨ ᠨᠦᠬᠦᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠬᠡᠷᠡᠭᠲᠡᠶ᠃  ᠲᠠᠪᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ  ᠡᠯ᠎ᠡ ᠭᠠᠵᠠᠷ ᠤᠨ ᠬᠢᠨ ︽ᠬᠠᠭᠤᠴᠢᠨ ᠢᠶᠠᠨ ᠲᠤᠰᠢᠶᠠᠬᠤ︾ ᠪᠠ ︽ᠰᠢᠨ᠎ᠡ ᠶᠢ ᠰᠣᠯᠢᠬᠤ︾ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠰᠢᠢᠳᠪᠦᠷᠢᠯᠡᠵᠦ᠂ ᠨᠢᠭᠡ ᠯᠡ ᠠᠳᠠᠯᠢ ᠪᠠᠷ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ᠠᠷᠭ᠎ᠠ ᠵᠠᠮ ᠢ ᠳᠡᠮᠵᠢᠵᠦ᠂ ᠠᠳᠠᠯᠢ ᠪᠤᠰᠤ ᠥᠮᠴᠢᠯᠡᠯ᠂ ᠠᠳᠠᠯᠢ ᠪᠤᠰᠤ ᠳᠠᠩᠰᠠᠯᠠᠭᠤᠯᠤᠭᠰᠠᠨ ᠭᠠᠵᠠᠷ ᠤᠨ ᠠᠵᠤ ᠠᠬᠤᠶᠢᠯᠠᠯ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠣᠷᠣᠯᠴᠠᠬᠤ ᠬᠡᠷᠡᠭᠲᠡᠶ᠃ ᠲᠠᠪᠴᠠᠩ ᠤᠨ ᠠᠵᠤ ᠠᠬᠤᠶᠢᠯᠠᠯ ᠨᠢ ᠡᠯ᠎ᠡ ᠭᠠᠵᠠᠷ ᠣᠷᠣᠨ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠭᠠᠵᠠᠷ ᠣᠷᠣᠨ ᠬᠤᠪᠢᠶᠠᠨ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠥᠷᠢ ᠥᠭᠬᠦ ᠲᠤᠰᠬᠠᠶ ᠲᠣᠭᠤᠷᠢᠭ ᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠶ᠃ ᠡᠯ᠎ᠡ ᠭᠠᠵᠠᠷ ᠤᠨ ᠬᠢᠨ ᠨᠢ ᠵᠠᠷᠤᠳᠠᠯ ᠥᠭᠬᠦ ᠵᠠᠩᠭᠢᠯᠠᠭ᠎ᠠ ᠳᠠᠬᠢ ᠠᠵᠤ ᠠᠬᠤᠶᠢᠯᠠᠯ ᠤᠨ ᠬᠡᠷᠡᠭᠯᠡᠭᠴᠢᠳ ᠠᠴᠠ ᠵᠠᠰᠠᠭ ᠤᠨ ᠣᠷᠳᠣᠨ ᠤ ᠨᠥᠬᠦᠪᠥᠷᠢ ᠮᠥᠩᠭᠦ ᠣᠯᠬᠤ ᠶᠢ ᠲᠣᠳᠣᠷᠬᠠᠶ ᠰᠠᠨᠠᠭᠤᠯᠤᠨ᠂ ᠬᠡᠷᠡᠭᠯᠡᠭᠴᠢᠳ ᠭᠡᠷ ᠤᠨ ᠴᠠᠬᠢᠯᠭᠠᠨ ᠬᠡᠷᠡᠭᠰᠡᠯ ᠢᠶᠠᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠣᠷᠣᠯᠴᠠᠬᠤ ᠠᠷᠭ᠎ᠠ ᠵᠠᠮ ᠢᠶᠠᠨ ᠥᠷᠭᠡᠵᠢᠭᠦᠯᠵᠦ᠂ ᠦᠨᠡᠨ ᠬᠦ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭᠯᠡᠭᠡᠨ ᠤ ᠣᠶᠢᠯᠠᠭᠠᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠭᠠᠵᠠᠷ ᠤᠨ ᠬᠢᠨ ᠭᠡᠷ ᠤᠨ ᠴᠠᠬᠢᠯᠭᠠᠨ ᠬᠡᠷᠡᠭᠰᠡᠯ ᠢᠶᠠᠨ ᠬᠠᠭᠤᠴᠢᠨ ᠢᠶᠠᠷ ᠰᠢᠨ᠎ᠡ ᠶᠢ ᠰᠣᠯᠢᠬᠤ ᠪᠠᠷ ᠰᠢᠮᠳᠠᠭᠤᠯᠵᠤ ᠪᠠᠶᠢᠭᠠᠳ ᠠᠵᠤ ᠠᠬᠤᠶᠢᠯᠠᠯ ᠤᠨ ᠡᠭᠡᠭᠦᠯᠦᠨ ᠬᠤᠷᠢᠶᠠᠭᠰᠠᠨ ᠬᠠᠶᠠᠭᠳᠠᠮᠠᠯ ᠭᠡᠷ ᠤᠨ ᠴᠠᠬᠢᠯᠭᠠᠨ ᠬᠡᠷᠡᠭᠰᠡᠯ ᠢ ᠵᠢᠩᠬᠢᠨᠢ ᠵᠠᠳᠠᠯᠤᠨ ᠰᠠᠯᠭᠠᠬᠤ ᠠᠵᠤ ᠠᠬᠤᠶᠢᠯᠠᠯ ᠯᠤᠭ᠎ᠠ ᠲᠤᠰᠢᠶᠠᠬᠤ ᠬᠡᠷᠡᠭᠲᠡᠶ᠃ ᠬᠤᠪᠢ ᠬᠥᠮᠦᠨ ᠬᠡᠷᠡᠭᠯᠡᠭᠴᠢᠳ ᠪᠣᠯᠤᠨ ᠠᠵᠤ ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠰᠦᠯᠵᠢᠶᠡᠨ ᠥᠷᠲᠡᠭᠡ ᠳᠤ ᠭᠠᠷᠴᠤ᠂ ᠬᠠᠤᠯᠢ ᠪᠤᠰᠤ ᠪᠠᠷ ᠬᠠᠶᠠᠭᠳᠠᠮᠠᠯ ᠬᠡᠷ ᠤᠨ ᠴᠠᠬᠢᠯᠭᠠᠨ ᠬᠡᠷᠡᠭᠰᠡᠯ ᠢ ᠵᠠᠳᠠᠯᠤᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃  ᠵᠢᠷᠭᠤᠭ᠎ᠠ᠂ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠎ᠠ  ︽ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠷᠣᠨ ᠨᠤᠲᠤᠭ ᠲᠤ ᠬᠡᠲᠦ ᠣᠷᠳᠣ ᠬᠤᠭᠤᠴᠠᠭᠠᠨ ᠤ ᠤᠯᠤᠰ ᠤᠨ ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠶᠢ ᠰᠢᠭᠤᠳ ᠲᠣᠬᠢᠷᠠᠭᠤᠯᠵᠤ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠨ᠎ᠡ᠃ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠪᠡᠯᠡ ᠮᠥᠩᠭᠦ ᠶᠢ ᠶᠡᠷᠦᠩᠬᠡᠶ ᠳᠤ ᠨᠢ 9᠄ 1 ᠪᠠᠶᠢᠯᠭᠠᠬᠤ ᠵᠠᠷᠴᠢᠮ ᠤᠨ ᠶᠣᠰᠣᠭᠠᠷ ᠲᠥᠪ ᠪᠠ ᠣᠷᠣᠨ ᠨᠤᠲᠤᠭ ᠠᠴᠠ ᠬᠠᠮᠲᠤ ᠪᠠᠷ ᠡᠭᠦᠷᠭᠡᠯᠡᠬᠦ ᠶᠢ ᠬᠡᠷᠡᠭᠵᠢᠭᠦᠯᠵᠦ᠂ ᠵᠡᠭᠦᠨ ᠬᠡᠰᠡᠭ ᠤᠨ ᠭᠠᠵᠠᠷ ᠣᠷᠣᠨ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠲᠥᠪ ᠤᠨ ᠡᠭᠦᠷᠭᠡᠯᠡᠬᠦ ᠬᠠᠷᠢᠴᠠᠯ ᠨᠢ ᠲᠤᠰ ᠲᠤᠰ 85%᠂ 90%᠂ 95% ᠪᠣᠯᠤᠨ᠎ᠠ᠃ ᠡᠯ᠎ᠡ ᠮᠤᠵᠢ ᠶᠢᠨ ᠱᠠᠲᠤᠨ ᠤ ᠡᠳ᠋ ᠤᠨ ᠵᠠᠰᠠᠭ ᠨᠢ ᠲᠥᠪ ᠤᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠪᠠᠶᠢᠳᠠᠯ ᠢ ᠦᠨᠳᠦᠰᠦᠯᠡᠨ ᠬᠠᠷᠢᠴᠠᠯ ᠶᠣᠰᠣᠭᠠᠷ ᠢᠵᠢ ᠪᠦᠷᠢᠳᠦᠭᠦᠯᠬᠦ ᠪᠡᠯᠡ ᠮᠥᠩᠭᠦ ᠶᠢ ᠲᠣᠬᠢᠷᠠᠭᠤᠯᠬᠤ ᠬᠡᠷᠡᠭᠲᠡᠶ᠃  ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠪᠠᠯᠠ ᠮᠥᠩᠭᠦ ᠶᠢᠨ ᠬᠠᠮᠢᠶᠠᠷᠤᠯᠲᠠ ᠶᠢᠨ ᠨᠢᠭᠡᠳᠦᠭᠡᠷ ᠬᠠᠷᠢᠭᠤᠴᠠᠯᠭᠠᠲᠤ ᠭᠤᠤᠯ ᠴᠣᠭᠴᠠ ᠮᠥᠨ᠂ ᠪᠠᠯᠠ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠴᠠᠭ ᠲᠤᠬᠠᠶ ᠳᠤ ᠨᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠬᠠᠷᠢᠭᠤᠴᠠᠵᠤ᠂ ᠪᠡᠯᠡ ᠮᠥᠩᠭᠦ ᠶᠢᠨ ᠬᠤᠪᠢᠶᠠᠷᠢᠯᠠᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠤᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠥᠬᠦᠪᠥᠷᠢ ᠶᠢᠨ ᠪᠡᠯᠡ ᠮᠥᠩᠭᠦ ᠶᠢ ᠬᠢᠨᠠᠬᠤ ᠂ ᠰᠣᠯᠢᠵᠤ ᠥᠭᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠥᠬᠦᠪᠥᠷᠢ ᠶᠢᠨ ᠪᠡᠯᠡ ᠮᠥᠩᠭᠦ ᠶᠢ ᠰᠠᠯᠭᠠᠨ ᠥᠭᠬᠦ ᠳᠠᠬᠢ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠡᠳ᠋ ᠤᠨ ᠵᠠᠰᠠᠭ ᠤᠨ ᠶᠠᠮᠤᠨ ᠠᠴᠠ ᠡᠳ᠋ ᠤᠨ ᠵᠠᠰᠠᠭ ᠤᠨ ᠶᠠᠮᠤᠨ ᠤ ᠡᠯ᠎ᠡ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠴᠠᠭ ᠳᠤ ᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠨᠥᠬᠦᠪᠥᠷᠢ ᠶᠢᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠦᠭᠰᠡᠨ ᠂ ᠬᠡᠷᠡᠭᠯᠡᠭᠰᠡᠨ ᠵᠡᠷᠭᠡ ᠪᠠᠶᠢᠳᠠᠯ ᠳᠤ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠪᠠ ᠦᠨ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠦᠨ᠎ᠡ ᠶᠢᠨ ᠮᠡᠬᠡᠯᠡᠨ ᠬᠢᠬᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃  ᠡᠯ᠎ᠡ ᠭᠠᠵᠠᠷ ᠤᠳ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠨᠥᠬᠦᠪᠥᠷᠢ ᠶᠢᠨ ᠪᠡᠯᠡ ᠮᠥᠩᠭᠦ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠢ ᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃  ᠳᠣᠯᠤᠭ᠎ᠠ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ  ᠡᠯ᠎ᠡ ᠭᠠᠵᠠᠷ ᠤᠨ ᠬᠢᠨ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠬᠡᠷ ᠤᠨ ᠴᠠᠬᠢᠯᠭᠠᠨ ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠬᠦ ᠪᠠ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠦᠨ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠯᠡᠭᠡᠨ ᠤ ᠣᠨᠣᠯᠵᠢᠬᠤᠨ ᠢ ᠪᠤᠶᠢᠵᠢᠭᠤᠯᠵᠤ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ᠃ ᠡᠯ᠎ᠡ ᠭᠠᠵᠠᠷ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠯᠡᠭᠡᠨ ᠤ ᠤᠯᠠᠷᠢᠯ ᠤᠨ ᠭᠤᠤᠯ ᠰᠡᠳᠦᠪᠲᠦ ᠠᠵᠢᠯᠯᠠᠭ᠎ᠠ ᠵᠡᠷᠭᠡ ᠶᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠲᠥᠷᠥ ᠶᠢᠨ ᠪᠣᠳᠣᠯᠭ᠎ᠠ ᠶᠢᠨ ᠠᠵᠤ ᠠᠬᠤᠶᠢᠯᠠᠯ ᠤᠨ ᠨᠡᠶᠢᠭᠡᠮ ᠲᠣᠭᠤᠷᠢᠭ ᠲᠤ ᠣᠷᠣᠵᠤ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠳᠤ ᠣᠷᠣᠯᠴᠠᠬᠤ ᠳᠤ ᠲᠥᠬᠦᠮ ᠨᠥᠬᠦᠴᠡᠯ ᠬᠠᠩᠭᠠᠨ᠎ᠠ᠃ ᠡᠯ᠎ᠡ ᠭᠠᠵᠠᠷ ᠤᠨ ᠬᠢᠨ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠮᠠᠳᠠᠭ ᠲᠠᠢ ᠠᠰᠠᠭᠤᠳᠠᠯ ᠢ ᠰᠠᠶᠢᠲᠤᠷ ᠬᠠᠷᠢᠭᠤᠯᠬᠤ ᠶᠢᠨ ᠬᠠᠮᠲᠤ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠠᠷᠭ᠎ᠠ ᠵᠠᠮ ᠢ ᠨᠡᠪᠲᠡᠷᠡᠭᠦᠯᠵᠦ᠂ ᠲᠣᠰ ᠭᠠᠵᠠᠷ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠳᠤ ᠲᠦᠰᠢᠭᠯᠡᠨ ᠠᠰᠠᠭᠤᠨ ᠯᠠᠪᠯᠠᠬᠤ ᠦᠢᠯᠡᠴᠢᠯᠡᠭᠡᠨ ᠤ ᠲᠤᠰᠬᠠᠶ ᠱᠤᠭᠤᠮ ᠢ ᠪᠠᠶᠢᠭᠤᠯᠬᠤ ᠬᠡᠷᠡᠭᠲᠡᠶ᠃ ᠠᠵᠢᠯ ᠤᠨ ᠳᠤᠮᠳᠠᠬᠢ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠶ ᠳᠤ ᠨᠢ ᠳ᠋ᠦᠩᠨᠡᠵᠦ᠂ ᠠᠵᠢᠯ ᠢᠶᠠᠨ ᠠᠬᠢᠭᠤᠯᠤᠭᠰᠠᠨ᠂ ᠲᠥᠷᠥᠯ ᠵᠦᠢᠯ ᠢ ᠬᠡᠷᠡᠭᠵᠢᠭᠦᠯᠦᠭᠰᠡᠨ᠂ ᠪᠠᠯᠠ ᠮᠥᠩᠭᠦ ᠶᠢ ᠬᠡᠷᠡᠭᠯᠡᠭᠰᠡᠨ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠠᠭ ᠲᠤᠬᠠᠶ ᠳᠤ ᠨᠢ ᠥᠷᠨᠢᠭᠦᠯᠵᠦ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ ᠬᠠᠮᠲᠤ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠬᠠᠨᠳᠤᠰᠢ ᠬᠢᠭᠡᠳ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠦᠷ᠎ᠡ ᠪᠦᠲᠦᠮᠵᠢ ᠶᠢ ᠮᠥᠷᠳᠡᠵᠦ ᠰᠤᠳᠤᠯᠤᠨ ᠮᠠᠭᠠᠳᠯᠠᠬᠤ ᠬᠡᠷᠡᠭᠲᠡᠶ᠃  ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ2024 ᠣᠨ ᠤ 8 ᠳ᠋ᠤᠭᠠᠷ ᠰᠠᠷ᠎ᠠ ᠶᠢᠨ 24 ᠤ ᠡᠳᠦᠷ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ