| | | | | | ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 26 ᠤ ᠴᠠᠬᠢᠯᠭᠠᠨ ᠮᠡᠳᠡᠭᠡ 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ︽ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ | ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ ᠂ ᠶᠢᠰᠦᠳᠦᠭᠡᠷ ᠤᠳᠠᠭ᠎ᠠ ᠶᠢᠨ | ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠤ ᠪᠠᠨ᠂ | ᠨᠠᠰᠤᠵᠢᠯ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ | ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠳᠡᠪᠬᠢᠲᠡᠢ ᠨᠠᠰᠤᠵᠢᠯ ᠤᠨ ᠦᠵᠡᠯᠲᠡ᠂ ᠡᠷᠡᠭᠦᠯ ᠮᠡᠨᠳᠦ ᠨᠠᠰᠤᠵᠢᠯᠲᠠ ᠶᠢᠨ ᠣᠨᠣᠯᠵᠢᠬᠤᠨ ᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠨᠠᠰᠤᠵᠢᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠰᠤᠵᠢᠯ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠹᠦᠳᠠᠨ ᠶᠡᠭᠡ ᠰᠤᠷᠭᠠᠭᠤᠯᠢ ᠶᠢᠨ ᠫᠷᠤᠹᠧᠰᠰᠤᠷ ᠦ᠋ ᠢᠦᠢ ᠱᠤᠤ ᠲᠠᠶᠢᠯᠤᠮᠵᠢ ᠬᠢᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠯᠢᠦ ᠭᠦᠸᠧ | ᠵᠥᠩ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠸᠠᠩ ᠰᠢᠶᠤᠤ ᠬᠤᠩ᠂ ᠱᠧᠨ ᠢ ᠴᠢᠨ ᠨᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ | ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ | ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠶᠢᠰᠦᠳᠦᠭᠡᠷ ᠤᠳᠠᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ | ᠯᠢ ᠴᠢᠶᠠᠩ ᠲᠣᠰ ᠲᠠᠶᠢᠯᠤᠮᠵᠢ ᠪᠠ ᠰᠠᠨᠠᠯ ᠢᠶᠠᠨ ᠰᠣᠯᠢᠯᠴᠠᠭᠰᠠᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠥᠮᠦᠨ ᠠᠮᠠ ᠶᠢᠨ ᠨᠠᠰᠤᠵᠢᠯᠲᠠ ᠪᠣᠯ ᠬᠤᠶᠢᠰᠢᠳᠠ ᠶᠢᠨ | ᠨᠡᠯᠢᠶᠡᠳ ᠤᠷᠳᠤ ᠬᠤᠭᠤᠴᠠᠭᠠᠨ ᠳᠠᠬᠢ ᠮᠠᠨ ᠤ ᠤᠯᠤᠰ ᠤᠨ ᠦᠨᠳᠦᠰᠦᠨ ᠪᠠᠶᠢᠳᠠᠯ ᠮᠥᠨ᠃ ᠨᠠᠰᠤᠵᠢᠯᠲᠠ ᠶᠢᠨ ᠬᠥᠭᠵᠢᠯ ᠤᠨ ᠰᠢᠨ᠎ᠡ ᠪᠠᠶᠢᠳᠠᠯ ᠢ ᠪᠤᠰᠤᠳᠴᠢ | ᠬᠤᠪᠢᠰᠤᠩᠭᠤᠢ ᠪᠠᠷ ᠦᠵᠡᠬᠦ ᠬᠡᠷᠡᠭᠲᠡᠢ᠃ ᠨᠠᠰᠤᠵᠢᠯᠳᠠ ᠠᠴᠠ ᠪᠣᠯᠣᠭᠰᠠᠨ ᠥᠷᠢᠰᠥᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠮᠥᠷᠲᠡᠭᠡᠨ ᠪᠠᠰᠠ ᠨᠠᠰᠤᠵᠢᠯᠳᠠ ᠳᠤ | ᠰᠢᠨ᠎ᠡ ᠬᠥᠭᠵᠢᠯᠲᠡ ᠶᠢᠨ ᠲᠣᠬᠢᠶᠠᠯ ᠬᠠᠳᠠᠭᠠᠯᠠᠭᠳᠠᠵᠤ ᠂ ᠨᠠᠰᠤᠵᠢᠭᠰᠠᠨ ᠬᠥᠮᠦᠨ ᠠᠮᠠ ᠴᠤ ᠨᠠᠨᠳᠢᠨ ᠡᠬᠢ ᠪᠠᠶᠠᠯᠢᠭ ᠪᠣᠯᠬᠤ ᠶᠢ ᠣᠯᠵᠤ ᠬᠠᠷᠠᠬᠤ ᠬᠡᠷᠡᠭᠲᠡᠢ᠃ ᠪᠠᠶᠢᠳᠠᠯ ᠢ | ᠠᠶᠠᠳᠠᠨ ᠳᠠᠭᠠᠵᠤ ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠪᠠᠶᠢᠯᠳᠤᠬᠤ ᠪᠣᠳᠣᠯᠭ᠎ᠠ ᠶᠢᠨ ᠮᠠᠭᠠᠳᠯᠠᠯᠲᠠ ᠪᠠᠨ ᠴᠢᠩᠭᠠᠳᠬᠠᠵᠤ᠂ ᠤᠷᠢᠳᠴᠢᠯᠠᠭᠰᠠᠨ ᠪᠠᠶᠢᠷᠢᠯᠠᠭᠤᠯᠤᠯᠲᠠ | ᠬᠢᠵᠦ᠂ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠭᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠯᠤᠭ᠎ᠠ ᠤᠶᠠᠯᠳᠤᠭᠤᠯᠵᠤ ᠂ ᠦᠢᠯᠡᠴᠢᠯᠡᠭᠡ ᠂ ᠪᠠᠯᠠ | ᠮᠥᠩᠭᠦ ᠪᠠ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠶᠠᠪᠤᠴᠠ ᠳᠤ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠯᠢ ᠴᠢᠶᠠᠩ ᠂ ︽ᠥᠲᠡᠯᠦᠭᠰᠡᠳ ᠲᠤ ᠠᠰᠠᠷᠠᠮᠵᠢ ᠲᠠᠢ ᠪᠠᠶᠢᠯᠭᠠᠬᠤ ︾ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠵᠦᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠃ ᠭᠡᠷ ᠲᠤ ᠪᠠᠨ ᠰᠠᠭᠤᠬᠤ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠬᠦᠷᠲᠡᠬᠦ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳᠦᠷ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ | ᠬᠡᠷ ᠲᠤ ᠨᠢ ᠬᠦᠷᠴᠦ ᠦᠢᠯᠡᠴᠢᠯᠡᠬᠦ ᠵᠡᠷᠭᠡ ᠴᠢᠳᠠᠪᠤᠷᠢ ᠶᠢ ᠴᠢᠩᠭᠠᠷᠠᠭᠤᠯᠤᠨ᠂ ᠬᠠᠭᠤᠴᠢᠨ ᠰᠠᠭᠤᠭᠠᠯᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠨ᠎ᠡ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠦᠯᠵᠢᠶ᠎ᠡ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ | ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠂ ᠣᠷᠣᠨ ᠨᠤᠲᠤᠭ ᠤᠨ ᠪᠣᠳᠠᠲᠠᠶ ᠲᠠᠢ ᠪᠠᠨ ᠤᠶᠠᠯᠳᠤᠭᠤᠯᠤᠨ ᠬᠠᠷᠢᠯᠴᠠᠨ ᠬᠠᠪᠰᠤᠷᠤᠯᠴᠠᠬᠤ | ᠨᠠᠰᠤᠵᠢᠯ ᠤᠨ ᠠᠰᠠᠷᠠᠮᠵᠢ ᠥᠷᠨᠢᠭᠦᠯᠬᠦ ᠶᠢ ᠳᠡᠮᠵᠢᠨ᠎ᠡ᠃ ᠴᠢᠳᠠᠪᠤᠷᠢ ᠪᠠᠨ ᠠᠯᠳᠠᠭᠰᠠᠨ ᠨᠠᠰᠤᠲᠠᠳ ᠢ ᠬᠠᠷᠠᠭᠠᠯᠵᠠᠨ ᠠᠰᠠᠷᠠᠬᠤ ᠬᠡᠷᠡᠭᠴᠡᠭᠡ ᠳᠤ ᠴᠢᠭᠯᠡᠭᠦᠯᠦᠨ᠂ ᠡᠮᠴᠢᠯᠡᠵᠦ | ᠠᠰᠠᠷᠠᠬᠤ ᠪᠠ ᠰᠤᠪᠢᠯᠠᠵᠤ ᠠᠰᠠᠷᠠᠬᠤ ᠶᠢᠨ ᠦᠢᠯᠡᠳᠦᠯ ᠢ ᠭᠦᠨᠵᠡᠭᠡᠶ ᠠᠬᠢᠭᠤᠯᠵᠤ᠂ ᠰᠤᠪᠢᠯᠠᠯᠲᠠ ᠶᠢᠨ ᠮᠠᠶ᠋ᠢᠭ ᠤᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠣᠷᠳᠣ | ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠬᠥᠭᠵᠢᠭᠦᠯᠦᠨ᠎ᠡ᠃ ᠶᠡᠭᠡ ᠭᠡᠪᠴᠢᠶᠡᠨ ᠤ ᠮᠡᠷᠭᠡᠰᠢᠯ ᠴᠢᠳᠡᠪᠦᠷᠢ ᠶᠢᠨ ᠪᠣᠯᠪᠠᠰᠤᠷᠠᠯ ᠢ ᠦᠷᠨᠢᠬᠦᠯᠵᠦ᠂ | ᠨᠠᠰᠣᠵᠢᠯ ᠤᠨ ᠰᠣᠪᠢᠯᠠᠯᠳᠡ ᠶᠢᠨ ᠠᠵᠢᠯ ᠮᠡᠷᠭᠡᠵᠢᠯ ᠤᠨ ᠳᠡᠳᠠᠬᠤ ᠬᠦᠴᠣᠨ ᠢ ᠨᠡᠮᠡᠭᠳᠡᠭᠦᠯᠦᠨ᠎ᠡ ᠃ ︽ᠥᠲᠡᠯᠦᠭᠰᠡᠳ ᠲᠤ ᠲᠦᠰᠢᠭ ᠲᠠᠢ ᠪᠠᠶᠢᠯᠭᠠᠬᠤ ︾ ᠪᠡᠯᠡ ᠮᠥᠩᠭᠦ ᠶᠢᠨ | ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠯᠡᠬᠦ ᠲᠦᠷᠢᠮ ᠢ ᠲᠡᠭᠦᠯᠳᠡᠷᠵᠢᠭᠦᠯᠵᠦ᠂ ᠤᠯᠠᠨ ᠲᠡᠰ | ᠳᠠᠪᠬᠤᠷᠭ᠎ᠠ ᠤᠯᠠᠨ ᠲᠤᠯᠭᠠᠭᠤᠷᠢ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠲᠦᠷᠭᠡᠳᠬᠡᠨ ᠪᠦᠷᠢᠨᠰᠢᠭᠦᠯᠬᠦ ᠬᠡᠷᠡᠭᠲᠡᠢ᠃ ︽ᠥᠲᠡᠯᠦᠭᠰᠡᠳ ᠲᠤ ᠬᠢᠳᠡᠯ ᠲᠠᠢ | ᠪᠠᠶᠢᠯᠭᠠᠬᠤ ︾ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠥᠮᠥᠨ ᠤ ᠬᠦᠴᠦᠨ ᠤ ᠡᠬᠢ ᠪᠠᠶᠠᠯᠢᠭ ᠢ ᠢᠳᠡᠪᠬᠢᠲᠡᠢ ᠨᠡᠭᠡᠭᠡᠨ ᠬᠥᠭᠵᠢᠭᠦᠯᠵᠦ᠂ | ᠨᠠᠰᠤᠲᠠᠶᠢᠴᠤᠳ ᠲᠤ ᠲᠣᠬᠢᠷᠠᠭᠰᠠᠨ ᠤᠯᠠᠨ ᠶᠠᠩᠵᠤᠲᠤ ᠂ ᠥᠪᠡᠷᠮᠢᠴᠡ ᠠᠵᠢᠯ ᠤᠨ ᠪᠠᠶᠢᠷᠢ ᠶᠢ ᠡᠭᠦᠳᠬᠦ ᠬᠡᠷᠡᠭᠲᠡᠢ᠃ ᠪᠤᠭᠤᠷᠤᠯᠴᠤᠳ ᠤᠨ ᠠᠵᠤ ᠠᠬᠤᠢ ᠶᠢᠨ | ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠭᠡ ᠪᠠᠷ ᠠᠬᠢᠭᠤᠯᠵᠤ᠂ ᠨᠠᠰᠤᠲᠠᠶᠢᠴᠤᠳ ᠤᠨ ᠬᠡᠷᠡᠭᠰᠡᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠶᠢ | ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠨᠠᠰᠤᠲᠠᠶᠢᠴᠤᠳ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠪᠣᠯ ᠪᠥᠬᠦ ᠲᠠᠯ᠎ᠠ ᠶᠢᠨ ᠴᠢᠨᠠᠷᠲᠠᠶ᠂ ᠣᠷᠳᠣ ᠬᠤᠭᠤᠴᠠᠭᠠᠨ ᠤ ᠴᠢᠨᠠᠷᠲᠠᠶ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠨᠡᠩ ᠬᠠᠨᠳᠤᠯᠭᠠᠲᠤ ᠴᠢᠨᠠᠷᠲᠠᠢ ᠪᠠᠷ ᠲᠦᠷᠦ ᠶᠢᠨ ᠪᠤᠳᠤᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠨᠠᠰᠤᠵᠢᠯ ᠤᠨ ᠠᠵᠢᠯ ᠳᠤᠮᠳᠠᠬᠢ | ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠠᠰᠤᠲᠠᠶᠢᠴᠤᠳ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | |