︽ᠳᠤᠮᠳᠠᠳᠤ ᠤᠯᠤᠰ ︵ᠭᠤᠸᠠᠩᠳᠦ᠋ᠩ︶ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢᠨ ᠬᠠᠮᠲᠤᠷᠠᠯᠴᠠᠭᠠᠨ ᠤ ᠰᠠᠨᠠᠮᠵᠢ ᠪᠢᠴᠢᠭ ᠲᠤ ᠭᠠᠷ ᠤᠨ ᠥᠰᠥᠭ ᠵᠢᠷᠤᠬᠤ ᠶᠣᠰᠣᠯᠠᠯ ᠭᠤᠸᠠᠩᠵᠧᠦ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/30
  8 ᠳ᠋ᠤᠭᠠᠷ ᠰᠠᠷ᠎ᠠ ᠶᠢᠨ 27 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠭᠤᠸᠠᠩᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠭᠤᠸᠠᠩᠵᠧᠦ ᠳᠤ ︽ᠳᠤᠮᠳᠠᠳᠤ ᠤᠯᠤᠰ ︵ᠭᠤᠸᠠᠩᠳᠦ᠋ᠩ︶ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢᠨ ᠬᠠᠮᠲᠤᠷᠠᠯᠴᠠᠭᠠᠨ ᠤ ᠰᠠᠨᠠᠮᠵᠢ ᠪᠢᠴᠢᠭ ᠲᠤ ᠭᠠᠷ ᠤᠨ ᠦᠰᠦᠭ ᠵᠢᠷᠤᠬᠤ ᠶᠣᠰᠣᠯᠠᠯ ᠢ ᠶᠠᠪᠤᠭᠳᠠᠭᠤᠯᠪᠠ᠃  ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠰᠠᠶᠢᠳ ᠸᠠᠩ ᠵᠢᠶᠠᠩ ᠫᠢᠩ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠨᠠᠶᠢᠷᠠᠭᠤᠯᠬᠤ ᠠᠵᠢᠯ ᠤᠨ ᠬᠤᠷᠠᠯ ᠤᠨ ᠭᠡᠰᠢᠭᠦᠨ ᠵᠢᠶᠠᠩ ᠸᠧᠨ ᠪᠥᠸᠧ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠮᠤᠵᠢ ᠶᠢᠨ ᠳᠠᠷᠤᠭ᠎ᠠ ᠸᠠᠩ ᠸᠧᠢ ᠵᠦᠩ ᠤᠷᠢᠳ ᠬᠤᠵᠢᠳ ᠪᠠᠶᠠᠷ ᠤᠨ ᠦᠭᠡ ᠬᠡᠯᠡᠪᠡ᠃ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠧᠨ ᠵᠢᠶᠠᠨ ᠸᠧᠨ ᠭᠡᠷ᠎ᠡ ᠲᠣᠭᠲᠠᠬᠤ ᠶᠣᠰᠣᠯᠠᠯ ᠢ ᠡᠷᠭᠢᠯᠡᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠮᠤᠵᠢ ᠶᠢᠨ ᠳᠡᠳ᠋ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠰᠢ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠭᠤᠸᠠᠩᠵᠧᠦ ᠬᠤᠲᠠ ᠶᠢᠨ ᠨᠠᠮ ᠤᠨ ᠬᠤᠷᠢᠶᠠᠨ ᠤ ᠱᠦᠵᠢ ᠭᠦᠸᠧ ᠶᠦᠩ ᠬᠠᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃  ᠼᠤᠤ ᠱᠦ ᠮᠢᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠲᠦᠷᠭᠡᠪᠴᠢᠯᠡᠨ ᠬᠥᠭᠵᠢᠭᠦᠯᠵᠦ᠂ ᠳᠡᠯᠡᠬᠡᠶ ᠶᠢᠨ ᠥᠷᠢᠰᠦᠯᠳᠦᠬᠦ ᠬᠦᠴᠦᠨ ᠲᠠᠢ ᠲᠣᠭᠠᠵᠢᠭᠤᠯᠤᠭᠰᠠᠨ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ ᠪᠠᠷ ᠳᠤᠷᠠᠳᠬᠤ ᠬᠡᠷᠡᠭᠲᠡᠶ᠃ ᠬᠡᠲᠦ ᠥᠨᠳᠥᠷ ᠲᠤᠳᠤᠷᠠᠴᠠᠲᠤ ᠶᠢᠨ ᠪᠠᠶᠢᠳᠠᠯ ᠪᠣᠯ ᠪᠥᠬᠦ ᠪᠥᠮᠪᠥᠷᠴᠡᠭ ᠤᠨ ᠦᠵᠡᠵᠦ ᠰᠣᠨᠣᠰᠬᠤ ᠮᠡᠷᠭᠡᠵᠢᠯ ᠤᠨ ᠳᠠᠪᠬᠤᠴᠠᠨ ᠤᠯᠠᠷᠢᠨ ᠬᠤᠪᠢᠰᠬᠤ ᠵᠠᠶᠢᠯᠠᠰᠢ ᠥᠬᠡᠶ ᠬᠠᠨᠳᠤᠰᠢ ᠮᠥᠨ᠂ ᠡᠨᠡ ᠨᠢ ᠲᠣᠮᠣ ᠵᠢᠵᠢᠭ ᠳᠡᠯᠭᠡᠴᠡ ᠪᠠᠷ ᠦᠵᠡᠵᠦ ᠰᠣᠨᠣᠰᠬᠤ ᠬᠤᠪᠢᠰᠬᠠᠯ ᠢ ᠬᠥᠲᠥᠯᠦᠨ ᠳᠠᠭᠠᠭᠤᠯᠬᠤ᠂ ᠦᠵᠡᠵᠦ ᠰᠣᠨᠣᠰᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ᠂ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠳᠠᠬᠢᠨ ᠳᠠᠪᠲᠠᠨ ᠲᠠᠰ ᠳᠡᠪᠰᠢᠭᠦᠯᠬᠦ᠂ ᠡᠯᠧᠺᠲᠷᠣᠨ ᠮᠡᠳᠡᠭᠡ ᠵᠠᠩᠭᠢ ᠦᠢᠯᠡᠳᠬᠦ ᠦᠢᠯᠡᠰ ᠢ ᠳᠠᠶᠢᠴᠢᠯᠠᠬᠤ᠂ ᠲᠣᠭᠠᠵᠢᠭᠤᠯᠤᠭᠰᠠᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠬᠥᠳᠡᠯᠭᠡᠬᠦ ᠬᠦᠴᠦᠨ ᠮᠥᠨ᠃ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠨ ᠸᠢᠳᠢᠤ᠋ ᠶᠢᠨ ᠮᠡᠷᠭᠡᠵᠢᠯ ᠨᠢ ᠪᠠᠷᠢᠮᠵᠢᠶ᠎ᠠ ᠲᠤᠳᠤᠷᠠᠴᠠᠲᠤ ᠶᠢ ᠰᠤᠷᠤᠯᠴᠠᠵᠤ᠂ ᠣᠨᠴᠠ ᠲᠤᠳᠤᠷᠠᠴᠠᠲᠤ ᠶᠢ ᠬᠥᠭᠡᠭᠡᠵᠦ ᠭᠦᠢᠴᠡᠨ᠂ ᠬᠡᠳᠦ ᠥᠨᠳᠥᠷ ᠲᠤᠳᠤᠷᠠᠴᠠᠲᠤ ᠶᠢᠨ ᠬᠡᠰᠡᠭ ᠪᠡᠶ᠎ᠡ ᠪᠠᠨ ᠳᠠᠭᠠᠭᠠᠭᠰᠠᠨ ᠭᠤᠣᠯᠯᠠᠬᠤ ᠮᠡᠷᠭᠡᠵᠢᠯ ᠨᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠦᠭᠰᠡᠨ ᠪᠣᠯᠪᠠᠴᠤ ᠠᠵᠤ ᠦᠢᠯᠡᠰ ᠤᠨ ᠬᠡᠯᠬᠢᠶ᠎ᠡ ᠵᠣᠬᠢᠴᠠᠯᠳᠤᠬᠤ ᠦᠭᠡᠢ᠂ ᠳᠡᠭᠡᠳᠦ ᠳᠣᠣᠷᠠᠳᠤ ᠤᠷᠤᠰᠬᠠᠯ ᠨᠡᠪᠲᠡᠷᠡᠯᠴᠡᠵᠦ ᠳᠡᠶᠢᠯᠬᠦ ᠦᠭᠡᠢ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠨ᠎ᠠ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠡᠯ᠎ᠡ ᠲᠠᠯ᠎ᠠ ᠶᠢᠨ ᠬᠢᠨ ᠲᠠᠢ ᠬᠤᠯᠪᠣᠭᠠᠯᠠᠨ᠂ ︽ᠴᠡᠭ ᠢᠶᠠᠷ ᠨᠡᠶᠢᠳᠡᠮ ᠢ ᠳᠠᠶᠢᠴᠢᠯᠠᠬᠤ᠂ ᠭᠤᠤᠯᠳᠠᠯᠭ᠎ᠠ ᠲᠠᠢ ᠪᠠᠷ ᠰᠢᠪᠲᠤᠯᠬᠤ᠂ ᠪᠥᠬᠦ ᠬᠡᠯᠬᠢᠶ᠎ᠡ ᠪᠠᠷ ᠲᠠᠰ ᠳᠡᠪᠰᠢᠭᠦᠯᠬᠦ︾ ᠠᠵᠢᠯ ᠤᠨ ᠰᠡᠳᠭᠢᠮᠵᠢ ᠶᠣᠰᠣᠭᠠᠷ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠪᠠᠷ ᠬᠥᠭᠵᠢᠭᠰᠡᠨ ᠵᠠᠭᠤᠴᠢᠯᠠᠭᠤᠷ᠂ ᠲᠧᠯᠸᠢᠰ ᠤᠨ ᠲᠣᠮᠣ ᠳᠡᠯᠭᠡᠴᠡ ᠪᠠ ᠭᠠᠷ ᠤᠲᠠᠰᠤᠨ ᠤ ᠵᠢᠵᠢᠭ ᠳᠡᠯᠭᠡᠴᠡ ᠶᠢ ᠨᠢᠭᠡᠳᠦᠯᠲᠡᠶ ᠲᠥᠯᠥᠪᠯᠡᠵᠦ᠂ ᠠᠭᠤᠯᠭ᠎ᠠ ᠶᠢᠨ ᠦᠢᠯᠡᠳᠪᠦᠷᠢᠯᠡᠯ᠂ ᠠᠭᠤᠯᠭ᠎ᠠ ᠶᠢᠨ ᠨᠡᠪᠲᠡᠷᠡᠭᠦᠯᠭᠡ᠂ ᠰᠦᠯᠵᠢᠶᠡᠨ ᠤ ᠳᠠᠮᠵᠢᠭᠤᠯᠭ᠎ᠠ᠂ ᠦᠵᠦᠭᠦᠷ ᠤᠨ ᠭᠥᠯᠢᠶᠡᠨ ᠠᠪᠬᠤ ᠵᠡᠷᠭᠡ ᠪᠥᠬᠦ ᠬᠡᠯᠬᠢᠶᠡᠨ ᠤ ᠰᠢᠰᠲ᠋ᠧᠮ ᠤᠨ ᠪᠠᠶᠢᠷᠢᠯᠠᠭᠤᠯᠤᠯᠲᠠ᠂ ᠡᠯ᠎ᠡ ᠭᠤᠭᠴᠤᠭ᠎ᠠ ᠶᠢᠨ ᠭᠤᠤᠯᠳᠠᠯᠭ᠎ᠠ ᠲᠠᠢ ᠰᠢᠪᠲᠤᠯᠤᠯᠲᠠ ᠪᠠ ᠲᠣᠭᠲᠠᠯᠴᠠᠭᠠᠵᠢᠭᠤᠯᠤᠭᠰᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ᠬᠡᠲᠦ ᠥᠨᠳᠥᠷ ᠲᠤᠳᠤᠷᠠᠴᠠᠲᠤ ᠶᠢ ᠠᠷᠠᠳ ᠣᠯᠠᠨ ᠤ ᠰᠡᠳᠬᠢᠯ ᠬᠠᠨᠤᠮᠵᠢᠲᠠᠶ ︽ᠰᠣᠳᠣᠨ ᠢᠨᠵᠧᠨᠧᠷᠢᠩ︾᠂ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠨ ᠪᠥᠲᠥᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃  ᠸᠠᠩ ᠵᠢᠶᠠᠩ ᠫᠢᠩ᠂ ᠬᠡᠳᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠢ ᠬᠥᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠠᠵᠢᠭᠤᠯᠤᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠡᠳᠦ ᠥᠨᠳᠥᠷ ᠲᠤᠳᠤᠷᠠᠴᠠᠲᠤ ᠸᠢᠳᠢᠣ᠋ ᠨᠢ ᠦᠵᠡᠵᠦ ᠰᠣᠨᠣᠰᠬᠤ ᠡᠯᠧᠺᠲᠷᠣᠨ ᠬᠦᠷᠢᠶᠡᠨ ᠳᠠᠬᠢ ᠴᠢᠬᠤᠯᠠ ᠶᠡᠭᠡ ᠮᠡᠷᠭᠡᠵᠢᠯ ᠤᠨ ᠰᠢᠨᠡᠴᠢᠯᠡᠯᠲᠡ ᠶᠢᠨ ᠴᠢᠭᠯᠡᠯ ᠪᠣᠯᠤᠭᠰᠠᠨ ᠤ ᠬᠤᠪᠢ ᠳᠤ᠂ ᠠᠵᠤ ᠠᠬᠤᠢ ᠨᠡᠶᠢᠭᠡᠮ ᠤᠨ ᠲᠣᠭᠠᠵᠢᠭᠤᠯᠤᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠴᠢᠬᠤᠯᠠ ᠪᠠᠭᠠᠵᠢ ᠪᠠ ᠠᠷᠠᠳ ᠤᠯᠠᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠠᠴᠢᠶᠠᠯᠠᠪᠤᠷᠢ ᠪᠤᠯᠵᠤ᠂ ᠬᠤᠯᠪᠣᠭᠳᠠᠯ ᠪᠦᠬᠦᠢ ᠮᠡᠷᠭᠡᠵᠢᠯ ᠪᠠ ᠦᠢᠯᠡᠳᠬᠦᠨ ᠨᠢ ᠨᠢᠭᠡᠨᠲᠡ ᠬᠥᠮᠦᠰ ᠤᠨ ᠦᠢᠯᠡᠳᠪᠦᠷᠢᠯᠡᠯ ᠠᠮᠢᠳᠤᠷᠠᠯ ᠳᠤ ᠥᠷᠭᠡᠨ ᠢᠶᠠᠷ ᠠᠭᠤᠰᠤᠯᠴᠠᠵᠤ᠂ ᠠᠷᠠᠳ ᠤᠯᠠᠨ ᠤ ᠦᠵᠡᠵᠦ ᠰᠣᠨᠣᠰᠬᠤ ᠪᠡᠶᠡᠴᠢ ᠣᠶᠢᠯᠠᠭᠠᠯᠲᠠ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠴᠢᠬᠤᠯᠠ ᠲᠠᠪᠴᠠᠩ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠦᠵᠡᠰᠬᠦᠯᠡᠩᠲᠦ ᠰᠠᠶᠢᠬᠠᠨ ︽ᠳᠤᠮᠳᠠᠳᠤ ᠤᠯᠤᠰ ᠤᠨ ᠨᠡᠷ᠎ᠡ ᠶᠢᠨ ᠬᠠᠭᠤᠳᠠᠰᠤ︾ ᠪᠣᠯᠤᠭᠰᠠᠨ ᠪᠠᠶᠢᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ︵ᠭᠤᠸᠠᠩᠳᠦ᠋ᠩ︶ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ 2023 ᠣᠨ ᠤ ᠳᠤᠯᠤᠭᠠᠨ ᠰᠠᠯᠠᠭ᠎ᠠ ᠮᠥᠴᠢᠷ ᠤᠨ ᠬᠠᠮᠲᠤᠷᠠᠵᠤ ᠳᠠᠷᠤᠮᠠᠯᠯᠠᠨ ᠲᠠᠷᠬᠠᠭᠠᠭᠰᠠᠨ ︽ᠦᠵᠡᠵᠦ ᠰᠣᠨᠣᠰᠬᠤ ᠡᠯᠧᠺᠲᠷᠣᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠣᠷᠣᠨ ᠨᠤᠲᠤᠭ ᠲᠠᠢ ᠬᠠᠮᠲᠤ ᠪᠠᠷ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠦᠴᠦᠯᠡᠨ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠰᠢᠨ᠎ᠡ ᠬᠡᠯᠪᠡᠷᠢ ᠶᠢᠨ ᠦᠢᠯᠡᠳᠬᠦᠨ ᠢ ᠬᠦᠴᠦᠯᠡᠨ ᠬᠥᠭᠵᠢᠭᠦᠯᠵᠦ᠂ ᠰᠢᠯᠢᠳᠡᠭ ᠠᠵᠤ ᠠᠬᠤᠶᠢᠯᠠᠯ ᠢ ᠪᠤᠶᠢᠵᠢᠭᠤᠯᠵᠤ᠂ ᠬᠡᠷᠡᠭᠯᠡᠭᠡᠨ ᠤ ᠪᠠᠶᠢᠳᠠᠯ ᠢ ᠬᠦᠴᠦᠯᠡᠨ ᠥᠷᠭᠡᠳᠬᠡᠵᠦ᠂ ᠮᠢᠩᠭᠠᠨ ᠭᠠᠵᠠᠷ ᠤᠯᠠᠨ ᠦᠢᠯᠡᠰ ᠪᠦᠲᠦᠭᠡᠬᠦ ᠳᠤ ᠬᠦᠴᠦᠨ ᠨᠡᠮᠡᠷᠢᠯᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠵᠢᠶᠠᠩ ᠸᠧᠨ ᠪᠥᠸᠧ᠂ ᠬᠡᠲᠦ ᠥᠨᠳᠥᠷ ᠲᠤᠳᠤᠷᠠᠴᠠᠲᠤ ᠸᠢᠳᠢᠣ᠋ ᠪᠣᠯ ᠲᠣᠭᠠᠵᠢᠭᠤᠯᠤᠭᠰᠠᠨ᠂ ᠥᠨᠳᠥᠷ ᠲᠣᠳᠤᠷᠠᠴᠠᠲᠤᠭᠤᠯᠤᠭᠰᠠᠨ ᠤ ᠳᠠᠷᠠᠭᠠᠬᠢ ᠰᠢᠨ᠎ᠡ ᠨᠢᠭᠡ ᠡᠭᠡᠯᠵᠢ ᠶᠢᠨ ᠴᠢᠬᠤᠯᠠ ᠶᠡᠭᠡ ᠮᠡᠷᠭᠡᠵᠢᠯ ᠤᠨ ᠰᠢᠨᠡᠴᠢᠯᠡᠯᠲᠡ ᠮᠥᠨ᠃ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ᠂ ᠶᠡᠷᠦᠩᠬᠡᠢ ᠬᠤᠷᠢᠶ᠎ᠠ ᠨᠢ ᠳᠠᠮᠵᠢᠭᠤᠯᠬᠤ ᠪᠠᠶᠢᠭᠤᠯᠤᠮᠵᠢ ᠪᠣᠯᠤᠨ ᠳᠠᠭᠠᠭᠠᠴᠢᠯᠠᠯᠲᠠ ᠣᠯᠵᠤ ᠰᠢᠯᠵᠢᠭᠦᠯᠦᠨ ᠨᠡᠪᠲᠡᠷᠡᠭᠦᠯᠬᠦ ᠲᠥᠷᠥᠯ ᠵᠦᠢᠯ ᠬᠠᠮᠤᠭ ᠤᠨ ᠣᠯᠠᠨ ᠤᠯᠤᠰ ᠤᠨ ᠵᠠᠭᠤᠴᠢᠯᠠᠭᠤᠷ ᠪᠣᠯᠤᠭᠰᠠᠨ ᠤ ᠬᠤᠪᠢ ᠳᠤ᠂ ᠬᠢᠯᠢ ᠶᠢᠨ ᠭᠠᠳᠠᠨ᠎ᠠ ᠠᠩᠬ᠎ᠠ ᠤᠳᠠᠭ᠎ᠠ ᠪᠦᠬᠦ 4K ᠬᠡᠳᠦ ᠥᠨᠳᠥᠷ ᠲᠤᠳᠤᠷᠠᠴᠠᠲᠤ ᠪᠠᠷ ᠰᠢᠯᠵᠢᠭᠦᠯᠦᠨ ᠨᠡᠪᠲᠡᠷᠡᠭᠦᠯᠵᠦ᠂ ᠠᠩᠬ᠎ᠠ ᠤᠳᠠᠭ᠎ᠠ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠡᠭᠦᠰᠬᠦ ᠶᠣᠰᠣᠯᠠᠯ ᠪᠣᠯᠤᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ 8K ᠣᠯᠠᠨ ᠤᠯᠤᠰ ᠤᠨ ᠨᠡᠶᠢᠲᠡ ᠶᠢᠨ ᠳᠣᠬᠢᠶ᠎ᠠ ᠵᠣᠬᠢᠶᠠᠬᠤ ᠶᠢ ᠥᠷᠨᠢᠭᠦᠯᠵᠦ᠂ ᠰᠢᠯᠵᠢᠭᠦᠯᠦᠨ ᠨᠡᠪᠲᠡᠷᠡᠭᠦᠯᠵᠦ ᠮᠡᠳᠡᠭᠡᠯᠡᠬᠦ ᠬᠡᠪᠴᠢᠶ᠎ᠡ ᠨᠢ ᠲᠡᠦᠬᠡ ᠶᠢᠨ ᠬᠠᠮᠤᠭ ᠥᠨᠳᠥᠷ ᠲᠡᠮᠳᠡᠭᠯᠡᠯ ᠢ ᠡᠭᠦᠳᠴᠡᠢ᠃ ᠶᠡᠷᠦᠩᠬᠡᠶ ᠬᠤᠷᠢᠶ᠎ᠠ ᠨᠢ ᠬᠡᠲᠦ ᠥᠨᠳᠥᠷ ᠲᠤᠳᠤᠷᠠᠴᠠᠲᠤ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢ ᠢᠳᠡᠪᠬᠢᠲᠡᠶ ᠠᠬᠢᠭᠤᠯᠵᠤ ᠂ ︽4K/8K ᠬᠡᠲᠦ ᠥᠨᠳᠥᠷ ᠲᠤᠳᠤᠷᠠᠴᠠᠲᠤ ᠸᠢᠳᠢᠣ᠋ + ᠭᠤᠷᠪᠠᠨ ᠬᠡᠮᠵᠢᠯᠲᠦ ᠥᠩᠭᠡ ᠳᠠᠭᠤᠨ︾ ᠢᠶᠠᠷ ᠳᠠᠮᠵᠢᠭᠤᠯᠤᠨ ᠲᠧᠯᠸᠢᠰ ᠢ ᠪᠥᠬᠦ ᠵᠠᠭᠤᠴᠢᠯᠠᠭᠤᠷ ᠲᠡᠶᠢᠰᠢ ᠬᠡᠲᠦ ᠥᠨᠳᠥᠷ ᠲᠤᠳᠤᠷᠠᠴᠠᠲᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ 4K/8K ᠬᠡᠲᠦ ᠥᠨᠳᠥᠷ ᠲᠤᠳᠤᠷᠠᠴᠠᠲᠤ ᠲᠧᠯᠸᠢᠰ ᠤᠨ ᠰᠤᠪᠠᠭ᠂ ᠲᠥᠪ ᠤᠨ ᠸᠢᠳᠢᠣ᠋᠂ ᠺᠢᠨᠣ᠋ ᠶᠢᠨ ᠣᠷᠳᠣᠨ ᠤ ᠱᠤᠭᠤᠮ᠂ ︽ᠵᠠᠭᠤᠨ ᠬᠤᠲᠠ ᠮᠢᠩᠭᠠᠨ ᠳᠡᠯᠭᠡᠴᠡ︾ ᠶᠢᠨ 8K ᠬᠡᠲᠦ ᠥᠨᠳᠥᠷ ᠲᠤᠳᠤᠷᠠᠴᠠᠲᠤ ᠳᠠᠮᠵᠢᠭᠤᠯᠭ᠎ᠠ ᠶᠢᠨ ᠲᠠᠪᠴᠠᠩ ᠲᠠᠢ ᠬᠠᠮᠲᠤᠷᠠᠨ ᠬᠠᠮ ᠵᠠᠭᠤᠴᠢᠯᠠᠭᠤᠷ ᠤᠨ ᠬᠡᠲᠦ ᠥᠨᠳᠥᠷ ᠲᠤᠳᠤᠷᠠᠴᠠᠲᠤ ᠳᠠᠮᠵᠢᠭᠤᠯᠭ᠎ᠠ ᠶᠢᠨ ᠡᠩᠨᠡᠭᠡ ᠶᠢ ᠪᠠᠶᠢᠭᠤᠯᠵᠤ᠂ ᠬᠡᠲᠦ ᠥᠨᠳᠥᠷ ᠲᠤᠳᠤᠷᠠᠴᠠᠲᠤ ᠲᠧᠯᠸᠢᠰ ᠤᠨ ᠲᠣᠮᠣ ᠵᠢᠵᠢᠭ ᠳᠡᠯᠭᠡᠴᠡ ᠪᠠᠷ ᠠᠭᠤᠰᠤᠯᠴᠠᠭᠤᠯᠤᠨ ᠳᠠᠮᠵᠢᠭᠤᠯᠬᠤ ᠦᠢᠯᠡᠳᠦᠯᠭᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠥᠷᠭᠡᠨ ᠣᠯᠠᠨ ᠭᠥᠯᠢᠶᠡᠨ ᠠᠪᠤᠭᠴᠢᠳ ᠲᠤ ᠰᠣᠭᠲᠤᠭᠤᠷᠠᠮᠠᠯ ᠮᠠᠶ᠋ᠢᠭ ᠤᠨ ᠦᠵᠡᠭᠦᠯᠭᠡ ᠶᠢᠨ ᠤᠷᠤᠯᠳᠤᠭᠠᠨ ᠤ ᠲᠦᠢᠯ ᠤᠨ ᠪᠡᠶᠡᠴᠢ ᠣᠶᠢᠯᠠᠭᠠᠯᠲᠠ ᠶᠢ ᠪᠣᠶ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠰᠢᠨ᠎ᠡ ᠴᠢᠨᠠᠷ ᠤᠨ ᠳᠠᠮᠵᠢᠭᠤᠯᠭ᠎ᠠ ᠶᠢᠨ ᠬᠦᠴᠦᠨ ᠪᠠ ᠵᠠᠭᠤᠴᠢᠯᠠᠭᠤᠷ ᠤᠨ ᠬᠥᠲᠥᠯᠦᠨ ᠳᠠᠭᠠᠭᠤᠯᠬᠤ ᠬᠦᠴᠦᠨ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠨ᠎ᠠ᠃ ︽ᠳᠤᠮᠳᠠᠳᠤ ᠤᠯᠤᠰ ︵ᠭᠤᠸᠠᠩᠳᠦ᠋ᠩ︶ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠳᠤ ᠰᠠᠭᠤᠷᠢᠯᠠᠵᠤ᠂ ᠶᠡᠷᠦᠩᠬᠡᠶ ᠬᠤᠷᠢᠶ᠎ᠠ ᠡᠯ᠎ᠡ ᠶᠠᠮᠤᠨ ᠵᠥᠪᠯᠡᠯ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠮᠤᠵᠢ ᠶᠢᠨ ᠵᠠᠰᠠᠭ ᠤᠨ ᠣᠷᠳᠣᠨ ᠵᠢᠴᠢ ᠡᠯ᠎ᠡ ᠬᠤᠯᠪᠣᠭᠳᠠᠯ ᠪᠥᠬᠦᠶ ᠠᠵᠤ ᠦᠢᠯᠡᠰ ᠲᠠᠢ ᠨᠢᠭᠲᠠ ᠬᠠᠮᠵᠢᠯᠴᠠᠬᠤ ᠪᠠᠨ ᠴᠢᠩᠭᠠᠳᠬᠠᠵᠤ ᠂ ᠬᠡᠲᠦ ᠥᠨᠳᠥᠷ ᠲᠤᠳᠤᠷᠠᠴᠠᠲᠤ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠲᠦ ᠥᠨᠳᠥᠷ ᠲᠤᠳᠤᠷᠠᠴᠠᠲᠤ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ᠂ ᠰᠢᠨ᠎ᠡ ᠶᠢ ᠡᠭᠦᠳᠦᠨ ᠠᠭᠤᠰᠤᠯᠴᠠᠭᠤᠯᠬᠤ᠂ ᠠᠮᠢ ᠠᠬᠤᠶ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ ᠪᠠᠶᠢᠬᠤ᠂ ᠬᠠᠮᠲᠤ ᠪᠠᠷ ᠬᠥᠭᠵᠢᠬᠦ ᠶᠢ ᠪᠡᠶᠡᠯᠡᠭᠦᠯᠵᠦ ᠂ ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠶᠢᠨ ᠬᠠᠷᠠᠭᠠᠰᠤ ᠪᠥᠬᠦᠶ ᠬᠦᠷᠢᠶᠡᠨ ᠳᠠᠬᠢ ᠭᠤᠤᠯᠯᠠᠬᠤ ᠥᠷᠢᠰᠥᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠶ ᠶᠢᠨ ᠬᠡᠲᠦ ᠥᠨᠳᠥᠷ ᠲᠤᠳᠤᠷᠠᠴᠠᠲᠤ ᠬᠦᠷᠢᠶ᠎ᠡ ᠴᠠᠷᠠᠭ᠎ᠠ ᠳᠤ ︽ᠳᠤᠮᠳᠠᠳᠤ ᠤᠯᠤᠰ ᠤᠨ ᠬᠡᠪ ᠳᠠᠭᠤᠷᠢᠶᠠᠯ︾ ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠸᠠᠩ ᠸᠧᠶ ᠵᠥᠩ᠂ ᠭᠤᠸᠠᠩᠳᠦ᠋ᠩ ᠨᠢ ᠪᠣᠳᠠᠲᠤ ᠴᠣᠭᠴᠠ ᠶᠢᠨ ᠠᠵᠤ ᠠᠬᠤᠶ ᠪᠠᠷ ᠦᠨᠳᠦᠰᠦ ᠪᠣᠯᠭᠠᠬᠤ᠂ ᠦᠢᠯᠡᠳᠬᠦ ᠦᠢᠯᠡᠰ ᠤᠨ ᠡᠷᠬᠡ ᠮᠡᠳᠡᠯ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠬᠡᠲᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠥᠬᠦ ᠤᠯᠤᠰ ᠤᠨ ᠴᠣᠷ ᠤᠨ ᠭᠠᠭᠴᠠ ᠢᠯᠡᠷᠡᠭᠦᠯᠬᠦ ᠬᠦᠷᠢᠶᠡᠨ ᠳᠠᠬᠢ ᠤᠯᠤᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠠ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ ᠠᠩᠬᠠᠳᠠᠭᠴᠢ ᠮᠤᠵᠢ ᠶᠢᠨ ᠱᠠᠲᠤᠨ ᠤ 4K ᠰᠤᠪᠠᠭ ᠢ ᠨᠡᠭᠡᠭᠡᠵᠦ᠂ ᠪᠥᠬᠦ ᠤᠯᠤᠰ ᠤᠨ ᠠᠩᠬᠠᠳᠠᠭᠴᠢ ᠬᠡᠲᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠤᠨ ᠬᠥᠭᠵᠢᠯᠲᠡ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠵᠤ᠂ ᠪᠥᠬᠦ ᠮᠤᠵᠢ ᠶᠢᠨ ᠬᠡᠲᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠤᠨ ᠡᠵᠡᠩᠨᠡᠯᠲᠡ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠵᠤ᠂ ᠠᠵᠤ ᠦᠢᠯᠡᠰ ᠤᠨ ᠬᠡᠪᠴᠢᠶ᠎ᠡ ᠨᠢ ᠪᠥᠬᠦ ᠤᠯᠤᠰ ᠤᠨ 1/5᠂ 4K ᠲᠧᠯᠸᠢᠰ ᠤᠨ ᠦᠢᠯᠡᠳᠬᠦᠨ ᠤ ᠭᠠᠷᠤᠯᠲᠠ᠂ ᠲᠧᠯᠸᠢᠰ ᠤᠨ ᠳᠠᠪᠲᠠᠮᠵᠢ ᠬᠦᠯᠢᠶᠡᠭᠦᠷ ᠤᠨ ᠭᠠᠷᠤᠯᠲᠠ᠂ ᠲᠧᠯᠸᠢᠰ ᠤᠨ ᠬᠠᠪᠲᠠᠰᠤ ᠵᠢᠴᠢ 4K ᠲᠧᠯᠸᠢᠰ ᠤᠨ ᠬᠡᠷᠡᠭᠯᠡᠭᠴᠢ᠂ 4K ᠫᠷᠤᠭ᠍ᠷᠠᠮ ᠤᠨ ᠴᠠᠭ ᠤᠨ ᠤᠷᠲᠤ ᠵᠡᠷᠭᠡ ᠨᠢ ᠴᠥᠮ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠭᠤᠸᠠᠩᠳᠦ᠋ᠩ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠤᠵᠢ ᠶᠢᠨ ᠨᠠᠮ ᠤᠨ ᠬᠤᠷᠢᠶᠠᠨ ᠤ ︽1310︾ ᠶᠢᠨ ᠪᠣᠳᠠᠲᠠᠢ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠡᠳᠦ ᠥᠨᠳᠥᠷ ᠲᠤᠳᠤᠷᠠᠴᠠᠲᠤ ᠰᠤᠪᠠᠭ ᠤᠨ ᠪᠦᠲᠦᠭᠡᠨ ᠪᠠᠶᠢᠭᠤᠯᠤᠯᠲᠠ᠂ ᠠᠭᠤᠯᠭ᠎ᠠ ᠦᠢᠯᠡᠳᠬᠦ᠂ ᠰᠦᠯᠵᠢᠶ᠎ᠡ ᠪᠠᠷ ᠳᠠᠮᠵᠢᠭᠤᠯᠬᠤ᠂ ᠲᠡᠭᠦᠰᠬᠡᠯ ᠦᠵᠦᠭᠦᠷ ᠤᠨ ᠬᠦᠯᠢᠶᠡᠨ ᠠᠪᠬᠤ᠂ ᠺᠢᠨᠣ᠋ ᠲᠧᠯᠸᠢᠰ ᠤᠨ ᠲᠣᠨᠤᠭ ᠲᠥᠬᠦᠭᠡᠷᠦᠮᠵᠢ᠂ ᠺᠢᠨᠣ᠋ ᠲᠧᠯᠸᠢᠰ ᠤᠨ ᠰᠡᠭᠦᠯᠴᠢ ᠶᠢᠨ ᠬᠤᠭᠤᠴᠠᠭ᠎ᠠ᠂ ᠬᠡᠷᠡᠭᠯᠡᠭᠡᠨ ᠤ ᠦᠵᠡᠭᠳᠡᠯ᠂ ᠭᠤᠣᠯ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠰᠠᠶᠢᠨ ᠰᠠᠶᠢᠬᠠᠨ ᠬᠥᠭᠵᠢᠯᠲᠡ ᠶᠢᠨ ᠠᠮᠢ ᠠᠬᠤᠢ ᠶᠢ ᠢᠳᠡᠪᠬᠢᠲᠡᠢ ᠪᠠᠷ ᠪᠣᠶ ᠪᠣᠯᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠭᠤᠸᠠᠩᠳᠦ᠋ᠩ ᠮᠤᠵᠢ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠬᠡᠰᠡᠭ ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ ᠪᠠᠶᠢᠭᠤᠯᠤᠮᠵᠢ ᠵᠢᠴᠢ ᠰᠦᠯᠵᠢᠶᠡᠨ ᠤ ᠡᠵᠡᠩᠨᠡᠯᠲᠡ ᠶᠢᠨ ᠬᠤᠳᠠᠯᠳᠤᠭᠠᠴᠢᠨ ᠤ ᠬᠠᠮᠢᠶ᠎ᠠ ᠪᠥᠬᠦᠶ ᠬᠠᠷᠢᠭᠤᠴᠠᠯᠭᠠᠲᠠᠳ᠂ ᠬᠡᠰᠡᠭ ᠰᠦᠯᠵᠢᠶᠡᠨ ᠤ ᠦᠵᠡᠵᠦ ᠰᠣᠨᠣᠰᠬᠤ ᠲᠠᠪᠴᠠᠩ ᠪᠠ ᠬᠡᠲᠦ ᠥᠨᠳᠥᠷ ᠲᠤᠳᠤᠷᠠᠴᠠᠲᠤ ᠠᠵᠤ ᠦᠢᠯᠡᠰ ᠤᠨ ᠬᠡᠯᠬᠢᠶᠡᠨ ᠤ ᠠᠵᠤ ᠠᠬᠤᠶᠢᠯᠠᠯ ᠤᠨ ᠲᠥᠯᠥᠭᠡᠯᠡᠭᠴᠢ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ