ᠳᠠᠮᠵᠢᠭᠤᠯᠤᠨ ᠰᠠᠴᠤᠷᠠᠭᠤᠯᠬᠤ ᠲᠥᠪ ᠤᠨ ᠨᠠᠮ ᠤᠨ ᠶᠡᠷᠦᠩᠬᠡᠶ ᠡᠭᠦᠷ ︽ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/8/5
  97 ᠳ᠋ᠤᠭᠠᠷ ᠤᠳᠠᠭᠠᠨ ᠤ ︽8 • 1︾ ᠤ ᠴᠡᠷᠢᠭ ᠪᠠᠶᠢᠭᠤᠯᠤᠭᠳᠠᠭᠰᠠᠨ ᠪᠠᠶᠠᠷ ᠢ ᠪᠡᠯᠭᠡᠯᠡᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 2 ᠤᠨ ᠡᠳᠦᠷ᠂ ᠳᠠᠮᠵᠢᠭᠤᠯᠤᠨ ᠰᠠᠴᠤᠷᠠᠭᠤᠯᠬᠤ ᠲᠥᠪ ᠤᠨ ᠨᠠᠮ ᠤᠨ ᠶᠡᠷᠦᠩᠬᠡᠶ ᠡᠭᠦᠷ ᠠᠴᠠ 40 ᠭᠠᠷᠤᠶ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠵᠡᠪᠰᠡᠭᠲᠦ ᠴᠠᠭᠳᠠᠭᠠᠨ ᠤ ᠪᠡᠯᠡᠳᠬᠡᠯ ᠰᠠᠯᠪᠤᠷᠢ ᠠᠩᠭᠢ ᠳᠤ ᠬᠦᠷᠴᠦ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
W020240805634905050873_ORIGIN.png
  ᠠᠵᠢᠯᠯᠠᠭ᠎ᠠ ᠳᠤ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠪᠥᠬᠦ ᠺᠠᠳ᠋ᠷ ᠠᠵᠢᠯᠲᠠᠨ ᠡᠯ᠎ᠡ ᠲᠥᠷᠥᠯ ᠤᠨ ᠵᠡᠪᠰᠡᠭ ᠲᠣᠨᠣᠭᠯᠠᠯ ᠂ ᠴᠡᠷᠢᠭ ᠤᠨ ᠪᠣᠯᠪᠠᠰᠤᠷᠠᠯ᠂ ᠵᠢᠯᠣᠭᠤᠴᠢ ᠥᠬᠡᠶ ᠨᠢᠰᠬᠡᠯ ᠤᠨ ᠪᠣᠳᠠᠲᠤ ᠪᠠᠶᠢᠯᠳᠤᠭᠠᠨ ᠤ ᠦᠵᠡᠭᠦᠯᠭᠡ ᠵᠢᠴᠢ ᠴᠡᠷᠢᠭ ᠨᠣᠬᠠᠶ ᠶᠢᠨ ᠰᠣᠷᠢᠯᠲᠠ ᠶᠢ ᠲᠣᠭᠤᠷᠢᠨ ᠦᠵᠡᠵᠦ᠂ ᠣᠯᠠᠨ ᠢᠶᠠᠷ ᠢᠶᠠᠨ ᠴᠡᠷᠢᠭ ᠤᠨ ᠰᠦᠭ ᠰᠦᠨᠡᠰᠦ ᠶᠢᠨ ᠴᠤᠭ ᠵᠢᠪᠬᠤᠭ᠎ᠠ ᠶᠢ ᠭᠦᠨᠵᠡᠭᠡᠶ ᠣᠶᠢᠯᠠᠭᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃ ᠤᠯᠠᠨ ᠢᠶᠠᠷ ᠢᠶᠠᠨ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠰᠢᠯᠢᠳᠡᠭ ᠰᠤᠷᠲᠠᠯ ᠪᠣᠯᠤᠨ ᠲᠠᠶᠢᠴᠢᠨ ᠵᠣᠷᠢᠭ ᠰᠠᠨᠠᠭ᠎ᠠ ᠶᠢ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠰᠢᠯᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠳᠠᠮᠵᠢᠭᠤᠯᠭ᠎ᠠ ᠰᠠᠴᠤᠷᠠᠭᠤᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃︵ᠳᠠᠮᠵᠢᠭᠤᠯᠤᠨ ᠰᠠᠴᠤᠷᠠᠭᠤᠯᠬᠤ ᠲᠥᠪ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ