︽ᠷᠠᠳᠢᠣ᠋ ᠲᠧᠯᠸᠢᠰ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠵᠤ ᠮᠠᠭᠠᠳᠯᠠᠨ ᠲᠣᠭᠲᠠᠭᠠᠬᠤ ᠲᠥᠷᠥᠯ ᠵᠦᠢᠯ ᠤᠨ ᠬᠦᠰᠦᠨᠦᠭᠲᠦ ︵2024 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/8/5
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠶᠡᠷᠦᠩᠬᠡᠢ ᠲᠣᠪᠴᠢᠶ᠎ᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠠᠯᠪᠠᠨ ᠲᠢᠩᠬᠢᠮ᠂ ᠺᠢᠨᠣ᠋ ᠶᠢᠨ ᠰᠤᠪᠠᠭ ᠤᠨ ᠫᠷᠦᠭᠷᠡᠮ ᠤᠨ ᠲᠥᠪ᠂ ᠳᠤᠮᠳᠠᠳᠤ ᠤᠯᠤᠰ ᠤᠨ ᠰᠤᠷᠭᠠᠨ ᠬᠥᠮᠥᠵᠢᠯ ᠤᠨ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠡᠯ᠎ᠡ ᠬᠠᠮᠢᠶ᠎ᠠ ᠪᠦᠬᠦᠢ ᠨᠢᠭᠡᠴᠢ ᠳᠤ᠄  ᠷᠠᠳᠢᠣ᠋ ᠲᠧᠯᠸᠢᠰ ᠤᠨ ᠨᠡᠪᠲᠡᠷᠡᠭᠦᠯᠭᠡ ᠪᠠ ᠰᠦᠯᠵᠢᠶᠡᠨ ᠤ ᠠᠮᠤᠷ ᠲᠦᠪᠰᠢᠨ ᠢ ᠪᠠᠲᠤᠯᠠᠵᠤ᠂ ᠷᠠᠳᠢᠣ᠋ ᠲᠧᠯᠸᠢᠰ ᠤᠨ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ︽ᠷᠠᠳᠢᠣ᠋ ᠲᠧᠯᠸᠢᠰ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠬᠤ ᠶᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠠᠷᠯᠢᠭ 1 ᠳ᠋ᠦ᠋ᠭᠡᠷ ᠲᠣᠭᠠᠲᠤ︶ ᠶᠢᠨ ᠶᠣᠰᠣᠭᠠᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ︽ᠷᠠᠳᠢᠣ᠋ ᠲᠧᠯᠸᠢᠰ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠵᠤ ᠮᠠᠭᠠᠳᠯᠠᠨ ᠲᠣᠭᠲᠠᠭᠠᠬᠤ ᠲᠥᠷᠥᠯ ᠵᠦᠢᠯ ᠤᠨ ᠬᠦᠰᠦᠨᠦᠭᠲᠦ ︵2024 ᠣᠨ ᠤ ᠬᠡᠪᠯᠡᠯ︶︾ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠳᠦᠭᠡ ᠨᠡᠶᠢᠲᠡᠯᠡᠪᠡ᠃  ᠡᠯ᠎ᠡ ᠱᠠᠲᠤᠨ ᠤ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ᠂ ᠲᠠᠮᠵᠢᠭᠤᠯᠭ᠎ᠠ ᠶᠢᠨ ᠪᠦᠷᠬᠦᠴᠡ ᠶᠢᠨ ᠰᠦᠯᠵᠢᠶ᠎ᠡ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠰᠦᠯᠵᠢᠶ᠎ᠡ ᠵᠡᠷᠭᠡ ᠠᠵᠢᠯᠯᠠᠭᠠᠨ ᠤ ᠨᠢᠭᠡᠴᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠦᠯᠵᠢᠶᠡᠨ ᠳᠤ ᠣᠷᠣᠭᠤᠯᠬᠤ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠲᠥᠷᠥᠯ ᠵᠦᠢᠯ ᠤᠨ ᠬᠦᠰᠦᠨᠦᠭᠲᠦ ᠲᠠᠢ ᠬᠠᠷᠢᠴᠠᠭᠤᠯᠤᠨ᠂ ᠬᠤᠳᠠᠯᠳᠤᠨ ᠠᠪᠴᠤ ᠬᠡᠷᠡᠭᠯᠡᠬᠦ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠬᠤ ᠮᠠᠭᠠᠳᠯᠠᠨ ᠲᠣᠭᠲᠠᠭᠠᠬᠤ ᠦᠨᠡᠮᠯᠡᠯ ᠪᠠᠶᠢᠬᠤ ᠡᠰᠡᠬᠦ ᠶᠢ ᠴᠢᠩᠭ᠎ᠠ ᠬᠢᠨᠠᠨ ᠬᠠᠷᠭᠤᠭᠤᠯᠵᠤ᠂ ᠰᠦᠯᠵᠢᠶᠡᠨ ᠳᠤ ᠣᠷᠤᠬᠤ ᠮᠠᠭᠠᠳᠯᠠᠨ ᠲᠣᠭᠲᠠᠭᠠᠬᠤ ᠦᠨᠡᠮᠯᠡᠯ ᠣᠯᠣᠭᠠᠳᠤᠢ ᠪᠣᠯ ᠲᠥᠬᠦᠭᠡᠷᠦᠮᠵᠢ ᠪᠠᠭᠠᠵᠢ ᠬᠡᠷᠡᠭᠰᠡᠯ ᠢ ᠬᠤᠳᠠᠯᠳᠤᠨ ᠠᠪᠴᠤ ᠬᠡᠷᠡᠭᠯᠡᠵᠦ ᠪᠣᠯᠬᠤ ᠥᠬᠡᠶ᠃ ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠪᠢᠴᠢᠭ ᠮᠠᠲ᠋ᠧᠷᠢᠶᠠᠯ ᠢ ᠬᠠᠷᠢᠶ᠎ᠠ ᠣᠷᠣᠨ ᠤ ᠪᠠᠨ ᠲᠥᠬᠦᠭᠡᠷᠦᠮᠵᠢ ᠶᠢ ᠬᠡᠷᠡᠭᠯᠡᠬᠦ ᠬᠤᠯᠪᠣᠭᠳᠠᠯ ᠪᠥᠬᠦᠶ ᠨᠢᠭᠡᠴᠢ  ᠳᠤ ᠰᠢᠯᠵᠢᠭᠦᠯᠦᠨ ᠥᠭᠬᠦ ᠶᠢᠨ ᠬᠠᠮᠲᠤ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠶ᠃  ᠤᠯᠤᠰ ᠤᠨ ᠷᠠᠳᠢᠤ᠋ ᠲᠧᠯᠧᠢᠰ ᠤᠨ ᠶᠡᠷᠦᠩᠬᠡᠢ ᠲᠤᠪᠴᠢᠶ᠎ᠠ2024 ᠣᠨ ᠤ 5 ᠳ᠋ᠤᠭᠠᠷ ᠰᠠᠷ᠎ᠠ ᠶᠢᠨ 31 ᠤ ᠡᠳᠦᠷ ︽ᠷᠠᠳᠢᠣ᠋ ᠲᠧᠯᠸᠢᠰ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠵᠤ ᠮᠠᠭᠠᠳᠯᠠᠨ ᠲᠣᠭᠲᠠᠭᠠᠬᠤ ᠲᠥᠷᠥᠯ ᠵᠦᠢᠯ ᠤᠨ ᠬᠦᠰᠦᠨᠦᠭᠲᠦ ︵2024 ᠣᠨ ᠤ ᠬᠡᠪᠯᠡᠯ︶︾.pdf 

 

 

ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ