ᠲᠥᠷᠥ ᠶᠢᠨ ᠶᠠᠪᠤᠳᠠᠯ ᠤᠨ ᠬᠤᠷᠢᠶ᠎ᠠ ᠪᠢᠴᠢᠭ ᠮᠠᠲ᠋ᠧᠷᠢᠶᠠᠯ ᠲᠠᠷᠬᠠᠭᠠᠪᠠ ᠂ ᠢᠷᠡᠬᠦ 5 ᠵᠢᠯ ᠳᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠢᠩᠭᠢᠵᠦ ᠬᠥᠭᠵᠢᠬᠦ ᠪᠣᠯᠣᠨ᠎ᠠ︕
ᠨᠡᠶᠢᠲᠡᠯᠡᠭᠰᠡᠨ ᠴᠠᠭ᠄
2024/8/5
  ᠨᠢᠭᠡ ᠬᠠᠭᠤᠳᠠᠰᠤ ᠵᠢᠷᠤᠭ ᠠᠴᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠂ 4 ᠵᠦᠢᠯ ᠤᠨ ᠴᠢᠬᠤᠯᠠ ᠶᠡᠭᠡ ᠠᠵᠢᠯᠯᠠᠭ᠎ᠠ ᠂ 19 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠣᠶᠢᠯᠠᠭᠠᠬᠤᠢ︕  ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ ᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠠᠬᠢᠭᠤᠯᠬᠤ ᠠᠵᠢᠯ ᠢ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ ᠂ ᠠᠷᠠᠳ ᠲᠦᠮᠡᠨ ᠤ ᠬᠤᠲᠠ ᠶᠢ ᠠᠷᠠᠳ ᠲᠦᠮᠡᠨ ᠥᠪᠡᠷᠲᠡᠭᠡᠨ ᠪᠠᠶᠢᠭᠤᠯᠬᠤ ᠂ ᠠᠷᠠᠳ ᠲᠦᠮᠡᠨ ᠤ ᠬᠤᠲᠠ ᠨᠢ ᠠᠷᠠᠳ ᠲᠦᠮᠡᠨ ᠳᠤ ᠪᠠᠨ ᠦᠢᠯᠡᠴᠢᠯᠡᠬᠦ ᠶᠢ ᠪᠠᠷᠢᠮᠲᠠᠯᠠᠨ᠎ᠠ ᠃ ︽ᠠᠵᠢᠯᠯᠠᠭᠠᠨ ᠤ ᠲᠥᠯᠥᠪᠯᠡᠭᠡ︾ ᠳᠤ 4 ᠵᠦᠢᠯ ᠤᠨ ᠴᠢᠬᠤᠯᠠ ᠶᠡᠭᠡ ᠠᠵᠢᠯᠯᠠᠭ᠎ᠠ ᠂ 19 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ ᠃  1.ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯᠯᠠᠭ᠎ᠠ ᠶᠢ ᠬᠡᠷᠡᠭᠵᠢᠭᠦᠯᠦᠨ᠎ᠡ  ᠬᠦᠭᠵᠢᠯᠲᠡ ᠶᠢᠨ ᠴᠢᠭᠯᠡᠯ  ᠭᠤᠣᠯᠳᠠᠯᠭ᠎ᠠ ᠲᠠᠢ ᠬᠥᠮᠦᠰ᠄ ᠬᠤᠲᠠ ᠳᠤ ᠣᠷᠣᠭᠰᠠᠨ ᠬᠦᠴᠦ ᠶᠠᠪᠤᠭᠰᠠᠳ ᠵᠢᠴᠢ ᠳᠠᠭᠠᠵᠤ ᠨᠡᠭᠦᠭᠰᠡᠨ ᠭᠡᠷ ᠪᠦᠯᠢ ᠶᠢᠨ ᠬᠢᠨ ︵ᠬᠤᠲᠠ ᠶᠢᠨ ᠬᠤᠭᠤᠷᠣᠨᠳᠣᠬᠢ ᠨᠡᠭᠦᠳᠡᠯ ᠬᠥᠮᠦᠨ ᠠᠮᠠ ᠶᠢ ᠬᠠᠮᠲᠤ ᠳᠤ ᠨᠢ ᠬᠠᠷᠠᠭᠠᠯᠵᠠᠨ᠎ᠠ︶  ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠳᠤ ᠲᠦᠷᠭᠡᠨ ᠠᠭᠤᠰᠤᠯᠴᠠᠭᠤᠯᠬᠤ ᠶᠢ ᠠᠬᠢᠭᠤᠯᠤᠨ᠎ᠠ᠄  ︵1︶ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠨ᠎ᠡ  ︵2︶ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠶᠢᠨ ᠳᠠᠩᠰᠠᠯᠠᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠦᠨ᠎ᠡ  ︵3︶ ᠨᠦᠬᠦᠴᠡᠯ ᠳᠤ ᠨᠡᠶᠢᠴᠡᠬᠦᠶᠢᠴᠡ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠨᠡᠶᠢᠭᠡᠮ ᠤᠨ ᠳᠠᠭᠠᠳᠬᠠᠯ ᠂ ᠣᠷᠣᠨ ᠰᠠᠭᠤᠴᠠ ᠶᠢᠨ ᠪᠠᠲᠤᠯᠠᠭ᠎ᠠ ᠂ ᠳᠠᠭᠠᠵᠤ ᠨᠡᠭᠦᠭᠰᠡᠨ ᠬᠡᠦᠭᠡᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠵᠡᠷᠭᠡ ᠨᠢ ᠨᠡᠭᠦᠵᠦ ᠤᠷᠤᠭᠰᠠᠨ ᠭᠠᠵᠠᠷ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠ ᠲᠠᠢ ᠬᠦᠮᠦᠨ ᠠᠮᠠ ᠲᠠᠢ ᠠᠳᠠᠯᠢ ᠲᠡᠭᠰᠢ ᠡᠷᠬᠡ ᠲᠠᠢ ᠪᠠᠶᠢᠬᠤ ᠶᠢ ᠠᠬᠢᠭᠤᠯᠤᠨ᠎ᠠ  ︵4︶ ᠡᠷᠦᠬᠡ ᠠᠮᠠ ᠣᠷᠤᠭᠠᠳᠤᠢ ᠪᠠᠶᠢᠩᠭᠤ ᠰᠠᠭᠤᠭ᠎ᠠ ᠬᠦᠮᠦᠨ ᠠᠮᠠ ᠳᠤ ᠠᠯᠬᠤᠮ ᠠᠯᠬᠤᠮ ᠢᠶᠠᠷ ᠬᠤᠳᠠ ᠪᠠᠯᠭᠠᠰᠤ ᠶᠢᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠦᠨ᠎ᠡ  6 ᠵᠦᠢᠯ ᠤᠨ ᠭᠤᠣᠯᠳᠠᠯᠭ᠎ᠠ ᠲᠠᠢ ᠡᠭᠦᠷᠭᠡ  ︵1︶ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ  ︵2︶ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠪᠦᠷᠢᠨᠰᠢᠭᠦᠯᠦᠨ᠎ᠡ  ︵3︶ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢᠨ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠣᠯᠬᠤ ᠶᠢ ᠠᠬᠢᠭᠤᠯᠤᠨ᠎ᠠ  ︵4︶ ᠳᠠᠭᠠᠵᠤ ᠨᠡᠭᠦᠭᠰᠡᠨ ᠬᠡᠤᠬᠡᠳ ᠤᠨ ᠨᠡᠭᠦᠵᠦ ᠣᠷᠤᠭᠰᠠᠨ ᠭᠠᠵᠠᠷ ᠲᠤ ᠰᠤᠷᠭᠠᠨ ᠬᠦᠮᠦᠵᠢᠯ ᠬᠦᠷᠲᠡᠬᠦ ᠡᠷᠬᠡ ᠶᠢ ᠪᠠᠲᠤᠯᠠᠨ᠎ᠠ  ︵5︶ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠣᠯᠠᠨ ᠡᠰᠢᠵᠢᠭᠰᠡᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ  ︵6︶ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠨ᠎ᠡ    2.ᠳᠠᠯᠳᠠ ᠬᠦᠴᠦᠨ ᠲᠠᠢ ᠭᠠᠵᠠᠷ ᠣᠷᠣᠨ ᠤ ᠬᠤᠲᠠ ᠪᠠᠯᠭᠠᠰᠤᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ  ᠬᠦᠭᠵᠢᠯᠲᠡ ᠶᠢᠨ ᠴᠢᠭᠯᠡᠯ  ᠭᠤᠣᠯᠳᠠᠯᠭ᠎ᠠ ᠲᠠᠢ ᠬᠡᠰᠡᠭ᠄ ᠡᠾᠧᠪᠸᠢ ᠶᠢᠨ ᠲᠣᠮᠳᠠ ᠡᠮᠦᠨ᠎ᠡ ᠬᠡᠰᠡᠭ ᠂ ᠠᠨᠾᠦ᠋ᠢ ᠶᠢᠨ ᠬᠤᠶᠢᠨ᠎ᠠ ᠬᠡᠰᠡᠭ ᠂ ᠱᠠᠨᠳᠦ᠋ᠩ ᠤᠨ ᠪᠠᠷᠠᠭᠤᠨ ᠡᠮᠦᠨ᠎ᠡ ᠬᠡᠰᠡᠭ ᠂ ᠡᠾᠧᠨᠠᠨ ᠤ ᠵᠡᠭᠦᠨ ᠡᠮᠦᠨ᠎ᠡ ᠬᠡᠰᠡᠭ ᠂ ᠬᠤᠨᠠᠨ ᠤ ᠪᠠᠷᠠᠭᠤᠨ ᠡᠮᠦᠨ᠎ᠡ ᠬᠡᠰᠡᠭ ᠂ ᠭᠤᠸᠠᠩᠳᠦ᠋ᠩ ᠤᠨ ᠪᠠᠷᠠᠭᠤᠨ ᠬᠡᠰᠡᠭ ᠂ ᠰᠧᠴᠤᠸᠠᠨ ᠤ ᠵᠡᠭᠦᠨ ᠬᠡᠰᠡᠭ ᠵᠡᠷᠭᠡ ᠬᠤᠳᠠ ᠪᠠᠯᠭᠠᠰᠤᠵᠢᠯᠳᠠ ᠶᠢᠨ ᠲᠠᠯᠳᠠ ᠬᠦᠴᠦᠨ ᠨᠡᠯᠢᠶᠡᠳ ᠶᠡᠭᠡ ᠲᠦᠪᠯᠡᠷᠡᠭᠰᠡᠨ ᠵᠠᠯᠭᠠᠯᠳᠤᠭᠰᠠᠨ ᠬᠡᠰᠡᠭ ᠂ ᠬᠤᠳᠠ ᠪᠠᠯᠭᠠᠰᠤᠵᠢᠯᠳᠠ ᠶᠢᠨ ᠨᠤᠷᠮ᠎ᠠ ᠲᠤᠤᠷ᠎ᠠ ᠮᠦᠷᠳᠡᠭᠡᠨ ᠬᠦᠮᠦᠨ ᠠᠮᠠ ᠶᠢᠨ ᠬᠡᠪᠴᠢᠶ᠎ᠡ ᠪᠠᠷ ᠶᠡᠭᠡ ᠪᠤᠰᠣᠳ ᠰᠢᠶᠠᠨ ︵ᠬᠤᠳᠠ ᠂ ᠲᠤᠭᠤᠷᠢᠭ︶ ᠢ ᠬᠠᠮᠲᠤ ᠳᠤ ᠨᠢ ᠬᠠᠷᠠᠭᠠᠯᠵᠠᠨ᠎ᠠ  ᠴᠢᠭᠯᠡᠯ᠄ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠠ ᠬᠤᠳᠠ ᠪᠠᠯᠭᠠᠰᠤᠵᠢᠯᠳᠠ ᠶᠢᠨ ᠲᠠᠯ᠎ᠠ ᠪᠠᠷ ᠵᠤᠬᠢᠴᠠᠭᠤᠯᠤᠨ ᠠᠬᠢᠭᠤᠯᠤᠨ᠎ᠠ  ᠰᠢᠪᠲᠤᠯᠤᠯᠲᠠ ᠬᠢᠬᠦ ᠶᠢ ᠲᠦᠷᠭᠡᠳᠬᠡᠨ ᠂ ᠠᠵᠤ ᠦᠢᠯᠡᠰ ᠤᠨ ᠱᠠᠲᠤᠯᠢᠭ ᠪᠠᠶᠢᠷᠢᠯᠠᠭᠤᠯᠤᠯᠲᠠ ᠂ ᠬᠥᠮᠦᠨ ᠠᠮᠠ ᠶᠢᠨ ᠣᠶᠢᠷ᠎ᠠ ᠬᠠᠪᠢ ᠳᠤ ᠪᠠᠨ ᠠᠵᠢᠯ ᠣᠯᠬᠤ ᠂ ᠶᠡᠭᠡ ᠳᠤᠮᠳᠠ ᠪᠠᠭ᠎ᠠ ᠬᠤᠲᠠ ᠵᠣᠬᠢᠴᠠᠩᠭᠤᠶ ᠪᠠᠷ ᠬᠥᠭᠵᠢᠭᠰᠡᠨ ᠰᠠᠶᠢᠨ ᠲᠠᠯ᠎ᠠ ᠶᠢᠨ ᠬᠥᠳᠡᠯᠦᠯᠴᠡᠬᠦ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ ᠃  4 ᠵᠦᠢᠯ ᠤᠨ ᠭᠤᠣᠯᠳᠠᠯᠭ᠎ᠠ ᠲᠠᠢ ᠡᠭᠦᠷᠭᠡ  ︵1︶ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠤᠨ᠎ᠠ  ︵2︶ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠦᠨ ᠴᠢᠳᠠᠮᠵᠢ ᠶᠢ ᠨᠢ ᠥᠷᠭᠡᠳᠬᠡᠬᠦ ᠶᠢ ᠠᠬᠢᠭᠤᠯᠤᠨ᠎ᠠ  ︵3︶ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ  ︵4︶ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠨᠢ ᠴᠢᠩᠭᠠᠳᠬᠠᠨ᠎ᠠ    3.ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ  ᠬᠦᠭᠵᠢᠯᠲᠡ ᠶᠢᠨ ᠴᠢᠭᠯᠡᠯ  ︵1︶ ᠬᠡᠲᠦ ᠶᠡᠭᠡ ᠣᠨᠴᠠ ᠶᠡᠭᠡ ᠬᠤᠲᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠳᠦᠷᠭᠡᠳᠭᠡᠨ ᠬᠤᠪᠢᠷᠠᠭᠤᠯᠤᠨ᠎ᠠ  ︵2︶ ᠲᠥᠪ ᠬᠤᠲᠠ ᠳᠤ ᠲᠦᠰᠢᠭᠯᠡᠨ ᠡᠷᠭᠢᠨ ᠲᠣᠭᠤᠷᠢᠨ ᠤ ᠬᠤᠲᠠ  ᠰᠢᠶᠠᠨ ᠢ ᠳᠠᠶᠢᠴᠢᠯᠠᠵᠤ ᠬᠠᠮᠲᠤ ᠪᠠᠷ ᠬᠥᠭᠵᠢᠭᠦᠯᠦᠨ᠎ᠡ  ︵3︶ ᠨᠢᠭᠡ ᠪᠦᠯᠦᠭ ᠬᠤᠲᠠᠴᠢᠯᠠᠯᠲᠠ ᠶᠢᠨ ᠬᠡᠮᠵᠢᠶ᠎ᠡ ᠪᠠᠷ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠣᠶᠢᠵᠢᠭᠤᠯᠣᠨ᠎ᠠ  ︵4︶ ᠠᠵᠢᠯ ᠡᠭᠦᠷᠭᠡ ᠭᠦᠢᠴᠡᠳᠬᠡᠬᠦ ᠳᠤ ᠳᠥᠭᠦᠮ ᠳᠥᠲᠡ ᠥᠨᠳᠥᠷ ᠪᠦᠲᠦᠮᠵᠢᠲᠡᠶ ᠂ ᠠᠵᠤ ᠦᠢᠯᠡᠰ ᠢ ᠱᠠᠲᠤ ᠬᠤᠪᠢᠶᠠᠨ ᠢᠵᠢ ᠪᠦᠷᠢᠳᠦᠭᠦᠯᠬᠦ ᠂ ᠠᠮᠢᠳᠤᠷᠠᠯ ᠳᠤ ᠲᠥᠬᠦᠮ ᠦᠵᠡᠭᠦᠯᠵᠦ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ  ︵5︶ ᠶᠡᠭᠡ ᠳᠤᠮᠳᠠ ᠪᠠᠭ᠎ᠠ ᠬᠤᠲᠠ ᠶᠢ ᠪᠠᠭ᠎ᠠ ᠬᠤᠲᠠ ᠪᠠᠯᠭᠠᠰᠤ ᠲᠠᠢ ᠵᠣᠬᠢᠴᠠᠭᠤᠯᠤᠨ ᠬᠥᠭᠵᠢᠭᠦᠯᠬᠦ ᠂ ᠡᠷᠴᠢᠮᠵᠢᠭᠦᠯᠦᠭᠰᠡᠨ ᠠᠪᠴᠠᠯᠳᠤᠩᠭᠤᠢ ᠪᠠᠶᠢᠷᠢᠯᠠᠭᠤᠯᠤᠯᠲᠠ ᠶᠢ ᠪᠣᠢ ᠪᠣᠯᠭᠠᠬᠤ ᠶᠢ ᠬᠦᠲᠦᠯᠦᠨ ᠵᠢᠯᠤᠭᠤᠳᠤᠨ᠎ᠠ  4 ᠵᠦᠢᠯ ᠤᠨ ᠭᠤᠣᠯᠳᠠᠯᠭ᠎ᠠ ᠲᠠᠢ ᠡᠭᠦᠷᠭᠡ  ︵1︶ ᠬᠤᠲᠠ ᠶᠢᠨ ᠬᠤᠭᠤᠷᠣᠨᠳᠣᠬᠢ ᠠᠵᠢᠯ ᠳᠤ ᠭᠠᠷᠬᠤ ᠠᠰᠢᠭᠯᠠᠮᠵᠢ ᠶᠢ ᠳᠡᠭᠡᠭᠰᠢᠯᠡᠭᠦᠯᠦᠨ᠎ᠡ  ︵2︶ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ  ︵3︶ ᠵᠠᠬ᠎ᠠ ᠳᠡᠯᠭᠡᠭᠦᠷ ᠤᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ  ︵4︶ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ    4. ᠬᠤᠲᠠ ᠶᠢ ᠰᠢᠨᠡᠳᠭᠡᠬᠦ ᠪᠠ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ  ᠬᠦᠭᠵᠢᠯᠲᠡ ᠶᠢᠨ ᠴᠢᠭᠯᠡᠯ  ᠭᠤᠣᠯᠳᠠᠯᠭ᠎ᠠ᠄ ᠬᠥᠮᠦᠨ ᠠᠮᠠ ᠶᠢᠨ ᠬᠡᠪᠴᠢᠶ᠎ᠡ ᠪᠠᠷ ᠶᠡᠭᠡ ᠨᠢᠭᠲᠠᠴᠠ ᠶᠡᠬᠡᠲᠡᠢ ᠬᠤᠲᠠ ᠶᠢᠨ ᠭᠤᠣᠯ ᠲᠣᠭᠤᠷᠢᠭ ᠪᠠ ᠨᠥᠯᠥᠭᠡᠯᠡᠬᠦ ᠬᠡᠪᠴᠢᠶ᠎ᠡ ᠪᠠᠷ ᠥᠷᠭᠡᠨ ᠵᠠᠩᠭᠢᠯᠠᠭ᠎ᠠ ᠶᠢᠨ ᠬᠦᠷᠢᠶ᠎ᠡ  ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠬᠤᠳᠠ ᠶᠢᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠣᠨᠴᠠᠭᠠᠶᠢᠯᠠᠨ ᠬᠤᠳᠠ ᠶᠢᠨ ᠭᠠᠵᠠᠷ ᠳᠣᠣᠷᠠᠬᠢ ᠬᠤᠭᠤᠯᠠᠢ ᠭᠤᠤᠷᠰᠤ ᠶᠢᠨ ᠲᠣᠣᠷ ᠵᠡᠷᠭᠡ ︽ᠳᠣᠲᠣᠷ︾ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠵᠦ ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠂ ᠤᠶᠠᠨ ᠬᠠᠳᠠᠨ ᠴᠢᠨᠠᠷᠲᠠᠢ ᠂ ᠤᠶᠤᠨᠲᠤ ᠬᠤᠳᠠ ᠶᠢ ᠪᠦᠳᠦᠭᠡᠨ ᠪᠠᠶᠢᠭᠤᠯᠤᠨ᠎ᠠ ᠃  5 ᠵᠦᠢᠯ ᠤᠨ ᠭᠤᠣᠯᠳᠠᠯᠭ᠎ᠠ ᠲᠠᠢ ᠡᠭᠦᠷᠭᠡ  ︵1︶ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠵᠠᠰᠠᠵᠤ ᠰᠢᠨᠡᠳᠭᠡᠬᠦ ᠶᠢ ᠠᠬᠢᠭᠤᠯᠤᠨ᠎ᠠ  ︵2︶ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠂ ︽ᠡᠩ ᠤᠨ ᠪᠠ ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ︾ ᠣᠯᠠᠨ ᠨᠡᠶᠢᠲᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠂ ᠬᠤᠲᠠᠨ ᠳᠠᠬᠢ ᠲᠣᠰᠬᠤᠨ ᠢ ᠵᠠᠰᠠᠵᠤ ᠰᠢᠨᠡᠳᠭᠡᠬᠦ ᠶᠢ ᠲᠦᠷᠭᠡᠳᠬᠡᠨ ᠠᠬᠢᠭᠤᠯᠤᠨ᠎ᠠ  ︵3︶ ᠬᠤᠲᠠ ᠶᠢᠨ ᠦᠶᠡᠷ ᠤᠰᠤᠲᠤᠯ ᠤᠨ ᠵᠠᠰᠠᠯᠲᠠ ᠶᠢ ᠴᠢᠩᠭᠠᠳᠬᠠᠨ᠎ᠠ  ︵4︶ ᠬᠤᠲᠠ ᠶᠢᠨ ᠠᠮᠢ ᠨᠠᠰᠤᠨ ᠤ ᠱᠤᠭᠤᠮ ᠤᠨ ᠠᠶᠤᠯ ᠦᠭᠡᠢ ᠢᠨᠵᠧᠨᠧᠷᠢᠩ ᠢ ᠬᠡᠷᠡᠭᠵᠢᠭᠦᠯᠦᠨ᠎ᠡ  ︵5︶ ᠪᠤᠭᠢᠷᠲᠤᠯ ᠦᠭᠡᠢ ᠤᠶᠤᠨᠲᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠭᠢᠭᠤᠯᠤᠨ᠎ᠠ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ