ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2024/8/5
  7 ᠳ᠋ᠤᠭᠠᠷ ᠰᠠᠷ᠎ᠠ ᠶᠢᠨ 31 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠪᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠶᠠᠩ ᠭᠦᠸᠧ ᠷᠦᠢ ᠭᠤᠤᠯᠳᠠᠯᠭ᠎ᠠ ᠲᠠᠢ ᠦᠭᠡ ᠬᠡᠯᠡᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ ᠦᠭᠡ ᠬᠡᠯᠡᠪᠡ᠃  ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠶᠡᠷᠦᠩᠬᠡᠢ ᠲᠠᠶᠢᠴᠢᠯᠠᠯᠳᠠ᠂ ᠶᠡᠷᠦᠩᠬᠡᠢ ᠪᠠᠶᠢᠷᠢᠯᠠᠭᠤᠯᠤᠯᠲᠠ ᠪᠣᠯᠤᠨ᠎ᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡᠲᠦ ᠰᠠᠨᠠᠭᠠᠴᠢᠯᠠᠭ᠎ᠠ ᠪᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠶ ᠨᠠᠮ ᠤᠨ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠶ ᠣᠶᠢᠯᠠᠭᠠᠵᠤ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠭᠦᠨᠵᠡᠭᠡᠶ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ ᠦᠨᠳᠦᠰᠦᠨ ᠪᠠᠲᠤᠯᠠᠭ᠎ᠠ ᠶᠢ ᠪᠠᠲᠤ ᠡᠵᠡᠮᠳᠡᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃  ᠬᠤᠷᠠᠯ ᠠᠴᠠ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠡᠬᠦᠳᠡᠭ ᠴᠡᠭᠡᠵᠢᠨ ᠳᠤ ᠪᠠᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠨᠠᠮ ᠪᠣᠯᠤᠨ ᠤᠯᠤᠰ ᠤᠨ ᠶᠡᠭᠡ ᠲᠠᠯ᠎ᠠ ᠳᠤ ᠦᠢᠯᠡᠴᠢᠯᠡᠬᠦ ᠦᠨᠳᠦᠷᠴᠡ ᠠᠴᠠ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠷᠠᠳᠢᠣ᠋ ᠲᠧᠯᠸᠢᠰ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ︽ᠭᠤᠷᠪᠠᠨ ᠶᠡᠭᠡ ᠰᠢᠨᠵᠢ ᠴᠢᠨᠠᠷ︾ ᠢ ᠪᠠᠲᠤ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠬᠦ᠂ ᠰᠣᠶᠣᠯ ᠤᠨ ᠦᠢᠯᠡᠴᠢᠯᠡᠭᠡ ᠪᠣᠯᠤᠨ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠬᠦ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠬᠦᠯᠬᠦ᠂ ᠨᠡᠩ ᠪᠦᠲᠦᠮᠵᠢᠲᠡᠢ ᠤᠯᠠᠨ ᠤᠯᠤᠰ ᠤᠨ ᠳᠠᠮᠵᠢᠭᠤᠯᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠵᠡᠷᠭᠡ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠰᠢᠰᠲ᠋ᠧᠮ ᠲᠠᠢ ᠲᠥᠯᠥᠪᠵᠢᠭᠦᠯᠵᠦ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠴᠡᠭ ᠪᠠ ᠨᠡᠶᠢᠳᠡᠮ ᠢ ᠤᠶᠠᠯᠳᠤᠭᠤᠯᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠵᠡᠷᠭᠡ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠴᠢᠭᠯᠡᠯ ᠢ ᠰᠠᠶᠢᠲᠤᠷ ᠡᠵᠡᠮᠳᠡᠵᠦ᠂ ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠥᠭᠡᠷᠡᠴᠢᠯᠡᠯᠲᠡ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ ᠪᠠᠨ ᠬᠤᠪᠢᠷᠠᠭᠤᠯᠵᠤ᠂ ᠰᠡᠳᠬᠢᠬᠦᠶ ᠶᠢᠨ ᠢᠨᠧᠷᠼᠢ ᠴᠢᠨᠠᠷ ᠢᠶᠠᠨ ᠰᠠᠨᠠᠭᠠᠴᠢᠯᠠᠭ᠎ᠠ ᠠᠴᠠ ᠪᠠᠨ ᠠᠷᠢᠯᠭᠠᠵᠤ᠂ ᠬᠢᠬᠦ ᠶᠢ ᠪᠤᠳᠤᠵᠤ᠂ ᠵᠣᠷᠢᠭᠲᠠᠶ ᠪᠠᠷ ᠬᠢᠵᠦ᠂ ᠴᠢᠳᠠᠮᠠᠭᠠᠶ ᠪᠠᠷ ᠬᠢᠵᠦ᠂ ᠭᠤᠤᠯ ᠰᠡᠳᠦᠪ ᠲᠤ ᠰᠢᠭᠤᠳ ᠣᠷᠣᠵᠤ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠰᠢᠨᠵᠢᠯᠡᠬᠦ ᠤᠬᠠᠭᠠᠨᠴᠢ ᠠᠷᠭ᠎ᠠ ᠪᠣᠯᠤᠨ ᠪᠦᠲᠦᠮᠵᠢᠲᠡᠢ ᠲᠣᠭᠲᠠᠴᠠ ᠪᠠᠷ ᠥᠭᠡᠷᠡᠴᠢᠯᠡᠯᠲᠡ ᠶᠢ ᠠᠬᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠬᠥᠨᠳᠡᠯᠡᠨ ᠴᠢᠭᠯᠡᠯ ᠢᠶᠠᠷ ᠤᠯᠠᠨ ᠰᠠᠯᠠᠭ᠎ᠠ ᠮᠥᠴᠢᠷ ᠬᠠᠮᠵᠢᠯᠴᠠᠬᠤ᠂ ᠭᠤᠯᠳᠤ ᠴᠢᠭᠯᠡᠯ ᠢᠶᠠᠷ ᠪᠦᠬᠦ ᠬᠡᠯᠬᠢᠶ᠎ᠡ ᠪᠠᠷ ᠳᠠᠶᠢᠴᠢᠯᠠᠬᠤ᠂ ᠪᠦᠬᠦ ᠶᠠᠪᠤᠴᠠ ᠶᠢ ᠴᠢᠩᠭ᠎ᠠ ᠪᠣᠳᠠᠲᠠᠢ ᠠᠳᠬᠤᠬᠤ ᠶᠢ ᠪᠠᠷᠢᠮᠲᠠᠯᠠᠵᠤ᠂ ︽ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠵᠦ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠯᠠᠪᠳᠠᠭᠤᠨ ᠪᠠᠲᠤᠲᠠᠢ ᠠᠬᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠡᠭᠦᠷᠭᠡ ᠪᠣᠯᠤᠨ ᠴᠢᠬᠤᠯᠠ ᠶᠡᠭᠡ ᠠᠵᠢᠯ ᠢ ᠨᠢᠭᠡᠳ ᠨᠢᠭᠡ ᠪᠠᠷ ᠰᠠᠶᠢᠲᠤᠷ ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ᠂ ᠰᠢᠭᠤᠳ ᠬᠠᠷᠢᠶ᠎ᠠ ᠡᠯ᠎ᠡ ᠨᠢᠭᠡᠴᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠳ ᠰᠤᠷᠤᠯᠴᠠᠯᠭ᠎ᠠ ᠶᠢᠨ ᠬᠤᠷᠠᠯ ᠳᠤ ᠰᠤᠯᠠ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ