ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠲᠧᠯᠸᠢᠰ ᠤᠨ ᠲᠣᠮᠣ ᠳᠡᠯᠭᠡᠴᠡ ᠶᠢᠨ ᠠᠭᠤᠯᠭ᠎ᠠ ᠶᠢ ᠪᠠᠶᠠᠯᠢᠭᠵᠢᠭᠤᠯᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/7
  8 ᠳ᠋ᠤᠭᠠᠷ ᠰᠠᠷ᠎ᠠ ᠶᠢᠨ 1 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ︽ᠲᠧᠯᠸᠢᠰ ᠤᠨ ᠲᠣᠮᠣ ᠳᠡᠯᠭᠡᠴᠡ ᠶᠢᠨ ᠠᠭᠤᠯᠭ᠎ᠠ ᠶᠢ ᠪᠠᠶᠠᠯᠢᠭᠵᠢᠭᠤᠯᠵᠤ ᠠᠷᠠᠳ ᠣᠯᠠᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠪᠠ᠃  ︽ᠰᠠᠨᠠᠯ ︵ᠲᠤᠷᠰᠢᠨ ᠬᠡᠷᠡᠭᠵᠢᠭᠦᠯᠬᠦ︶︾ ᠠᠴᠠ᠂ ᠲᠧᠯᠸᠢᠰ ᠤᠨ ᠲᠤᠮᠤ ᠳᠡᠯᠭᠡᠴᠡ ᠶᠢᠨ ᠠᠭᠤᠯᠭ᠎ᠠ ᠶᠢ ᠪᠠᠶᠠᠯᠢᠭᠵᠢᠭᠤᠯᠬᠤ ᠪᠣᠯ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠷᠠᠳᠢᠣ᠋ ᠲᠧᠯᠸᠢᠰ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠪᠠᠷᠢᠮᠲᠠᠯᠠᠬᠤ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠰᠢᠨ᠎ᠡ ᠶᠢ ᠡᠭᠦᠳᠬᠦ ᠠᠭᠤᠰᠤᠯᠴᠠᠨ ᠬᠥᠭᠵᠢᠬᠦ ᠠᠭᠤᠯᠭ᠎ᠠ᠂ ᠴᠢᠳᠠᠪᠤᠷᠢᠲᠠᠨ᠂ ᠡᠬᠢ ᠪᠠᠶᠠᠯᠢᠭ᠂ ᠠᠷᠭ᠎ᠠ ᠵᠠᠮ ᠤᠨ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ᠂ ᠲᠧᠯᠸᠢᠰ ᠤᠨ ᠲᠣᠮᠣ ᠳᠡᠯᠭᠡᠴᠡ ᠶᠢᠨ ᠠᠭᠤᠯᠭ᠎ᠠ ᠶᠢ ᠵᠣᠬᠢᠶᠠᠨ ᠪᠦᠲᠦᠭᠡᠵᠦ ᠨᠡᠪᠲᠡᠷᠡᠭᠦᠯᠬᠦ ᠠᠮᠢᠵᠢᠷᠠᠯ ᠤᠨ ᠬᠦᠴᠦᠨ ᠪᠣᠯᠤᠨ ᠦᠵᠡᠭᠴᠢᠳ ᠢ ᠲᠠᠲᠠᠬᠤ ᠬᠦᠴᠦᠨ ᠢ ᠴᠢᠩᠭᠠᠳᠬᠠᠵᠤ᠂ ᠲᠣᠮᠣ ᠳᠡᠯᠭᠡᠴᠡ ᠶᠢ ᠭᠦᠨᠵᠡᠭᠡᠢ ᠠᠭᠤᠰᠤᠯᠴᠠᠭᠤᠯᠬᠤ᠂ ᠬᠠᠮᠵᠢᠯᠴᠠᠨ ᠬᠥᠭᠵᠢᠭᠦᠯᠬᠦ᠂ ᠬᠠᠮᠲᠤ ᠪᠠᠷ ᠠᠰᠢᠭ ᠬᠦᠷᠳᠡᠬᠦ ᠶᠢ ᠠᠬᠢᠭᠤᠯᠵᠤ᠂ ᠨᠠᠮ ᠤᠨ ᠳᠠᠭᠤᠨ ᠢ ᠨᠡᠩ ᠰᠠᠶᠢᠲᠤᠷ ᠳᠠᠮᠵᠢᠭᠤᠯᠵᠤ᠂ ᠠᠷᠠᠳ ᠤᠯᠠᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠳᠤ ᠠᠰᠢᠭᠲᠠᠢ ᠭᠡᠵᠦ ᠵᠢᠭᠠᠵᠤ ᠭᠠᠷᠭᠠᠪᠠ᠃  ︽ᠰᠠᠨᠠᠯ ︵ᠲᠤᠷᠰᠢᠨ ᠬᠡᠷᠡᠭᠵᠢᠭᠦᠯᠬᠦ︶︾ ᠠᠴᠠ ᠂ ᠲᠧᠯᠸᠢᠰ ᠤᠨ ᠲᠣᠮᠣ ᠳᠡᠯᠭᠡᠴᠡ ᠶᠢᠨ ᠴᠢᠨᠠᠷ ᠰᠠᠶᠢᠲᠠᠢ ᠠᠭᠤᠯᠭ᠎ᠠ ᠶᠢᠨ ᠰᠢᠨ᠎ᠡ ᠶᠢ ᠡᠭᠦᠳᠬᠦ ᠪᠠ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠣᠨᠢᠨ ᠮᠡᠳᠡᠭᠡᠨ ᠤ ᠲᠠᠪᠴᠠᠩ ᠪᠠᠶᠢᠭᠤᠯᠬᠤ ᠶᠢ ᠴᠢᠩᠭᠠᠷᠠᠭᠤᠯᠵᠤ᠂ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠰᠣᠨᠢᠨ ᠮᠡᠳᠡᠭᠡᠨ ᠤ ᠫᠷᠤᠭ᠍ᠷᠠᠮ ᠢ ᠪᠠᠶᠢᠭᠤᠯᠤᠨ᠎ᠠ︔ ᠲᠧᠯᠸᠢᠰ ᠤᠨ ᠲᠣᠮᠣ ᠳᠡᠯᠭᠡᠴᠡ ᠶᠢᠨ ᠫᠷᠤᠭ᠍ᠷᠠᠮ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠲᠧᠯᠸᠢᠰ ᠤᠷᠠᠨ ᠰᠠᠶᠢᠬᠠᠨ ᠤ ᠫᠷᠤᠭ᠍ᠷᠠᠮ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ︔ ᠵᠣᠬᠢᠶᠠᠨ ᠪᠦᠲᠦᠭᠡᠬᠦ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠲᠧᠯᠸᠢᠰ ᠤᠨ ᠫᠷᠤᠭ᠍ᠷᠠᠮ ᠤᠨ ᠰᠢᠨ᠎ᠡ ᠤᠷᠤᠯᠳᠤᠭᠠᠨ ᠤ ᠵᠠᠮ ᠨᠡᠭᠡᠭᠡᠬᠦ ᠶᠢ ᠬᠥᠲᠥᠯᠥᠨ ᠵᠢᠯᠣᠭᠤᠳᠤᠨ᠎ᠠ︔ ᠲᠧᠯᠸᠢᠰ ᠤᠨ ᠠᠭᠤᠯᠭ᠎ᠠ ᠶᠢ ᠬᠤᠯᠪᠣᠭᠠᠯᠠᠨ ᠦᠢᠯᠡᠳᠴᠦ ᠬᠤᠯᠪᠣᠭᠠᠯᠠᠨ ᠨᠡᠪᠲᠡᠷᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ︔ ᠬᠥᠨᠳᠡᠯᠡᠨ ᠢᠶᠠᠷ ᠬᠤᠯᠪᠣᠭᠠᠯᠠᠬᠤ ᠶᠢ ᠴᠢᠩᠭᠠᠳᠬᠠᠵᠤ᠂ ᠴᠢᠨᠠᠷ ᠰᠠᠶᠢᠲᠠᠶ ᠡᠬᠢ ᠪᠠᠶᠠᠯᠢᠭ ᠤᠨ ᠲᠣᠬᠢᠷᠠᠭᠤᠯᠤᠯᠲᠠ ᠶᠢ ᠠᠬᠢᠭᠤᠯᠤᠨ᠎ᠠ︔ ᠰᠢᠯᠢᠳᠡᠭ ᠪᠦᠲᠦᠭᠡᠯ ᠢ ᠰᠠᠶᠢᠨ ᠴᠠᠭ ᠦᠶ᠎ᠡ᠂ ᠰᠠᠶᠢᠨ ᠲᠠᠪᠴᠠᠩ ᠳᠤ ᠣᠷᠣᠭᠤᠯᠬᠤ ᠶᠢ ᠪᠠᠷᠢᠮᠲᠠᠯᠠᠵᠤ᠂ ᠪᠣᠳᠠᠲᠤ ᠰᠡᠳᠦᠪ ᠢ ᠵᠣᠬᠢᠶᠠᠨ ᠪᠦᠲᠦᠭᠡᠬᠦ ᠪᠠ ᠨᠡᠪᠲᠡᠷᠡᠭᠦᠯᠬᠦ ᠵᠠᠷᠴᠢᠮ ᠢ ᠶᠡᠭᠡ ᠪᠠᠷ ᠰᠠᠨᠠᠭᠠᠴᠢᠯᠠᠵᠤ ᠂ ᠲᠧᠯᠸᠢᠰ ᠵᠦᠴᠦᠭᠡ ᠨᠡᠪᠲᠡᠷᠡᠭᠦᠯᠬᠦ ᠶᠢ ᠲᠣᠬᠢᠷᠠᠭᠤᠯᠤᠨ ᠡᠵᠡᠮᠳᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠣᠯᠠᠨ ᠣᠳᠣ ᠬᠤᠯᠪᠣᠭᠠᠯᠠᠨ ᠨᠡᠪᠲᠡᠷᠡᠭᠦᠯᠬᠦ︾ ᠶᠢ ᠵᠥᠪᠰᠢᠶᠡᠷᠡᠨ᠎ᠡ ︔ ᠲᠧᠯᠸᠢᠰ ᠬᠤᠷᠢᠶ᠎ᠠ ᠶᠢᠨ ᠬᠤᠯᠪᠣᠭᠠᠯᠠᠨ ᠨᠡᠪᠲᠡᠷᠡᠭᠦᠯᠬᠦ ᠶᠢ ᠴᠢᠩᠭᠠᠳᠬᠠᠬᠤ ᠶᠢ ᠵᠢᠯᠣᠭᠤᠳᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ︽ᠰᠠᠨᠠᠯ ︵ᠲᠤᠷᠰᠢᠨ ᠬᠡᠷᠡᠭᠵᠢᠭᠦᠯᠬᠦ︶︾ ᠠᠴᠠ᠂ ᠰᠦᠯᠵᠢᠶᠡᠨ ᠤ ᠦᠵᠡᠵᠦ ᠰᠣᠨᠣᠰᠬᠤ ᠰᠢᠯᠢᠳᠡᠭ ᠪᠦᠲᠦᠭᠡᠯ ᠢ ᠲᠧᠯᠸᠢᠰ ᠤᠨ ᠲᠣᠮᠣ ᠳᠡᠯᠭᠡᠴᠡ ᠳᠤ ᠨᠡᠪᠲᠡᠷᠡᠭᠦᠯᠬᠦ ᠶᠢ ᠠᠬᠢᠭᠤᠯᠬᠤ ᠬᠡᠷᠡᠭᠲᠡᠶ᠃ ᠰᠦᠯᠵᠢᠶᠡᠨ ᠤ ᠦᠵᠡᠵᠦ ᠰᠣᠨᠣᠰᠬᠤ ᠰᠢᠯᠢᠳᠡᠭ ᠫᠷᠤᠭ᠍ᠷᠠᠮ ᠲᠠᠨᠢᠯᠴᠠᠭᠤᠯᠬᠤ ᠳᠡᠯᠭᠡᠨ ᠨᠡᠪᠲᠡᠷᠡᠭᠦᠯᠬᠦ ᠲᠣᠭᠲᠠᠴᠠ ᠶᠢ ᠪᠠᠶᠢᠭᠤᠯᠵᠤ᠂ ᠲᠧᠯᠸᠢᠰ ᠰᠦᠯᠵᠢᠶ᠎ᠡ ᠪᠠᠷ ᠥᠷᠭᠡᠨ ᠢᠶᠠᠷ ᠬᠠᠮᠵᠢᠯᠴᠠᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠲᠥᠷᠥᠯ ᠵᠦᠢᠯ ᠢᠶᠠᠷ ᠳᠡᠮᠵᠢᠨ ᠬᠤᠷᠢᠶ᠎ᠠ ᠰᠦᠯᠵᠢᠶ᠎ᠡ ᠪᠠᠷ ᠳᠠᠮᠵᠢᠭᠤᠯᠤᠨ ᠬᠤᠯᠪᠣᠭᠠᠯᠠᠨ ᠦᠢᠯᠡᠳᠴᠦ ᠬᠤᠯᠪᠣᠭᠠᠯᠠᠨ ᠨᠡᠪᠲᠡᠷᠡᠭᠦᠯᠬᠦ ᠶᠢ ᠴᠢᠩᠭᠠᠳᠬᠠᠵᠤ᠂ ᠰᠢᠯᠢᠳᠡᠭ ᠰᠦᠯᠵᠢᠶᠡᠨ ᠤ ᠵᠦᠴᠦᠭᠡ᠂ ᠰᠦᠯᠵᠢᠶᠡᠨ ᠤ ᠺᠢᠨᠣ᠋᠂ ᠰᠦᠯᠵᠢᠶᠡᠨ ᠤ ᠪᠠᠷᠢᠮᠲᠠᠲᠤ ᠺᠢᠨᠣ᠋᠂ ᠰᠦᠯᠵᠢᠶᠡᠨ ᠤ ᠺᠠᠷᠲ᠋ᠣᠨ ᠺᠢᠨᠣ᠋᠂ ᠰᠦᠯᠵᠢᠶᠡᠨ ᠤ ᠶᠡᠷᠦᠩᠬᠡᠶᠢᠯᠡᠭᠰᠡᠨ ᠤᠷᠠᠯᠢᠭ ᠤᠨ ᠰᠣᠶᠣᠯ ᠤᠨ ᠫᠷᠤᠭ᠍ᠷᠠᠮ ᠤᠨ ᠡᠬᠢ ᠪᠠᠶᠠᠯᠢᠭ ᠢ ᠲᠧᠯᠸᠢᠰ ᠤᠨ ᠲᠣᠮᠣ ᠳᠡᠯᠭᠡᠴᠡ ᠪᠠᠷ ᠨᠡᠪᠲᠡᠷᠡᠭᠦᠯᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃  ︽ᠰᠠᠨᠠᠯ ︵ᠲᠤᠷᠰᠢᠨ ᠬᠡᠷᠡᠭᠵᠢᠭᠦᠯᠬᠦ︶︾ ᠠᠴᠠ᠂ ᠬᠢᠯᠢ ᠶᠢᠨ ᠭᠠᠳᠠᠨᠠᠬᠢ ᠫᠷᠤᠭ᠍ᠷᠠᠮ ᠢ ᠨᠢᠭᠡᠳᠦᠯᠲᠡᠶ ᠲᠥᠯᠥᠪᠯᠡᠨ ᠨᠡᠪᠲᠡᠷᠡᠭᠦᠯᠬᠦ ᠬᠡᠷᠡᠭᠲᠡᠶ᠃ ᠬᠢᠯᠢ ᠶᠢᠨ ᠭᠠᠳᠠᠨᠠᠬᠢ ᠰᠢᠯᠢᠳᠡᠭ ᠺᠢᠨᠣ᠋ ᠲᠧᠯᠸᠢᠰ ᠵᠦᠴᠦᠭᠡ᠂ ᠺᠠᠷᠲ᠋ᠣᠨ ᠺᠢᠨᠣ᠋᠂ ᠪᠠᠷᠢᠮᠲᠠᠲᠤ ᠺᠢᠨᠣ᠋ ᠵᠡᠷᠭᠡ ᠨᠡᠪᠲᠡᠷᠡᠭᠦᠯᠭᠡ ᠶᠢ ᠰᠣᠩᠭᠤᠨ ᠲᠧᠯᠸᠢᠰ ᠤᠨ ᠲᠣᠮᠣ ᠳᠡᠯᠭᠡᠴᠡ ᠳᠤ ᠭᠠᠷᠭᠠᠵᠤ ᠂ ︽ᠪᠠᠢ ᠢᠦᠢ ᠯᠠᠨ ᠱᠠᠩᠨᠠᠯ︾᠂ ︽ᠠᠯᠲᠠᠨ ᠮᠠᠯᠤᠷ ᠥᠳᠡᠭᠡ ᠱᠠᠩᠨᠠᠯ︾ ᠵᠡᠷᠭᠡ ᠲᠧᠯᠸᠢᠰ ᠤᠨ ᠱᠠᠩᠨᠠᠯ ᠣᠯᠣᠭᠰᠠᠨ ᠬᠢᠯᠢ ᠶᠢᠨ ᠭᠠᠳᠠᠨᠠᠬᠢ ᠫᠷᠤᠭ᠍ᠷᠠᠮ ᠢ ᠣᠷᠣᠭᠤᠯᠤᠨ ᠠᠪᠴᠢᠷᠠᠵᠤ ᠨᠡᠪᠲᠡᠷᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ︽ᠰᠠᠨᠠᠯ ︵ᠲᠤᠷᠰᠢᠨ ᠬᠡᠷᠡᠭᠵᠢᠭᠦᠯᠬᠦ︶︾ ᠠᠴᠠ᠂ ᠪᠦᠬᠦ ᠤᠯᠤᠰ ᠢᠶᠠᠷ ᠢᠶᠠᠨ ᠬᠠᠮᠵᠢᠯᠴᠠᠬᠤ ᠶᠢ ᠪᠠᠷᠢᠮᠲᠠᠯᠠᠵᠤ᠂ ᠰᠢᠯᠢᠳᠡᠭ ᠪᠦᠲᠦᠭᠡᠯ ᠤᠨ ᠨᠥᠯᠥᠭᠡᠯᠡᠬᠦ ᠬᠦᠴᠦᠨ ᠢ ᠨᠢᠭᠡ ᠴᠤᠬᠴᠠᠵᠢᠭᠤᠯᠤᠨ ᠤᠬᠠᠭᠤᠯᠤᠨ ᠲᠠᠨᠢᠯᠴᠠᠭᠤᠯᠬᠤ ᠬᠡᠷᠡᠭᠲᠡᠢ᠃ ︽ᠬᠡᠮᠡᠷᠯᠢᠭ ᠴᠡᠭᠡᠨ ᠳᠡᠯᠭᠡᠴᠡ ᠶᠢᠨ ᠭᠤᠶᠢᠳᠠ ᠰᠠᠶᠢᠬᠠᠨ ᠦᠵᠡᠵᠦ ᠰᠣᠨᠣᠰᠬᠤ — ᠰᠢᠯᠢᠳᠡᠭ ᠫᠷᠤᠭ᠍ᠷᠠᠮ ᠨᠡᠶᠢᠲᠡᠯᠡᠬᠦ ᠠᠵᠢᠯᠯᠠᠭ᠎ᠠ︾ ᠪᠠ ︽ᠨᠢᠭᠡ ᠭᠠᠷᠠᠭ ᠤᠨ ᠬᠠᠷᠠᠭᠠᠨ ᠴᠡᠭ︾ ᠤᠨ ᠲᠧᠯᠸᠢᠰ ᠤᠨ ᠲᠠᠨᠢᠯᠴᠠᠭᠤᠯᠬᠤ ᠹᠢᠯᠢᠮ ᠢ ᠭᠠᠷᠭᠠᠵᠤ᠂ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠯᠢᠳᠡᠭ ᠷᠠᠳᠢᠣ᠋ ᠲᠧᠯᠸᠢᠰ ᠤᠨ ᠫᠷᠤᠭ᠍ᠷᠠᠮ ᠢ ᠪᠠᠶᠢᠩᠭᠤᠵᠢᠭᠤᠯᠤᠨ ᠤᠬᠠᠭᠤᠯᠤᠨ ᠳᠡᠯᠭᠡᠷᠡᠭᠦᠯᠵᠦ᠂ ᠠᠷᠠᠳ ᠣᠯᠠᠨ ᠳᠤ ᠭᠥᠯᠢᠶᠡᠨ ᠠᠪᠴᠤ ᠰᠣᠨᠣᠰᠬᠤ ᠭᠥᠯᠢᠶᠡᠨ ᠠᠪᠴᠤ ᠦᠵᠡᠬᠦ ᠦᠢᠯᠡᠴᠢᠯᠡᠭᠡ ᠶᠢ ᠬᠠᠩᠭᠠᠨ᠎ᠠ᠃ ᠲᠧᠯᠸᠢᠰ ᠤᠨ ᠲᠣᠮᠣ ᠳᠡᠯᠭᠡᠴᠡ ᠶᠢᠨ ᠠᠭᠤᠯᠭ᠎ᠠ ᠶᠢᠨ ᠨᠡᠪᠲᠡᠷᠡᠭᠦᠯᠭᠡ  ᠪᠠᠷ ᠤᠳᠤᠷᠢᠳᠤᠮᠵᠢ ᠪᠣᠯᠭᠠᠵᠤ᠂ ᠬᠠᠤᠯᠢ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠷᠠᠳᠢᠣ᠋ ᠲᠧᠯᠸᠢᠰ ᠤᠨ ᠲᠣᠪᠴᠢᠶ᠎ᠠ᠂ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠲᠧᠯᠸᠢᠰ ᠵᠦᠴᠦᠭᠡ ᠦᠢᠯᠡᠳᠬᠦ ᠠᠵᠤ ᠦᠢᠯᠡᠰ ᠤᠨ ᠨᠡᠶᠢᠭᠡᠮᠯᠢᠭ᠂ ᠳᠤᠮᠳᠠᠳᠤ ᠤᠯᠤᠰ ᠤᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ  ᠤ ᠨᠡᠶᠢᠭᠡᠮᠯᠢᠭ ᠵᠡᠷᠭᠡ ᠨᠢᠭᠡᠴᠢ ᠶᠢᠨ ︽ᠰᠠᠨᠠᠯ︾ ᠤᠨ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠲᠧᠯᠸᠢᠰ ᠤᠨ ᠲᠣᠮᠣ ᠳᠡᠯᠭᠡᠴᠡ ᠶᠢᠨ ᠠᠭᠤᠯᠭ᠎ᠠ ᠶᠢᠨ ᠬᠠᠩᠭᠠᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠠᠷᠠᠳ ᠣᠯᠠᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠪᠣᠯᠣᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ