| | | | | | ᠰᠢᠷ᠎ᠠ ᠲᠠᠩᠭᠢᠰ ᠤᠨ ᠬᠥᠪᠡᠭᠡᠨ᠎ᠡ ᠂ ᠱᠠᠨᠳᠦ᠋ᠩ ᠤᠨ ᠿᠢ ᠵᠤᠤ ᠳᠤ᠂ ᠪᠠᠷᠤᠭ 28 ᠺᠢᠯᠣᠮᠧᠲᠷ ᠤᠷᠲᠤ ᠳᠠᠯᠠᠢ ᠶᠢᠨ ᠡᠷᠭᠢ ᠶᠢᠨ ᠨᠣᠭᠤᠭᠠᠨ ᠵᠠᠮ ᠡᠮᠦᠨ᠎ᠡ ᠤᠮᠠᠷ᠎ᠠ ᠶᠢ | ᠰᠤᠨᠳᠠᠯᠠᠨ᠎ᠠ ᠃ ︽ᠠᠮᠢ ᠠᠬᠤᠶ ᠣᠷᠴᠢᠨ ᠲᠣᠭᠤᠷᠢᠨ ᠢ ᠰᠠᠶᠢᠨ ᠪᠠᠶᠢᠯᠭᠠᠬᠤ ᠠᠷᠠᠳ ᠣᠯᠠᠨ ᠳᠤ ᠵᠢᠩᠬᠢᠨᠢ ᠵᠣᠯ ᠵᠢᠷᠭᠠᠯ ᠢ ᠨᠡᠮᠡᠭᠳᠡᠭᠦᠯᠦᠭᠰᠡᠨ ᠳᠤ ᠲᠣᠭᠠᠴᠠᠨ᠎ᠠ ᠃ ᠰᠠᠶᠢᠨ | ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠵᠤ ᠬᠠᠮᠠᠭᠠᠯᠠᠬᠤ ᠳᠤ ᠬᠠᠮᠲᠤ ᠪᠠᠷ ᠣᠷᠣᠯᠴᠠᠵᠠᠭᠠᠶ᠎ᠠ ᠃ ︾ ᠡᠨᠡ ᠵᠢᠯ ᠤᠨ 5 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ | ᠶᠢᠨ ᠫᠢᠩ ᠠᠳᠡ ᠰᠢᠨᠵᠢᠯᠡᠨ ᠪᠠᠶᠢᠴᠠᠭᠠᠬᠤ ᠳᠤ ᠪᠠᠨ ᠢᠩᠭᠢᠵᠦ ᠴᠢᠬᠤᠯᠠᠴᠢᠯᠠᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ᠲᠣᠭᠲᠠᠭᠠᠯ︾ ᠳᠤ᠄ ︽ᠡᠷᠬᠡᠪᠰᠢ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ ᠶᠢ ᠠᠵᠤ ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ ᠬᠥᠬᠡᠮᠳᠦᠭ | ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ ᠣᠨᠣᠯᠵᠢᠬᠤᠨ ᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠢ︾ ᠭᠡᠵᠦ ᠳᠤᠷᠠᠳᠴᠠᠢ᠃ | ᠡᠨᠡ ᠪᠣᠯ ᠬᠥᠬᠡᠮᠳᠦᠭ ᠨᠣᠭᠤᠭᠠᠨ ᠠᠭᠤᠯᠠ ᠤᠰᠤᠨ ᠤ ᠪᠠᠶᠢᠭᠠᠯᠢ ᠠᠬᠤᠢ ᠳᠤ ᠪᠢᠴᠢᠭᠳᠡᠭᠰᠡᠨ ᠦᠵᠡᠰᠬᠦᠯᠡᠩᠲᠦ ᠰᠠᠶᠢᠬᠠᠨ ᠬᠠᠷᠢᠭᠤᠯᠲᠠ — | ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ | ᠥᠨᠢᠳᠡ ᠶᠢᠨ ᠬᠥᠭᠵᠢᠯᠲᠡ ᠳᠤ ᠬᠤᠯᠪᠣᠭᠳᠠᠭᠰᠠᠨ ᠦᠨᠳᠦᠰᠦᠨ ᠶᠡᠭᠡ ᠪᠤᠳᠤᠯᠭ᠎ᠠ ᠪᠣᠯᠭᠠᠵᠤ᠂ ᠠᠯᠢ ᠤᠯᠠᠨ ᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ᠂ ᠵᠣᠷᠢᠭ ᠂ | ᠡᠷᠴᠢᠮ ᠪᠠ ᠪᠦᠲᠦᠮᠵᠢ ᠶᠢᠨ ᠭᠤᠷᠮᠤᠰᠤᠨ ᠲᠠᠯ᠎ᠠ ᠪᠠᠷ ᠤᠷᠢᠳ ᠡᠮᠦᠨ᠎ᠡ ᠭᠠᠷᠤᠭ᠎ᠠ ᠦᠭᠡᠢ ᠶᠡᠭᠡ ᠲᠦᠪᠰᠢᠨ ᠳᠤ ᠬᠦᠷᠭᠡᠵᠦ ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠤᠨᠤᠯ ᠪᠠ ᠦᠢᠯᠡᠳᠦᠯᠭᠡ ᠨᠢ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃︾ ︽ᠰᠢᠷᠭᠠᠭᠤ ᠴᠢᠷᠮᠠᠶᠢᠯᠭ᠎ᠠ ᠪᠠᠷ ᠳᠠᠮᠵᠢᠭᠠᠳ᠂ | ᠮᠠᠨ ᠤ ᠤᠯᠤᠰ ᠤᠨ ᠲᠩᠷᠢ ᠨᠢ ᠨᠡᠩ ᠴᠡᠯᠮᠡᠭ᠂ ᠭᠠᠵᠠᠷ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ ᠪᠣᠯᠵᠤ ᠂ ᠲᠦᠮᠡᠨ ᠭᠠᠵᠠᠷ ᠢ ᠰᠤᠨᠳᠠᠯᠠᠭᠰᠠᠨ ᠠᠭᠤᠯᠠ ᠭᠤᠣᠯ | ᠨᠢ ᠨᠡᠩ ᠭᠤᠶᠣ ᠪᠣᠯᠵᠠᠢ᠃︾ | ᠡᠨᠡ ᠪᠣᠯ ᠢᠷᠡᠭᠡᠳᠦᠢ ᠳᠤ ᠬᠠᠨᠳᠤᠭᠤᠯᠤᠭᠰᠠᠨ ᠲᠥᠪ ᠴᠢᠩᠭ᠎ᠠ ᠲᠤᠩᠬᠠᠭ — | ︽ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦᠶᠢᠴᠡ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠮᠢ | ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ ᠂ ᠠᠮᠢ ᠠᠬᠤᠢ ᠶᠢ ᠬᠠᠮᠠᠭᠠᠯᠠᠨ ᠥᠨᠵᠢᠭᠦᠯᠦᠨ ᠰᠡᠷᠭᠦᠭᠡᠬᠦ ᠶᠢᠨ ᠬᠢᠨᠠᠯᠲᠠ ᠬᠠᠮᠢᠶᠠᠷᠤᠯᠲᠠ ᠪᠠᠨ | ᠦᠨᠡᠨ ᠬᠦ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠤᠰᠤ ᠪᠣᠯᠭᠠᠬᠤ ᠵᠠᠮ ᠢ ᠥᠷᠭᠡᠳᠬᠡᠵᠦ᠂ ᠦᠷ᠎ᠡ ᠬᠤᠶᠢᠴᠢᠰ ᠲᠤ ᠪᠠᠨ | ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠯᠡᠳᠡᠭᠡᠶ᠎ᠡ᠃ ︾ | ᠣᠳᠣᠬᠠᠨ ᠳᠤ ᠪᠠᠨ ᠰᠠᠭᠤᠷᠢᠯᠠᠬᠤ ᠮᠥᠷᠲᠡᠭᠡᠨ ᠢᠷᠡᠭᠡᠳᠦᠢ ᠪᠠᠨ ᠴᠦ ᠲᠥᠯᠥᠪᠯᠡᠵᠡᠭᠡᠶᠡ ᠃ | ᠤᠳᠠᠭ᠎ᠠ ᠪᠦᠷᠢ ᠶᠢᠨ ᠰᠢᠨᠵᠢᠯᠡᠨ ᠪᠠᠶᠢᠴᠠᠭᠠᠯᠲᠠ ᠪᠣᠯᠣᠨ ᠴᠢᠬᠤᠯᠠ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ | ᠥᠨᠢᠳᠡ ᠶᠢᠨ ᠬᠥᠭᠵᠢᠯᠲᠡ ᠳᠤ ᠠᠯᠤᠰ ᠤᠨ ᠪᠣᠳᠣᠯᠭ᠎ᠠ ᠭᠠᠷᠭᠠᠪᠠ ᠃ | ︽ᠤᠢ ᠰᠢᠭᠤᠢ ᠶᠢ ᠪᠢᠳᠡ ᠡᠪᠦᠭᠡ ᠳᠡᠭᠡᠳᠦᠰ ᠠᠴᠠ ᠪᠠᠨ ᠵᠠᠯᠭᠠᠮᠵᠢᠯᠠᠭᠰᠠᠨ ᠶᠤᠮ᠂ ᠦᠷ᠎ᠡ ᠬᠤᠶᠢᠴᠢᠰ ᠲᠤ ᠪᠠᠨ ᠤᠯᠠᠮᠵᠢᠯᠠᠬᠤ ᠨᠢ ᠠᠯᠢᠨ ᠳᠤ ᠨᠢ ᠴᠤ ᠣᠰᠣᠯᠳᠠᠮᠠᠷ | ᠦᠭᠡᠢ ᠶᠤᠮ ᠃ ︾ ᠭᠡᠵᠦ 2014 ᠣᠨ ᠤ 12 ᠳ᠋ᠤᠭᠠᠷ ᠰᠠᠷ᠎ᠠ ᠶᠢᠨ 25 ᠤ ᠡᠳᠦᠷ ᠬᠤᠷᠠᠯᠳᠤᠭᠤᠯᠤᠭᠰᠠᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ ᠫᠢᠩ ᠰᠡᠳᠬᠢᠯ ᠬᠦᠨᠳᠦ ᠪᠠᠷ ᠶᠠᠷᠢᠪᠠ ᠃ | ︽ᠪᠠᠶᠢᠭᠠᠯᠢᠯᠢᠭ ᠣᠢ ᠰᠢᠭᠤᠢ ᠪᠣᠯᠭᠠᠨ ᠢ ᠬᠠᠮᠠᠭᠠᠯᠠᠶ᠎ᠠ︾᠃ ᠥᠩᠭᠡᠷᠡᠭᠰᠡᠨ ᠤ ︽ᠮᠣᠳᠣ ᠣᠭᠲᠣᠯᠤᠭᠴᠢ︾ ᠰᠦᠬᠡ ᠪᠠᠨ ᠬᠠᠶᠠᠵᠤ᠂ ᠣᠳᠣ ︽ᠮᠣᠳᠣ | ᠬᠠᠮᠠᠭᠠᠯᠠᠭᠴᠢ ︾ ᠪᠣᠯᠵᠤ᠂ ᠰᠢᠨ᠎ᠡ ᠴᠠᠭ ᠦᠶ᠎ᠡ ᠠᠴᠠ ᠨᠠᠭᠠᠰᠢ ᠪᠦᠬᠦ ᠤᠯᠤᠰ ᠤᠨ ᠣᠢ ᠰᠢᠭᠤᠢ ᠶᠢᠨ ᠪᠦᠷᠬᠦᠴᠡ ᠶᠢᠨ ᠨᠣᠷᠮ᠎ᠠ 2.39 ᠵᠠᠭᠤᠨ ᠤ ᠴᠡᠭ ᠢᠶᠠᠷ ᠳᠡᠭᠡᠭᠰᠢᠯᠡᠵᠡᠢ | ᠃ | ︽ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠮᠠᠨ ᠤ ᠡᠨᠡ ᠦᠶ᠎ᠡ ᠶᠢᠨ ᠬᠢᠨ ᠤ ᠭᠠᠷ ᠲᠤ ᠦᠷᠭᠦᠯᠵᠢᠯᠡᠨ ᠮᠠᠭᠤᠳᠠᠬᠤ ᠶᠢ ᠶᠠᠭᠠᠬᠢᠭᠰᠠᠨ ᠴᠤ ᠬᠦᠯᠢᠶᠡᠬᠦ | ᠦᠭᠡᠢ᠂ ᠦᠷ᠎ᠡ ᠬᠤᠶᠢᠴᠢᠰ ᠲᠤ ᠪᠠᠨ ᠴᠡᠩᠭᠡᠭ ᠰᠠᠶᠢᠬᠠᠨ ᠬᠥᠬᠡᠮᠥ᠋ᠷᠡᠨ ᠦᠯᠡᠳᠡᠭᠡᠬᠦ ᠬᠡᠷᠡᠭᠲᠡᠢ︕︾ ᠭᠡᠵᠦ ᠬᠤᠨᠠᠨ ᠤ ᠶᠤᠸᠠᠢ ᠶᠠᠩ ᠳᠤ ᠰᠢᠨᠵᠢᠯᠡᠨ ᠪᠠᠶᠢᠴᠠᠭᠠᠬᠤ ᠳᠤ ᠪᠠᠨ | ᠶᠡᠷᠦᠩᠬᠡᠢ ᠱᠦᠵᠢ ᠰᠢ ᠶᠢᠨ ᠫᠢᠩ ᠡᠷᠡᠰ ᠴᠢᠩᠭ᠎ᠠ ᠬᠡᠯᠡᠪᠡ ᠃ | ︽ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠯᠲᠡ ᠶᠢ ᠬᠢᠬᠦ ᠦᠭᠡᠢ︾ ᠃ ᠮᠥᠷᠡᠨ ᠳᠠᠭᠠᠤ ᠮᠤᠵᠢ ᠶᠢᠨ ᠬᠢᠨ ᠤ ᠪᠣᠬᠢᠷᠲᠤᠯ ᠢ ᠵᠠᠰᠠᠵᠤ | ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠡᠷᠭᠢ ᠶᠢᠨ ᠱᠤᠭᠤᠮ ᠢ ᠵᠠᠰᠠᠨ ᠰᠡᠷᠭᠦᠭᠡᠵᠦ᠂ ᠵᠢᠭᠠᠰᠤ ᠠᠩᠨᠠᠬᠤ ᠶᠢ ᠠᠷᠪᠠᠨ ᠵᠢᠯ ᠢᠶᠠᠷ ᠴᠠᠭᠠᠵᠠᠯᠠᠭᠰᠠᠨ ᠢᠶᠠᠷ ︽ᠬᠦᠨᠳᠦ | ᠡᠪᠡᠳᠴᠢᠯᠡᠭᠡᠳ ᠪᠠᠶᠢᠭᠰᠠᠨ ︾ ᠳᠤᠮᠳᠠᠳᠤ ᠶᠢᠨ ᠦᠨᠳᠦᠰᠦᠲᠡᠨ ᠤ ᠡᠵᠢ ᠭᠤᠤᠯ ᠤᠨ ᠴᠡᠩᠭᠡᠭ ᠤᠰᠤ ᠨᠢ ᠣᠳᠣ ᠵᠡᠭᠦᠨᠰᠢ ᠤᠷᠤᠰᠤᠭᠰᠠᠨ ᠰᠢᠨ᠎ᠡ ᠳᠦᠷᠰᠦ ᠪᠠᠶᠢᠳᠠᠯ ᠢᠶᠠᠨ | ᠬᠠᠷᠠᠭᠤᠯᠵᠤ ᠪᠠᠶᠢᠨ᠎ᠠ ᠃ | ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠲᠦᠮᠡᠨ ᠠᠷᠠᠳ ᠲᠠᠢ ᠰᠡᠳᠬᠢᠯ ᠬᠤᠯᠪᠣᠨᠠᠮ ᠃ | ᠪᠣᠳᠣᠯᠬᠢᠯᠠᠵᠤ ᠪᠠᠶᠢᠬᠤ ᠨᠢ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠨᠳᠦᠰᠦᠨ ᠠᠷᠭ᠎ᠠ ᠪᠤᠳᠤᠯᠭ᠎ᠠ ᠂ ᠲᠥᠯᠥᠪᠯᠡᠵᠦ ᠪᠠᠶᠢᠬᠤ ᠨᠢ | ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠦᠨᠳᠦᠰᠦᠨ ᠶᠡᠭᠡ ᠪᠤᠳᠤᠯᠭ᠎ᠠ ᠂ ᠪᠠᠷᠠᠭᠠᠯᠠᠵᠤ ᠪᠠᠶᠢᠬᠤ ᠨᠢ ᠬᠥᠬᠡᠮᠳᠦᠭ ᠨᠣᠭᠤᠭᠠᠨ ᠠᠭᠤᠯᠠ ᠤᠰᠤ | ᠥᠨᠢᠳᠡ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠪᠣᠯᠣᠨ᠎ᠠ ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ᠂ ᠬᠠᠮᠤᠭ ᠤᠨ ᠴᠢᠩᠭ᠎ᠠ ᠲᠦᠷᠢᠮ | ᠬᠠᠮᠤᠭ ᠤᠨ ᠴᠢᠩᠭ᠎ᠠ ᠬᠠᠤᠯᠢᠵᠢᠯ ᠢᠶᠠᠷ ᠠᠭᠤᠯᠠ ᠤᠰᠤ ᠡᠪᠡᠰᠦ ᠮᠣᠳᠣ ᠪᠠᠨ ᠬᠠᠮᠠᠭᠠᠯᠠᠬᠤ ᠬᠡᠷᠡᠭᠲᠡᠢ᠃ | ᠴᠢ ᠯᠢᠶᠠᠨ ᠱᠠᠨ ᠠᠭᠤᠯᠠᠨ ᠤ ᠡᠮᠦᠨ᠎ᠡ ᠬᠤᠷᠮᠣᠢ ᠳᠠᠬᠢ ᠬᠥᠬᠡᠨᠠᠭᠤᠷ ᠤᠨ ᠮᠦ ᠯᠢ ᠠᠭᠤᠷᠬᠠᠢ ᠶᠢᠨ ᠣᠷᠣᠨ ᠤ ᠡᠪᠡᠰᠦ ᠨᠢ ᠡᠬᠡ ᠭᠠᠵᠠᠷ ᠤᠨ ᠰᠢᠷᠬ᠎ᠠ ᠶᠢ ᠠᠨᠠᠭᠠᠵᠤ | ᠪᠣᠢ ᠃ ᠡᠨᠡ ᠨᠤᠲᠤᠭ ᠢ ᠤᠤᠯ ᠨᠢ ᠬᠠᠤᠯᠢ ᠪᠤᠰᠤ ᠪᠠᠷ ᠮᠠᠯᠲᠠᠭᠰᠠᠨ ᠠᠴᠠ ᠠᠮᠢ ᠠᠬᠤᠢ ᠨᠢ ᠬᠦᠨᠳᠦ ᠨᠣᠴᠢᠲᠠᠢ ᠡᠪᠳᠡᠭᠳᠡᠪᠡ᠃ | ︽ᠮᠦ ᠯᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠡᠭᠦᠯ ᠦᠯᠡᠳᠡᠭᠡᠯ ᠦᠭᠡᠢ ᠪᠠᠷ ᠪᠥᠬᠦᠨ ᠢ ᠬᠢᠵᠦ ᠳᠠᠭᠤᠰᠬᠠᠨ᠂ ᠬᠠᠷᠠᠮᠰᠠᠯ | ᠦᠯᠡᠳᠡᠭᠡᠬᠦ ᠦᠭᠡᠢ︾ ︽ᠬᠤᠶᠢᠰᠢᠳᠠ ᠡᠶᠢᠮᠦᠷᠬᠦᠦ ᠠᠰᠠᠭᠤᠳᠠᠯ ᠢ ᠨᠢᠭᠡ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ ᠂ ᠬᠠᠰᠢ ᠶᠠᠰᠢ ᠣᠷᠬᠢᠵᠤ ᠪᠣᠯᠬᠤ ᠦᠭᠡᠢ︾ ᠁ | ᠭᠡᠵᠦ ᠶᠡᠷᠦᠩᠬᠡᠢ ᠱᠦᠵᠢ ᠰᠢ ᠶᠢᠨ ᠫᠢᠩ ᠣᠯᠠᠨᠲᠠ ᠴᠢᠬᠤᠯᠠ ᠵᠢᠭᠠᠪᠤᠷᠢ ᠴᠤᠬᠤᠯᠠᠪᠤᠷᠢ ᠦᠭᠴᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ | ᠬᠢᠨᠠᠨ ᠪᠠᠶᠢᠴᠠᠭᠠᠬᠤ ᠵᠥᠪᠯᠡᠯ ᠵᠢᠴᠢ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯᠯᠠᠬᠤ ᠳᠤᠭᠤᠶᠢᠯᠠᠩ ᠪᠠᠶᠢᠭᠤᠯᠵᠤ᠂ ᠬᠥᠬᠡᠨᠠᠭᠤᠷ ᠮᠤᠵᠢ ᠶᠢᠨ ᠨᠠᠮ ᠤᠨ | ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠯᠤᠭ᠎ᠠ ᠬᠠᠮᠲᠤᠷᠠᠨ ᠪᠠᠶᠢᠴᠠᠭᠠᠵᠤ ᠂ ᠶᠡᠷᠦᠩᠬᠡᠶᠢᠯᠡᠨ ᠴᠡᠭᠴᠡᠯᠡᠨ ᠵᠠᠰᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ | ᠲᠠᠬᠢᠨ ᠪᠦᠲᠦᠭᠡᠪᠡ ᠃ | ᠠᠮᠢ ᠠᠬᠤᠢ ᠣᠷᠴᠢᠨ ᠲᠣᠭᠤᠷᠢᠨ ᠢ ᠬᠦᠨᠳᠦ ᠨᠣᠴᠢᠲᠠᠢ ᠡᠪᠳᠡᠭᠰᠡᠨ ᠬᠡᠷᠡᠭ ᠢ ︽ᠢᠯᠡᠷᠡᠭᠦᠯᠬᠦ ᠳᠤ ᠯᠡ ᠬᠥᠷᠪᠡᠯ ᠡᠴᠦᠰ ᠲᠤ ᠨᠢ ᠲᠤᠯᠲᠠᠯ᠎ᠠ ᠠᠳᠬᠤᠶ᠎ᠠ ︾ ᠃ | ᠶᠡᠷᠦᠩᠬᠡᠶ ᠱᠦᠵᠢ ᠰᠢ ᠶᠢᠨ ᠫᠢᠩ ᠄ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠬᠡᠴᠢᠨᠡᠭᠡᠨ ᠣᠯᠠᠨ ᠠᠯᠲᠠ ᠮᠥᠩᠭᠦ ᠣᠯᠬᠤ ᠶᠠᠪᠤᠳᠠᠯ ᠪᠢᠰᠢ᠂ ᠬᠠᠷᠢᠨ ᠲᠡᠦᠬᠡ᠂ | ᠦᠷ᠎ᠡ ᠬᠤᠶᠢᠴᠢᠰ ᠤᠨ ᠢᠶᠠᠨ ᠲᠥᠯᠥᠭᠡ ᠬᠢᠭᠰᠡᠨ ᠠᠵᠢᠯ ᠪᠣᠯᠣᠨ᠎ᠠ ︾ ᠭᠡᠵᠦ ᠲᠡᠭᠦᠨ ᠤ ᠳᠣᠲᠣᠷᠠᠬᠢ ᠦᠨᠡᠨ ᠤᠳᠬ᠎ᠠ ᠶᠢ ᠨᠢ ᠥᠭᠦᠯᠡᠪᠡ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ ᠥᠭᠬᠦ ᠳᠤ᠂ ᠥᠷᠭᠡᠨ ᠤᠯᠠᠨ ᠠᠷᠠᠳ | ᠲᠦᠮᠡᠨ ᠤ ᠢᠳᠡᠪᠬᠢᠵᠢᠯ᠂ ᠰᠠᠨᠠᠭᠠᠴᠢᠯᠠᠭ᠎ᠠ᠂ ᠪᠦᠲᠦᠭᠡᠯᠴᠢ ᠴᠢᠨᠠᠷ ᠢ ᠨᠢ ᠭᠦᠢᠴᠡᠳ ᠳᠠᠶᠢᠴᠢᠯᠠᠬᠤ ᠬᠡᠷᠡᠭᠲᠡᠢ᠃ | ᠰᠢ ᠶᠢᠨ ᠫᠢᠩ ᠨᠥᠬᠦᠷ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ᠂ ᠠᠮᠢ ᠠᠬᠤᠢ ᠶᠢᠨ ᠰᠣᠶᠣᠯ ᠢ ᠪᠣᠶᠢᠵᠢᠭᠤᠯᠤᠨ ᠪᠠᠳᠠᠷᠠᠭᠤᠯᠬᠤ ᠶᠢ ᠮᠠᠰᠢ | ᠴᠢᠬᠤᠯᠠᠴᠢᠯᠠᠪᠠ᠃ ᠪᠦᠬᠦ ᠨᠡᠶᠢᠭᠡᠮ ᠢᠶᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠰᠡᠨ ᠣᠨᠣᠯᠵᠢᠬᠤᠨ ᠢ | ᠪᠠᠲᠤᠳᠬᠠᠨ ᠦᠢᠯᠡᠳᠦᠯᠭᠡᠵᠢᠭᠦᠯᠬᠦ ᠨᠢ ᠵᠧᠵᠢᠶᠠᠩ ᠢ ᠠᠮᠢ ᠠᠬᠤᠢ ᠶᠢᠨ ᠮᠤᠵᠢ ᠪᠣᠯᠭᠠᠨ ᠪᠦᠳᠦᠭᠡᠨ ᠪᠠᠶᠢᠭᠤᠯᠬᠤ ᠶᠢᠨ ᠥᠨᠢᠳᠡ ᠶᠢᠨ ᠳᠣᠲᠣᠭᠠᠳᠤ ᠬᠥᠳᠡᠯᠭᠡᠬᠦ ᠬᠦᠴᠦᠨ | ᠪᠣᠯᠪᠠ᠃ | ᠰᠢᠨ᠎ᠡ ᠴᠠᠭ ᠦᠶ᠎ᠡ ᠳᠤ ᠣᠷᠣᠭᠠᠳ ᠶᠡᠷᠦᠩᠬᠡᠢ ᠱᠦᠵᠢ ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ 12 ᠵᠢᠯ | ᠳᠠᠷᠠᠭᠠᠯᠠᠭᠠᠳ ᠲᠥᠷᠥᠭᠦᠯᠠᠵᠦ ᠣᠷᠣᠯᠴᠠᠪᠠ᠃ ᠡᠨᠡ ᠵᠢᠯ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠤ ᠪᠠᠨ᠂ ᠶᠡᠷᠦᠩᠬᠡᠢ ᠱᠦᠵᠢ | ᠤᠯᠠᠨ ᠳᠤ ︽ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠦᠨ ᠪᠦᠬᠦᠨ ᠨᠣᠭᠤᠭᠠᠨ ᠡᠯᠴᠢ᠂ ᠠᠮᠢ ᠠᠬᠤᠢ ᠶᠢᠨ ᠬᠤᠰᠢᠭᠤᠴᠢ ᠪᠣᠯᠬᠤ ᠪᠠᠷ | ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠡᠭᠡᠶ᠎ᠡ ︾ ᠭᠡᠵᠦ ᠤᠷᠢᠶᠠᠯᠠᠪᠠ᠃ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠳᠤ ᠬᠥᠮᠦᠨ ᠪᠦᠬᠦᠨ ᠬᠠᠮᠵᠢᠯᠴᠠᠭᠰᠠᠨ ᠂ ᠳᠡᠮᠵᠢᠭᠰᠡᠨ ᠂ ᠣᠷᠣᠯᠴᠠᠭᠰᠠᠨ ᠨᠡᠶᠢᠭᠡᠮ ᠤᠨ ᠠᠭᠤᠷ ᠠᠮᠢᠰᠬᠤᠯ ᠠᠯᠬᠤᠮ ᠠᠯᠬᠤᠮ ᠢᠶᠠᠷ | ᠪᠤᠢ ᠪᠣᠯᠪᠠ ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ᠂ ᠴᠢᠨᠠᠷ ᠰᠠᠶᠢᠲᠠᠢ ᠬᠥᠭᠵᠢᠯᠲᠡ ᠶᠢᠨ | ᠨᠣᠭᠤᠭᠠᠷᠠᠭᠤᠯᠤᠯᠲᠠ ᠶᠢ ᠤᠯᠠᠮ ᠵᠤᠵᠠᠭᠠᠯᠠᠬᠤ ᠬᠡᠷᠡᠭᠲᠡᠢ᠃ | ︽ ᠪᠢᠲᠠ ᠣᠲᠣᠭᠢᠴᠢᠯᠠᠬᠰᠠᠨ ᠣᠯᠣᠰ ᠢ ᠪᠦᠲᠦᠭᠡᠨ ᠪᠠᠶᠢᠭᠤᠯᠬᠤ ᠳᠤ ᠠᠮᠧᠷᠢᠺᠠ ᠡᠸᠦ᠋ᠷᠦᠫᠡ ᠶᠢᠨ ᠬᠠᠭᠤᠴᠢᠨ ᠵᠠᠮ ᠢᠶᠠᠷ ᠵᠠᠮᠨᠠᠵᠤ ᠪᠣᠯᠬᠤ ᠦᠭᠡᠢ ᠂ ᠡᠰᠡ ᠲᠡᠭᠡᠪᠡᠯ | ᠬᠡᠲᠣᠠ ᠲᠠᠯᠠᠭᠡᠢ ᠶᠢᠨ ᠪᠥᠮᠪᠥᠷᠴᠡᠭ ᠪᠠᠶᠢᠭᠰᠠᠨ ᠴᠤ ᠪᠦᠷᠢᠯᠭᠡᠬᠦ ᠶᠢ ᠳᠠᠭᠠᠭᠠᠬᠤ ᠦᠭᠡᠢ᠃︾ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠪᠣᠬᠢᠷᠲᠤᠯ ᠦᠭᠡᠢ | ᠬᠥᠭᠵᠢᠯᠲᠡ ᠶᠢᠨ ᠵᠠᠮ ᠳᠠᠬᠢ ᠪᠣᠳᠣᠯᠬᠢᠯᠠᠯ ᠨᠢ ᠮᠠᠰᠢ ᠭᠦᠨᠵᠡᠭᠡᠢ ᠪᠠᠶᠢᠯ᠎ᠠ ᠃ | ᠬᠥᠭᠵᠢᠯᠲᠡ ᠪᠣᠯ ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠶᠤᠮ᠃ ᠪᠣᠬᠢᠷᠲᠤᠯ ᠦᠭᠡᠢ ᠨᠢ ᠴᠢᠨᠠᠷ ᠰᠠᠶᠢᠲᠠᠢ | ᠬᠥᠭᠵᠢᠯᠲᠡ ᠶᠢᠨ ᠢᠯᠡ ᠲᠣᠳᠣ ᠳᠡᠪᠢᠰᠬᠡᠷ ᠥᠩᠭᠡ ᠪᠣᠯᠣᠨ᠎ᠠ᠃ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠶᠢ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠭᠠᠷᠭᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠶᠢᠨ | ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠤᠷᠰᠢᠯᠲᠠ ᠶᠢᠨ ᠴᠡᠭ ᠤᠨ ᠪᠦᠳᠦᠭᠡᠨ | ᠪᠠᠶᠢᠭᠤᠯᠤᠯᠲᠠ ᠶᠢ ᠥᠷᠨᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠠᠵᠤ ᠠᠬᠤᠢ ᠶᠢ | ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠬᠤ ᠁ ᠶᠡᠷᠦᠩᠬᠡᠢ ᠱᠦᠵᠢ ᠰᠢ ᠶᠢᠨ ᠫᠢᠩ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠷᠢᠮᠲᠠᠯᠠᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ | ᠦᠭᠡᠢ ᠵᠠᠮᠨᠠᠬᠤ ᠶᠢ ᠬᠦᠳᠦᠯᠦᠨ ᠳᠠᠭᠠᠭᠤᠯᠪᠠ᠃ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨᠲᠠᠷᠠᠰᠢ ᠦᠭᠡᠢ ᠵᠢᠳᠬᠦᠨ᠎ᠡ ᠃ ᠲᠦᠮᠡᠨ ᠭᠠᠵᠠᠷ ᠤᠨ ᠠᠭᠤᠯᠠ ᠭᠤᠣᠯ ᠨᠡᠩ ᠦᠵᠡᠰᠬᠦᠯᠡᠩᠲᠦ ᠰᠠᠶᠢᠬᠠᠨ ᠪᠣᠯᠵᠤ᠂ | ᠪᠢᠳᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠢ ᠠᠬᠤᠢ ᠶᠢᠨ ᠭᠠᠶᠢᠬᠠᠮᠰᠢᠭ᠂ ᠪᠣᠬᠢᠷᠲᠤᠯ ᠦᠭᠡᠢ ᠬᠥᠭᠵᠢᠯᠲᠡ ᠶᠢᠨ ᠭᠠᠶᠢᠬᠠᠮᠰᠢᠭ ᠢ ᠡᠭᠦᠳᠪᠡ᠃ | ᠨᠢᠳᠤᠨᠤᠨ ᠤ ᠪᠦᠬᠦ ᠤᠯᠤᠰ ᠤᠨ ᠠᠩᠬᠠᠳᠠᠭᠴᠢ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ | ᠥᠭᠴᠦ᠄ ︽ᠪᠦᠬᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ | ᠣᠨᠣᠯᠵᠢᠬᠤᠨ ᠤ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠣᠣᠷ᠎ᠠ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯ ᠤᠨ ᠲᠣᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠭᠡᠰᠡᠨ ᠶᠡᠭᠡ ᠶᠠᠪᠤᠳᠠᠯ ᠢ ᠰᠠᠶᠢᠲᠤᠷ | ᠬᠢᠬᠦ ᠳᠤ ᠪᠢᠳᠡ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠷᠭᠦᠯᠵᠢᠯᠡᠨ ᠪᠦᠲᠦᠭᠡᠵᠦ ᠂ ᠠᠷᠠᠳ ᠲᠦᠮᠡᠨ ᠳᠤ ᠪᠠᠨ ᠪᠤᠶᠠᠨ | ᠦᠢᠯᠡᠳᠴᠦ᠂ ᠦᠷ᠎ᠡ ᠬᠤᠶᠢᠴᠢᠰ ᠲᠤ ᠪᠠᠨ ᠬᠡᠰᠢᠭ ᠬᠦᠷᠲᠡᠭᠡᠶ᠎ᠡ ᠃ | | |