ᠮᠠᠨ ᠤ ᠲᠣᠪᠴᠢᠶ᠎ᠠ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/8/9
  7 ᠳ᠋ᠤᠭᠠᠷ ᠰᠠᠷ᠎ᠠ ᠶᠢᠨ 26 ᠤ ᠡᠳᠦᠷ ᠠᠴᠠ 8 ᠳ᠋ᠤᠭᠠᠷ ᠰᠠᠷ᠎ᠠ ᠶᠢᠨ 6 ᠤ ᠡᠳᠦᠷ ᠪᠣᠯᠲᠠᠯ᠎ᠠ᠂ ᠮᠠᠨ ᠤ ᠲᠣᠪᠴᠢᠶ᠎ᠠ ᠪᠥᠬᠦ ᠣᠷᠣᠨ ᠤ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠪᠥᠬᠦ ᠬᠡᠮᠵᠢᠶᠡᠨ ᠤ ᠠᠵᠢᠯ ᠤᠨ ᠱᠠᠲᠤᠨ ᠤ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2400 ᠭᠠᠷᠤᠶ ᠵᠣᠴᠢᠳ ᠤᠨ ᠪᠠᠭᠤᠳᠠᠯ ᠤᠨ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠠᠵᠢᠯ ᠢ ᠪᠡᠶᠡᠯᠡᠭᠦᠯᠪᠡ᠃
W020240809551342712322_ORIGIN.jpg
  ᠲᠣᠰ ᠤᠳᠠᠭᠠᠨ ᠤ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠨᠢ ᠣᠳᠣᠬᠢ ᠱᠠᠲᠤᠨ ᠤ ᠡᠯ᠎ᠡ ᠭᠠᠵᠠᠷ ᠤᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠡᠭᠦᠷᠭᠡ ᠬᠦᠨᠳᠦ᠂ ᠠᠵᠢᠯᠲᠠᠨ ᠤ ᠬᠦᠴᠦᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠠᠮᠵᠢᠭᠤᠯᠤᠨ ᠰᠠᠴᠤᠷᠠᠭᠤᠯᠬᠤ ᠲᠥᠪ ᠤᠨ 68 ᠤᠲᠠᠰᠤ ᠥᠬᠡᠶ ᠰᠠᠴᠤᠷᠠᠭᠤᠯᠬᠤ ᠥᠷᠲᠡᠭᠡ ᠪᠠ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠡᠯ᠎ᠡ ᠬᠤᠪᠢᠶᠠᠷᠢ ᠪᠠᠶᠢᠭᠤᠯᠤᠮᠵᠢ ᠨᠡᠶᠢᠲᠡ 230 ᠭᠠᠷᠤᠶ ᠬᠥᠮᠦᠨ ᠢ ᠵᠣᠬᠢᠶᠠᠨ ᠪᠠᠶᠢᠭᠤᠯᠵᠤ᠂ ᠪᠥᠬᠦ ᠣᠷᠣᠨ ᠤ 12 ᠠᠶᠢᠮᠠᠭ ᠬᠤᠲᠠ᠂ 103 ᠬᠤᠰᠢᠭᠤ ᠰᠢᠶᠠᠨ ᠲᠣᠭᠤᠷᠢᠭ ᠤᠨ ᠵᠠᠰᠠᠯᠲᠠ ᠶᠢᠨ ᠲᠤᠰᠬᠠᠶ ᠠᠩᠭᠢ ᠶᠢ ᠠᠵᠢᠯ ᠲᠥᠷᠥᠯ ᠢᠶᠠᠷ ᠳᠡᠮᠵᠢᠵᠦ᠂ ᠲᠥᠪᠯᠡᠷᠡᠭᠦᠯᠦᠨ ᠪᠣᠭᠤᠮᠲᠠ ᠰᠢᠪᠲᠤᠯᠬᠤ ᠳᠤᠭᠤᠶᠢᠯᠠᠩ ᠪᠠᠶᠢᠭᠤᠯᠵᠤ᠂ ︽ᠰᠦᠯᠵᠢᠶᠡᠵᠢᠯᠲᠡ︾ ᠶᠢᠨ ᠠᠵᠢᠯ ᠤᠨ ᠠᠷᠭ᠎ᠠ ᠮᠠᠶ᠋ᠢᠭ ᠢᠶᠠᠷ ᠡᠯ᠎ᠡ ᠭᠠᠵᠠᠷ ᠤᠨ 15 ᠲᠠᠰᠤᠯᠭ᠎ᠠ ᠵᠣᠴᠢᠳ ᠤᠨ ᠪᠠᠭᠤᠳᠠᠯ ᠲᠠᠢ ᠠᠴᠠ ᠳᠡᠭᠡᠭᠰᠢᠬᠢ ᠵᠣᠴᠢᠳ ᠤᠨ ᠪᠠᠭᠤᠳᠠᠯ ᠪᠠ ᠪᠣᠶ ᠪᠥᠬᠦᠶ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠲᠧᠯᠸᠢᠰ ᠤᠨ ᠲᠣᠬᠢᠷᠠᠭᠤᠯᠤᠯᠲᠠ᠂ ᠲᠧᠯᠸᠢᠰ ᠤᠨ ᠳᠠᠪᠲᠠᠮᠵᠢ ᠬᠦᠯᠢᠶᠡᠭᠦᠷ ᠤᠨ ᠠᠵᠢᠯᠯᠠᠭᠠᠨ ᠤ ᠶᠠᠪᠤᠴᠠ᠂ ᠠᠯᠤᠰ ᠡᠵᠡᠮᠰᠢᠭᠦᠷ ᠤᠨ ᠲᠣᠬᠢᠷᠠᠭᠤᠯᠤᠯᠲᠠ᠂ ᠳᠤᠬᠢᠶᠠᠨ ᠤ ᠢᠷᠡᠯᠲᠡ ᠶᠢᠨ ᠲᠣᠭᠲᠠᠭᠠᠯ ᠳᠤ ᠨᠡᠶᠢᠴᠡᠬᠦ ᠪᠠᠶᠢᠳᠠᠯ ᠵᠡᠷᠭᠡ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠪᠠᠭᠤᠳᠠᠯ ᠵᠢᠴᠢ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠠᠭᠤᠴᠢᠨ ᠲᠧᠯᠸᠢᠰ ᠤᠨ ᠳᠠᠪᠲᠠᠮᠵᠢ ᠬᠦᠯᠢᠶᠡᠭᠦᠷ ᠂ ᠲᠧᠯᠸᠢᠰ ᠪᠠ ᠬᠠᠭᠤᠴᠢᠨ ᠲᠧᠯᠸᠢᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠳᠠᠯ ᠢ ᠵᠡᠷᠭᠡ ᠪᠠᠷ ᠣᠶᠢᠯᠠᠭᠠᠵᠤ᠂ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ ᠳᠤᠮᠳᠠ ᠨᠢᠭᠡᠨᠲᠡ ᠪᠠᠷᠢᠮᠵᠢᠶ᠎ᠠ ᠳᠤ ᠬᠦᠷᠦᠭᠰᠡᠨ ᠪᠠᠭᠤᠳᠠᠯ ᠪᠠ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠲᠤᠬᠠᠶ ᠶᠢᠨ ᠲᠠᠯᠠᠪᠤᠷ ᠤᠨ ᠦᠨᠡᠯᠡᠯᠲᠡ ᠬᠢᠪᠠ᠃ ᠣᠳᠣᠬᠠᠨ ᠳᠤ ᠪᠣᠯᠲᠠᠯ᠎ᠠ᠂ ᠪᠠᠭᠤᠳᠠᠯ ᠪᠠ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠢ 3000 ᠭᠠᠷᠤᠶ ᠪᠡᠶᠡᠯᠡᠭᠦᠯᠵᠦ᠂ ᠵᠣᠴᠢᠨ ᠤ ᠥᠷᠥᠭᠡ 13 ᠲᠦᠮᠡ ᠭᠠᠷᠤᠶ ᠲᠠᠰᠤᠯᠭ᠎ᠠ᠂ ᠬᠠᠤᠯᠢ ᠪᠤᠰᠤ ᠳᠠᠭᠠᠭᠤᠯᠢ ᠣᠳᠣᠨ ᠲᠧᠯᠸᠢᠰ ᠤᠨ ᠲᠥᠬᠦᠭᠡᠷᠦᠮᠵᠢ ᠶᠢ ᠭᠥᠯᠢᠶᠡᠨ ᠠᠪᠬᠤ ᠪᠠᠭᠤᠳᠠᠯ ᠢ ᠨᠡᠶᠢᠲᠡ 7 ᠴᠡᠭᠴᠡᠯᠡᠨ ᠵᠠᠰᠠᠵᠤ᠂ ᠬᠢᠯᠢ ᠶᠢᠨ ᠭᠠᠳᠠᠨᠠᠬᠢ ᠲᠧᠯᠸᠢᠰ ᠤᠨ ᠫᠷᠤᠭ᠍ᠷᠠᠮ ᠤᠨ ᠰᠦᠯᠵᠢᠶᠡᠨ ᠤ ᠮᠠᠰᠢᠨ ᠳᠡᠭᠡᠷᠡᠬᠢ ᠬᠠᠶᠢᠷᠴᠠᠭ ᠢ ᠬᠠᠤᠯᠢ ᠪᠤᠰᠤ ᠪᠠᠷ ᠭᠥᠯᠢᠶᠡᠨ ᠠᠪᠬᠤ ᠲᠥᠬᠦᠭᠡᠷᠦᠮᠵᠢ ᠶᠢ 2 ᠢᠵᠢ ᠬᠤᠷᠢᠶᠠᠨ ᠠᠪᠴᠤ᠂ ᠠᠵᠢᠯ ᠲᠥᠷᠥᠯ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠨᠢ ᠢᠯᠡᠳᠲᠡ ᠪᠠᠶᠢᠪᠠ᠃  ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠲᠤᠰᠬᠠᠶ ᠵᠠᠰᠠᠯᠲᠠ ᠶᠢᠨ ᠰᠡᠭᠦᠯ ᠬᠤᠷᠢᠶᠠᠬᠤ ᠠᠵᠢᠯ ᠢ ᠦᠷᠭᠦᠯᠵᠢᠯᠡᠨ ᠠᠬᠢᠭᠤᠯᠵᠤ᠂ ᠵᠠᠰᠠᠯᠲᠠ ᠶᠢᠨ ᠪᠠᠯᠠᠶ ᠣᠷᠣᠨ ᠢ ᠦᠨᠡᠨ ᠬᠦ ᠠᠷᠢᠯᠭᠠᠵᠤ᠂ ᠶᠡᠷᠦᠩᠬᠡᠶ ᠲᠣᠪᠴᠢᠶ᠎ᠠ ᠲᠠᠢ ᠬᠠᠮᠵᠢᠯᠴᠠᠨ ᠪᠥᠬᠦ ᠬᠡᠮᠵᠢᠶᠡᠨ ᠤ ᠪᠠᠭᠤᠳᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠬᠢᠨᠠᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠲᠤᠰᠬᠠᠶ ᠵᠠᠰᠠᠯᠲᠠ ᠶᠢᠨ ︽ᠡᠷᠬᠢᠨ ᠬᠠᠷᠠᠬᠤ︾ ᠶᠢ ᠥᠷᠨᠢᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃︵ᠰᠢᠨᠵᠢᠯᠡᠭᠡ ᠮᠡᠷᠭᠡᠵᠢᠯ ᠤᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ