︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ  ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/9/2
      ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 31 ᠤ ᠴᠠᠭᠢᠯᠭᠠᠨ ᠮᠡᠳᠡᠭᠡ   9 ᠰᠠᠷ᠎ᠠ ᠶᠢᠨ 1 ᠤ ᠡᠳᠦᠷ ᠬᠡᠪᠯᠡᠭᠳᠡᠭᠰᠡᠨ 17 ᠳ᠋ᠤᠭᠠᠷ ᠬᠤᠭᠤᠴᠠᠭᠠᠨ ᠤ ︽ ᠦᠨᠡᠨ ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃      ᠵᠣᠬᠢᠶᠠᠯ ᠳᠤ ᠂ ᠶᠠᠮᠠᠷ ᠬᠥᠮᠥᠨ ᠢ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠲᠡᠷᠢᠭᠦᠨ ᠴᠢᠬᠤᠯᠠ ᠠᠰᠠᠭᠤᠳᠠᠯ ᠪᠣᠯᠣᠨ᠎ᠠ ᠃ ᠮᠠᠨ ᠤ ᠤᠯᠤᠰ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ ᠂ ᠡᠨᠡ ᠨᠢ ᠮᠠᠨ ᠤ ᠰᠤᠷᠭᠠᠨ ᠬᠥᠮᠦᠵᠢᠯ ᠡᠷᠬᠡᠪᠰᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠪᠠᠷ ᠦᠨᠳᠦᠰᠦᠨ ᠡᠭᠦᠷᠭᠡ ᠪᠠᠨ ᠪᠤᠯᠭᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠬᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠥᠯᠥᠭᠡ ᠨᠠᠰᠤᠨ ᠲᠤᠷᠰᠢᠲᠠ ᠲᠡᠮᠡᠴᠡᠬᠦ ᠪᠠᠷ ᠵᠣᠷᠢᠭ ᠰᠢᠭᠤᠳᠤᠭᠰᠠᠨ ᠦᠶ᠎ᠡ ᠦᠶ᠎ᠡ ᠶᠢᠨ ᠬᠡᠷᠡᠭᠴᠡᠭᠡ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠳᠡᠭ ᠢ ᠲᠣᠭᠲᠠᠭᠠᠵᠠᠢ ᠃ ᠪᠦᠭᠦᠳᠡᠭᠡᠷ ᠬᠥᠮᠥᠨ ᠢ ᠬᠥᠮᠥᠵᠢᠭᠦᠯᠬᠦ ᠂ ᠪᠦᠭᠦ ᠶᠠᠪᠤᠴᠠ ᠪᠠᠷ ᠬᠥᠮᠥᠨ ᠢ ᠬᠥᠮᠥᠵᠢᠭᠦᠯᠬᠦ ᠂ ᠪᠦᠭᠦ ᠲᠠᠯ᠎ᠠ ᠪᠠᠷ ᠬᠥᠮᠥᠨ ᠢ ᠬᠥᠮᠥᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ ᠂ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ ᠃ ᠡᠨᠡ ᠪᠣᠯ ᠰᠤᠷᠭᠠᠨ ᠬᠥᠮᠦᠵᠢᠯ ᠤᠨ ᠠᠵᠢᠯ ᠤᠨ ᠦᠨᠳᠦᠰᠦᠨ ᠡᠭᠦᠷᠭᠡ ᠮᠥᠨ ᠂ ᠪᠠᠰᠠ ᠴᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠴᠢᠭᠯᠡᠯ ᠬᠠᠷᠠᠯᠲᠠ ᠮᠥᠨ ᠭᠡᠵᠦ ᠴᠢᠬᠤᠯᠠᠴᠢᠯᠠᠪᠠ ᠃      ᠵᠣᠬᠢᠶᠠᠯ ᠳᠤ ᠂ ᠪᠢᠳᠡᠨ ᠤ ᠬᠥᠮᠥᠵᠢᠭᠦᠯᠬᠦ ᠭᠡᠵᠦ ᠪᠠᠶᠢᠭ᠎ᠠ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠠᠮᠠᠷᠰᠢᠤ ᠦᠨᠳᠦᠰᠦᠨ ᠬᠡᠪ ᠪᠣᠯᠪᠠᠰᠤᠷᠠᠯ ᠪᠣᠯᠣᠨ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠷᠢᠯᠳᠦᠭᠦᠯᠪᠡᠯ ᠵᠣᠬᠢᠬᠤ ᠪᠤᠢ ᠂ ᠬᠡᠷᠬᠢᠨ ᠬᠥᠮᠥᠵᠢᠭᠦᠯᠬᠦ ᠪᠤᠢ ᠭᠡᠪᠡᠯ ᠵᠠᠩᠭᠢᠯᠠᠭ᠎ᠠ ᠨᠢ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠪᠠᠶᠢᠨ᠎ᠠ ᠃ ᠨᠢᠭᠡ ᠳᠤ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠮᠠᠨ ᠤ ᠬᠥᠮᠥᠵᠢᠭᠦᠯᠵᠦ ᠪᠠᠶᠢᠭ᠎ᠠ ᠬᠥᠮᠥᠨ ᠡᠷᠬᠡᠪᠰᠢ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠤᠢ ᠪᠤᠯᠭᠠᠬᠤ ᠬᠡᠷᠡᠭᠲᠡᠢ ᠃ ᠰᠤᠷᠤᠬᠴᠢᠳ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠢᠲᠡᠭᠡᠯ ᠂ ᠤᠨᠤᠯ ᠤᠨ ᠢᠲᠡᠭᠡᠯ ᠂ ᠪᠠᠶᠢᠭᠤᠯᠤᠯ ᠤᠨ ᠢᠲᠡᠭᠡᠯ ᠂ ᠰᠣᠶᠣᠯ ᠤᠨ ᠢᠲᠡᠭᠡᠯ ᠢ ᠴᠢᠩᠭᠠᠳᠬᠠᠵᠤ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠬᠦ ᠪᠠᠷ ᠵᠣᠷᠢᠭ ᠰᠢᠭᠤᠳᠬᠤ ᠬᠡᠷᠡᠭᠲᠡᠢ ᠃ ᠬᠤᠶᠠᠷ ᠲᠤ ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠤᠯᠤᠰ ᠢᠶᠠᠨ ᠬᠠᠶᠢᠷᠠᠯᠠᠬᠤ ᠦᠵᠡᠯ ᠪᠣᠯ ᠳᠤᠮᠳᠠᠳᠤ ᠶᠢᠨ ᠦᠨᠳᠦᠰᠦᠲᠡᠨ ᠤ ᠦᠨᠳᠦᠰᠦᠲᠡᠨ ᠤ ᠰᠡᠳᠬᠢᠯ ᠂ ᠦᠨᠳᠦᠰᠦᠲᠡᠨ ᠤ ᠰᠦᠭ ᠰᠦᠨᠡᠰᠦ ᠮᠥᠨ ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠳᠤ ᠡᠩ ᠲᠡᠷᠢᠭᠦᠨ ᠳᠤ ᠰᠤᠷᠤᠬᠴᠢᠳ ᠤᠨ ᠡᠬᠡ ᠣᠷᠣᠨᠴᠢ ᠰᠡᠳᠬᠢᠯᠭᠡ ᠶᠢ ᠬᠥᠮᠥᠵᠢᠭᠦᠯᠬᠦ ᠬᠡᠷᠡᠭᠲᠡᠢ ᠃ ᠰᠤᠷᠤᠬᠴᠢᠳ ᠤᠨ ᠳᠤᠮᠳᠠᠳᠤ ᠤᠯᠤᠰ ᠤᠨ ᠡᠪ ᠬᠠᠮᠲᠤ ᠨᠠᠮ ᠢ ᠬᠠᠶᠢᠷᠠᠯᠠᠨ ᠬᠦᠷᠢᠶᠡᠯᠡᠵᠦ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ  ᠲᠠᠭᠠᠨ ᠤᠷᠤᠭᠰᠢᠯᠠᠬᠤ ᠪᠠᠷ ᠵᠣᠷᠢᠭ ᠰᠢᠭᠤᠳᠴᠤ ᠂ ᠠᠷᠠᠳ ᠲᠦᠮᠡᠨ ᠤ ᠳᠤᠮᠳᠠ ᠦᠨᠳᠦᠰᠦᠯᠡᠬᠦ ᠂ ᠤᠯᠤᠰ ᠣᠷᠣᠨ ᠳᠠᠭᠠᠨ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ ᠶᠢ ᠬᠥᠮᠥᠵᠢᠭᠦᠯᠦᠨ ᠵᠢᠯᠤᠭᠤᠳᠬᠤ ᠬᠡᠷᠡᠭᠲᠡᠢ ᠃ ᠭᠤᠷᠪᠠ ᠳᠤ ᠂ ᠵᠠᠩ ᠮᠣᠷᠠᠯ ᠤᠨ ᠪᠣᠯᠪᠠᠰᠤᠷᠠᠯ ᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠶᠣᠰᠣ ᠰᠤᠷᠲᠠᠬᠤᠨ ᠢ ᠲᠡᠷᠢᠭᠦᠨ ᠳᠤ ᠲᠠᠯᠪᠢᠵᠤ ᠂ ᠪᠡᠶ᠎ᠡ ᠪᠠᠨ ᠵᠠᠰᠠᠬᠤ ᠪᠠᠷ ᠦᠨᠳᠦᠰᠦ ᠪᠤᠯᠭᠠᠬᠤ ᠪᠣᠯ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠦᠨᠳᠦᠰᠦᠨ ᠯᠣᠭᠢᠭ ᠮᠥᠨ ᠃ ᠰᠤᠷᠤᠬᠴᠢᠳ ᠢ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ ᠂ ᠶᠣᠰᠣ ᠰᠤᠷᠲᠠᠬᠤᠨ ᠢᠶᠠᠷ ᠪᠡᠶ᠎ᠡ ᠪᠠᠨ ᠴᠢᠮᠡᠬᠦ ᠂ ᠨᠡᠶᠢᠲᠡ ᠶᠢᠨ ᠶᠣᠰᠣ ᠰᠤᠷᠲᠠᠬᠤᠨ ᠴᠠᠶᠢᠯᠭᠠᠨ ᠰᠡᠳᠬᠢᠯ ᠲᠠᠢ ᠪᠠᠶᠢᠬᠤ ᠂ ᠶᠡᠭᠡ ᠶᠣᠰᠣ ᠰᠤᠷᠲᠠᠬᠤᠨ ᠢᠶᠠᠷ ᠰᠦᠭ ᠰᠦᠨᠡᠰᠦ ᠶᠢ ᠱᠤᠭᠤᠬᠤ ᠶᠢ ᠪᠡᠶᠡᠯᠡᠭᠦᠯᠵᠦ ᠂ ᠯᠠᠪᠳᠠᠭᠤᠨ ᠪᠠᠲᠤᠲᠠᠢ ᠪᠠᠷ ᠶᠣᠰᠣ ᠰᠤᠷᠲᠠᠬᠤᠨ ᠢᠶᠠᠨ ᠱᠤᠭᠤᠵᠤ ᠂ ᠶᠡᠭᠡ ᠬᠠᠶᠢᠷ᠎ᠠ ᠶᠡᠭᠡ ᠶᠣᠰᠣ ᠰᠤᠷᠲᠠᠬᠤᠨ ᠶᠡᠭᠡ ᠬᠠᠶᠢᠷ᠎ᠠ ᠰᠡᠳᠬᠢᠯᠭᠡ ᠲᠠᠢ ᠬᠥᠮᠥᠨ ᠪᠤᠯᠭᠠᠬᠤ ᠶᠢ ᠪᠠᠷᠢᠮᠲᠠᠯᠠᠬᠤ ᠬᠡᠷᠡᠭᠲᠡᠢ ᠃ ᠳᠥᠷᠪᠡ ᠳᠤ ᠂ ᠮᠡᠳᠡᠯᠭᠡ ᠮᠡᠳᠡᠴᠡ ᠪᠠᠨ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠮᠡᠳᠡᠯᠭᠡ ᠰᠤᠷᠤᠯᠴᠠᠬᠤ ᠪᠣᠯ ᠰᠤᠷᠤᠬᠴᠢ ᠶᠢᠨ ᠲᠤᠬᠠᠶᠢᠯᠠᠭᠰᠠᠨ ᠠᠵᠢᠯ ᠪᠣᠯᠣᠨ᠎ᠠ ᠃ ᠰᠤᠷᠤᠬᠴᠢᠳ ᠢ ᠰᠤᠷᠤᠯᠴᠠᠬᠤ ᠴᠠᠭ ᠮᠥᠴᠡ ᠪᠠᠨ ᠨᠠᠨᠳᠢᠩᠨᠠᠵᠤ ᠂ ᠨᠢᠭᠡ ᠰᠡᠳᠬᠢᠯ ᠨᠢᠭᠡ ᠵᠣᠷᠢᠭ ᠢᠶᠠᠷ ᠡᠷᠳᠡᠮ ᠮᠡᠳᠡᠯᠭᠡ ᠰᠤᠷᠴᠤ ᠂ ᠰᠤᠷᠤᠯᠴᠠᠬᠤ ᠳᠤᠮᠳᠠ ᠮᠡᠳᠡᠯᠭᠡ ᠪᠠᠨ ᠨᠡᠮᠡᠭᠳᠡᠭᠦᠯᠵᠦ ᠂ ᠮᠡᠳᠡᠯᠭᠡ ᠮᠡᠳᠡᠴᠡ ᠪᠠᠨ ᠪᠠᠶᠠᠯᠢᠭᠵᠢᠭᠤᠯᠵᠤ ᠂ ᠦᠨᠡᠨ ᠶᠣᠰᠣ ᠶᠢ ᠡᠷᠢᠯᠬᠢᠯᠡᠬᠦ ᠂ ᠶᠣᠰᠣ ᠤᠴᠢᠷ ᠢ ᠤᠬᠠᠬᠤ ᠂ ᠤᠴᠢᠷ ᠶᠣᠰᠣ ᠶᠢ ᠣᠶᠢᠯᠠᠭᠠᠬᠤ ᠴᠢᠭᠯᠡᠯ ᠢᠶᠠᠷ ᠤᠷᠤᠭᠰᠢᠯᠠᠬᠤ ᠶᠢ ᠬᠥᠮᠥᠵᠢᠭᠦᠯᠦᠨ ᠵᠢᠯᠤᠭᠤᠳᠬᠤ ᠬᠡᠷᠡᠭᠲᠡᠢ ᠃ ᠲᠠᠪᠤ ᠳᠤ ᠂ ᠲᠡᠮᠡᠴᠡᠯ ᠤᠨ ᠵᠣᠷᠢᠭ ᠰᠠᠨᠠᠭ᠎ᠠ ᠶᠢ ᠬᠥᠮᠥᠵᠢᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠰᠤᠷᠤᠬᠴᠢᠳ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠠᠯᠤᠰ ᠭᠡᠲᠦ ᠶᠢᠨ ᠬᠦᠰᠡᠯ ᠵᠣᠷᠢᠯᠲᠠ ᠲᠠᠢ ᠪᠤᠯᠭᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠂ ᠴᠥᠬᠦᠷᠡᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠳᠠᠪᠲᠠᠨ ᠪᠤᠯᠪᠠᠰᠤᠷᠠᠭᠤᠯᠵᠤ ᠂ ᠵᠣᠷᠢᠭᠲᠠᠢ ᠪᠠᠷ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠂ ᠪᠠᠶᠠᠰᠤᠩᠭᠤᠢ ᠥᠭᠡᠳᠡᠷᠬᠡᠭ ᠠᠮᠢᠳᠤᠷᠠᠬᠤᠢ ᠶᠢᠨ ᠣᠪᠣᠷ ᠲᠠᠢ ᠪᠤᠯᠭᠠᠵᠤ ᠂ ᠮᠡᠳᠡᠬᠦ ᠬᠢᠬᠦ ᠶᠢ ᠨᠢᠭᠡᠳᠬᠡᠬᠦ ᠶᠢ ᠦᠨᠡᠨ ᠬᠦ ᠪᠡᠶᠡᠯᠡᠭᠦᠯᠵᠦ ᠂ ᠳᠣᠷᠪᠢᠯᠢᠭ ᠠᠵᠢᠯᠯᠠᠵᠤ ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ ᠃ ᠵᠢᠷᠭᠤᠭ᠎ᠠ ᠳᠤ ᠂ ᠶᠡᠷᠦᠩᠬᠡᠶᠢᠯᠡᠭᠰᠡᠨ ᠬᠡᠪ ᠴᠢᠨᠠᠷ ᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠡᠷᠬᠡᠪᠰᠢ ᠪᠦᠭᠦ ᠲᠠᠯ᠎ᠠ ᠪᠠᠷ ᠬᠥᠭᠵᠢᠬᠦ ᠬᠡᠷᠡᠭᠲᠡᠢ ᠃ ᠰᠤᠷᠤᠬᠴᠢᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠬᠥᠮᠥᠵᠢᠭᠦᠯᠵᠦ ᠬᠥᠲᠥᠯᠥᠨ ᠵᠢᠯᠤᠭᠤᠳᠴᠤ ᠂ ᠰᠢᠨ᠎ᠡ ᠶᠢ ᠡᠭᠦᠳᠬᠦ ᠰᠡᠳᠬᠢᠬᠦᠢ ᠶᠢ ᠬᠥᠮᠥᠵᠢᠭᠦᠯᠬᠦ ᠬᠡᠷᠡᠭᠲᠡᠢ ᠃ ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠤᠶ ᠪᠤᠯᠭᠠᠵᠤ ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠬᠦ ᠬᠡᠷᠡᠭᠲᠡᠢ ᠃ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠪᠦᠭᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ ᠂ ᠰᠤᠷᠤᠬᠴᠢᠳ ᠤᠨ ᠭᠤᠸ᠎ᠠ ᠰᠠᠶᠢᠬᠠᠨ ᠤ ᠲᠠᠭᠠᠰᠢᠶᠠᠯ ᠪᠠ ᠬᠥᠮᠥᠨ ᠨᠡᠶᠢᠭᠡᠮ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ ᠃ ᠰᠤᠷᠤᠬᠴᠢᠳ ᠤᠨ ᠳᠤᠮᠳᠠ ᠭᠦᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠰᠤᠷᠤᠬᠴᠢᠳ ᠢ ᠭᠦᠳᠡᠯᠮᠦᠷᠢ ᠶᠢ ᠡᠷᠭᠢᠮᠯᠡᠭᠦ ᠂ ᠭᠦᠳᠡᠯᠮᠦᠷᠢ ᠶᠢ ᠬᠦᠨᠳᠦᠳᠬᠡᠬᠦ ᠶᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠵᠣᠬᠢᠶᠠᠯ ᠳᠤ ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠮᠥᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠵᠤ ᠂ ᠨᠡᠩ ᠥᠨᠳᠥᠷ ᠲᠦᠪᠰᠢᠨ ᠪᠦᠬᠦᠢ ᠴᠢᠳᠠᠪᠤᠷᠢᠲᠠᠨ ᠬᠥᠮᠥᠵᠢᠭᠦᠯᠬᠦ ᠰᠢᠰᠲ᠋ᠧᠮ ᠢ ᠪᠦᠷᠢᠯᠳᠦᠭᠦᠯᠬᠦ ᠬᠡᠷᠡᠭᠲᠡᠢ ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠢ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠂ ᠰᠣᠶᠣᠯ ᠮᠡᠳᠡᠯᠭᠡ ᠶᠢᠨ ᠬᠥᠮᠦᠵᠢᠯ ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠤᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ ᠂ ᠰᠠᠭᠤᠷᠢ ᠰᠤᠷᠭᠠᠨ ᠬᠥᠮᠦᠵᠢᠯ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠡᠯ᠎ᠡ ᠬᠦᠷᠢᠶᠡᠨ ᠳᠤ ᠲᠤᠭᠤᠰᠢᠯᠠᠭᠤᠯᠵᠤ ᠂ ᠰᠢᠨᠵᠢᠯᠡᠭᠡᠨ ᠤ ᠰᠢᠰᠲ᠋ᠧᠮ ᠂ ᠵᠢᠭᠠᠨ ᠰᠤᠷᠭᠠᠯᠲᠠ ᠶᠢᠨ ᠰᠢᠰᠲ᠋ᠧᠮ ᠂ ᠵᠢᠭᠠᠬᠤ ᠮᠠᠲ᠋ᠧᠷᠢᠶᠠᠯ ᠤᠨ ᠰᠢᠰᠲ᠋ᠧᠮ ᠂ ᠬᠠᠮᠢᠶᠠᠷᠤᠯᠲᠠ ᠶᠢᠨ ᠰᠢᠰᠲ᠋ᠧᠮ ᠢ ᠡᠨᠡ ᠬᠦ ᠬᠠᠷᠠᠯᠲᠠ ᠶᠢᠨ ᠲᠣᠭᠤᠷᠢᠨ ᠳᠤ ᠵᠢᠷᠤᠨ ᠲᠥᠯᠥᠪᠯᠡᠵᠦ ᠂ ᠪᠠᠭᠰᠢ ᠨᠠᠷ ᠡᠨᠡ ᠬᠦ ᠬᠠᠷᠠᠯᠲᠠ ᠶᠢᠨ ᠲᠣᠭᠤᠷᠢᠨ ᠳᠤ ᠵᠢᠭᠠᠨ ᠰᠤᠷᠭᠠᠬᠤ ᠬᠡᠷᠡᠭᠲᠡᠢ ᠂ ᠰᠤᠷᠤᠬᠴᠢᠳ ᠡᠨᠡ ᠬᠦ ᠬᠠᠷᠠᠯᠲᠠ ᠶᠢᠨ ᠲᠣᠭᠤᠷᠢᠨ ᠳᠤ ᠰᠤᠷᠤᠯᠴᠠᠬᠤ ᠬᠡᠷᠡᠭᠲᠡᠢ ᠃ ᠡᠨᠡ ᠬᠦ ᠬᠠᠷᠠᠯᠲᠠ ᠶᠢ ᠪᠡᠶᠡᠯᠡᠭᠦᠯᠬᠦ ᠳᠤ ᠠᠰᠢᠭ ᠦᠭᠡᠢ ᠠᠷᠭ᠎ᠠ ᠬᠢᠳᠡᠯ ᠪᠦᠭᠦᠨ ᠢ ᠡᠷᠡᠰ ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠵᠣᠬᠢᠶᠠᠯ ᠳᠤ ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠢ ᠃ ᠵᠢᠭᠠᠬᠤ ᠮᠠᠲ᠋ᠧᠷᠢᠶᠠᠯ ᠪᠣᠯ ᠮᠡᠳᠡᠯᠭᠡ ᠶᠢ ᠤᠯᠠᠮᠵᠢᠯᠠᠬᠤ ᠭᠤᠣᠯ ᠠᠴᠢᠶᠠᠯᠠᠪᠤᠷᠢ ᠮᠥᠨ ᠂ ᠲᠡᠷᠡ ᠨᠢ ᠨᠢᠭᠡ ᠤᠯᠤᠰ ᠂ ᠨᠢᠭᠡ ᠦᠨᠳᠦᠰᠦᠲᠡᠨ ᠤ ᠦᠷᠳᠡᠭ ᠤᠨ ᠦᠵᠡᠯᠲᠡ ᠶᠢᠨ ᠰᠢᠰᠲ᠋ᠧᠮ ᠢ ᠢᠯᠡᠷᠡᠭᠦᠯᠵᠦ ᠂ ᠪᠠᠭᠰᠢ ᠶᠢᠨ ᠵᠢᠭᠠᠨ ᠰᠤᠷᠭᠠᠯᠲᠠ ᠂ ᠰᠤᠷᠤᠬᠴᠢᠳ ᠤᠨ ᠰᠤᠷᠤᠯᠴᠠᠯᠭ᠎ᠠ ᠶᠢᠨ ᠴᠢᠬᠤᠯᠠ ᠪᠠᠭᠠᠵᠢ ᠪᠣᠯᠵᠤ ᠪᠠᠶᠢᠳᠠᠭ ᠃ ᠵᠢᠭᠠᠬᠤ ᠮᠠᠲ᠋ᠧᠷᠢᠶᠠᠯ ᠳᠤ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠱᠠᠭᠠᠷᠳᠠᠯᠭ᠎ᠠ ᠶᠢ ᠢᠯᠡᠷᠡᠭᠦᠯᠵᠦ ᠂ ᠳᠤᠮᠳᠠᠳᠤ ᠤᠯᠤᠰ ᠪᠠ ᠳᠤᠮᠳᠠᠳᠤ ᠶᠢᠨ ᠦᠨᠳᠦᠰᠦᠲᠡᠨ ᠤ ᠬᠡᠪ ᠨᠠᠮᠪᠠ ᠶᠢ ᠢᠯᠡᠷᠡᠭᠦᠯᠵᠦ ᠂ ᠨᠠᠮ ᠪᠠ ᠤᠯᠤᠰ ᠤᠨ ᠰᠤᠷᠭᠠᠨ ᠬᠥᠮᠦᠵᠢᠯ ᠳᠠᠬᠢ ᠦᠨᠳᠦᠰᠦᠨ ᠱᠠᠭᠠᠷᠳᠠᠯᠭ᠎ᠠ ᠶᠢ ᠢᠯᠡᠷᠡᠭᠦᠯᠵᠦ ᠂ ᠤᠯᠤᠰ ᠪᠠ ᠦᠨᠳᠦᠰᠦᠲᠡᠨ ᠤ ᠦᠨᠳᠦᠰᠦᠨ ᠥᠷᠲᠡᠭ ᠤᠨ ᠦᠵᠡᠯᠲᠡ ᠶᠢ ᠢᠯᠡᠷᠡᠭᠦᠯᠵᠦ ᠂ ᠬᠥᠮᠥᠨ ᠲᠥᠷᠥᠯᠬᠢᠲᠡᠨ ᠤ ᠰᠣᠶᠣᠯ ᠤᠨ ᠮᠡᠳᠡᠯᠭᠡ ᠶᠢᠨ ᠬᠤᠷᠠᠮᠳᠤᠭᠤᠯᠤᠯ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ