ᠰᠢ ᠶᠢᠨ ᠫᠢᠩ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠭᠠᠳᠠᠭᠠᠳᠤ ᠶᠢᠨ ᠤᠳᠤᠷᠢᠳᠬᠤ ᠬᠦᠮᠦᠰ ᠯᠦᠭᠡ ᠶᠢᠨ ᠬᠤᠶᠠᠷ ᠲᠠᠯ᠎ᠠ ᠶᠢᠨ ᠬᠢᠨ ᠤ ᠠᠵᠢᠯᠯᠠᠭ᠎ᠠ ᠳᠤ ᠣᠷᠣᠯᠴᠠᠬᠤ ᠪᠣᠯᠣᠨ᠎ᠠ
ᠨᠡᠶᠢᠲᠡᠯᠡᠭᠰᠡᠨ ᠴᠠᠭ᠄
2024/9/3
      2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ 9 ᠳ᠋ᠦ᠋ᠭᠡᠷ ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠬᠤ ᠪᠣᠯᠣᠨ᠎ᠠ ᠃ ᠳᠤᠮᠳᠠᠳᠤ ᠠᠹᠷᠢᠺᠠ ᠶᠢᠨ ᠤᠳᠤᠷᠢᠳᠬᠤ ᠬᠥᠮᠦᠰ ︽ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠵᠤ᠂ ᠥᠨᠳᠥᠷ ᠲᠦᠪᠰᠢᠨ ᠪᠥᠬᠦᠶ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ ᠬᠠᠮᠲᠤ ᠪᠠᠷ ᠨᠥᠬᠦᠷᠯᠡᠯ ᠢᠶᠠᠨ ᠬᠦᠦᠷᠨᠢᠵᠦ ᠂ ᠬᠠᠮᠲᠤ ᠪᠠᠷ ᠬᠠᠮᠲᠤᠷᠠᠯᠴᠠᠭ᠎ᠠ ᠪᠠᠨ ᠵᠥᠪᠳᠡᠯᠴᠡᠵᠦ᠂ ᠬᠠᠮᠲᠤ ᠪᠠᠷ ᠢᠷᠡᠭᠡᠳᠦᠶ ᠪᠠᠨ ᠶᠠᠷᠢᠯᠴᠠᠬᠤ ᠪᠠᠷ ᠪᠤᠢ ᠃ ᠡᠨᠡ ᠪᠤᠯ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ 2006 ᠤᠨ ᠤ ᠪᠡᠬᠡᠵᠢᠩ ᠳᠠᠬᠢ ᠲᠦᠷᠤᠬᠦᠴᠤᠳ ᠤᠨ ᠬᠤᠷᠠᠯ᠂ 2015 ᠤᠨ ᠤ ᠶᠣᠬᠠᠨᠨᠧᠰᠪᠦ᠋ᠷᠡᠭ ᠲᠠᠬᠢ ᠲᠦᠷᠤᠬᠦᠴᠤᠳ ᠤᠨ ᠬᠤᠷᠠᠯ᠂ 2018 ᠤᠨ ᠤ ᠪᠡᠬᠡᠵᠢᠩ ᠳᠠᠬᠢ ᠲᠦᠷᠤᠬᠦᠴᠤᠳ ᠤᠨ ᠬᠤᠷᠠᠯ ᠠᠴᠠ ᠳᠠᠷᠠᠭᠠᠬᠢ ᠳᠤᠮᠳᠠᠳᠤ ᠠᠹᠷᠢᠺᠠ ᠶᠢᠨ ᠨᠦᠬᠦᠷᠰᠡᠭ ᠶᠡᠭᠡ ᠭᠡᠷ ᠪᠦᠯᠢ ᠶᠢᠨ  ᠬᠢᠨ ᠤ ᠪᠠᠰᠠ ᠨᠢᠭᠡᠨ ᠤᠳᠠᠭᠠᠨ ᠤ ᠶᠡᠭᠡ ᠠᠭᠤᠯᠵᠠᠯᠲᠠ ᠮᠥᠨ ᠂ ᠪᠠᠰᠠ ᠴᠤ ᠳᠤᠮᠳᠠᠳᠤ ᠤᠯᠤᠰ ᠤᠨ ᠤᠶᠢᠷ᠎ᠠ ᠶᠢᠨ ᠵᠢᠯ ᠤᠳ ᠲᠤ ᠡᠷᠬᠢᠯᠡᠭᠰᠡᠨ ᠬᠡᠪᠴᠢᠶ᠎ᠡ ᠪᠠᠷ ᠬᠠᠮᠤᠭ ᠤᠨ ᠶᠡᠭᠡ᠂ ᠭᠠᠳᠠᠭᠠᠳᠤ ᠤᠯᠤᠰ ᠤᠨ ᠤᠳᠤᠷᠢᠳᠬᠤ ᠬᠦᠮᠦᠰ ᠬᠠᠮᠤᠭ ᠤᠨ ᠤᠯᠠᠨ ᠣᠷᠣᠯᠴᠠᠬᠤ ᠭᠤᠤᠯ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠪᠣᠯᠣᠨ᠎ᠠ ᠃      ᠤᠯᠤᠰ ᠤᠨ ᠲᠡᠷᠢᠭᠦᠯᠡᠭᠴᠢ ᠰᠢ  ᠶᠢᠨ ᠫᠢᠩ 9 ᠳ᠋ᠦ᠋ᠭᠡᠷ ᠰᠠᠷ᠎ᠠ ᠶᠢᠨ 5 ᠤ ᠡᠳᠦᠷ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠤ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠬᠤ ᠪᠣᠯᠣᠨ᠎ᠠ ᠃ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠲᠡᠷᠢᠭᠦᠯᠡᠭᠴᠢ ᠰᠢ  ᠶᠢᠨ ᠫᠢᠩ ᠪᠠᠰᠠ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠲᠢᠪ ᠤᠨ ᠲᠠᠯ᠎ᠠ ᠶᠢᠨ ᠪᠦᠷᠢᠯᠳᠦᠬᠦᠨ ᠤ ᠤᠳᠤᠷᠢᠳᠬᠤ ᠬᠥᠮᠦᠰ᠂ ᠠᠹᠷᠢᠺᠠ ᠲᠢᠪ ᠤᠨ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠬᠢᠭᠡᠳ ᠤᠯᠠᠨ ᠤᠯᠤᠰ ᠤᠨ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ  ᠯᠦᠭᠡ ᠤᠭᠲᠤᠬᠤ ᠳᠠᠶᠢᠯᠠᠯᠭ᠎ᠠ ᠪᠠ ᠬᠤᠯᠪᠣᠭᠳᠠᠯ ᠪᠦᠬᠦᠢ ᠬᠤᠶᠠᠷ ᠲᠠᠯ᠎ᠠ ᠶᠢᠨ ᠠᠵᠢᠯᠯᠠᠭ᠎ᠠ ᠶᠢ ᠥᠷᠨᠢᠭᠦᠯᠬᠦ ᠪᠣᠯᠤᠨ᠎ᠠ᠃      9 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦᠭᠦᠴᠦᠳ ᠤᠨ ᠬᠤᠷᠠᠯ ᠳᠤ ᠣᠷᠣᠯᠴᠠᠬᠤ ᠪᠠᠷ ᠢᠷᠡᠭᠰᠡᠨ ᠺᠤᠩᠭᠣ᠋ ︵ ᠺᠢᠨᠱᠠᠰᠠ ︶ ᠶᠢᠨ ᠶᠡᠷᠦᠩᠬᠡᠶᠢᠯᠡᠭᠴᠢ ᠴᠢᠰᠠᠶᠢᠺᠧᠳᠢ ᠲᠠᠢ ᠠᠭᠤᠯᠵᠠᠪᠠ᠃ ᠡᠨᠡ ᠪᠣᠯ ᠲᠡᠷᠢᠭᠦᠯᠡᠭᠴᠢ ᠰᠢ  ᠶᠢᠨ ᠫᠢᠩ ᠲᠦᠷᠦᠭᠦᠴᠦᠳ ᠤᠨ ᠬᠤᠷᠠᠯ ᠳᠤ ᠣᠷᠣᠯᠴᠠᠬᠤ ᠭᠠᠳᠠᠭᠠᠳᠤ ᠶᠢᠨ ᠲᠠᠯ᠎ᠠ ᠶᠢᠨ ᠤᠳᠤᠷᠢᠳᠬᠤ ᠬᠥᠮᠦᠰ  ᠯᠦᠭᠡ ᠬᠤᠷᠠᠯᠳᠤᠭᠤᠯᠤᠭᠰᠠᠨ ᠬᠤᠶᠠᠷ ᠲᠠᠯ᠎ᠠ ᠶᠢᠨ ᠠᠩᠬᠠᠳᠠᠭᠴᠢ ᠠᠵᠢᠯᠯᠠᠭ᠎ᠠ ᠪᠣᠯᠤᠨ᠎ᠠ᠃ ᠲᠡᠷᠢᠭᠦᠯᠡᠭᠴᠢ ᠰᠢ  ᠶᠢᠨ ᠫᠢᠩ ᠤᠨ ︽2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠴᠠᠭ ︾ ᠡᠬᠢᠯᠡᠪᠡ᠃       
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ