ᠰᠢ ᠶᠢᠨ ᠫᠢᠩ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/9/4
     ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ   9 ᠰᠠᠷ᠎ᠠ ᠶᠢᠨ 3 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ ᠃ 
微信图片_20240905085255.jpg
      9 ᠰᠠᠷ᠎ᠠ ᠶᠢᠨ 3 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ      ᠰᠢ ᠶᠢᠨ ᠫᠢᠩ᠂ ᠨᠢᠭᠧᠷᠢᠶ᠎ᠠ ᠪᠣᠯ ᠠᠹᠷᠢᠺᠠ ᠲᠢᠪ ᠤᠨ ᠴᠢᠬᠤᠯᠠ ᠨᠥᠯᠥᠭᠡ ᠲᠠᠢ ᠲᠣᠮᠣ ᠤᠯᠤᠰ ᠮᠥᠨ ᠂ ᠯᠤᠲᠤ ᠶᠡᠭᠡ ᠬᠥᠮᠥᠨ ᠠᠮᠠ ᠶᠢᠨ ᠬᠡᠪᠴᠢᠶ᠎ᠡ ᠪᠠ ᠬᠥᠭᠵᠢᠯᠲᠡ ᠶᠢᠨ ᠲᠠᠯᠳᠡ ᠬᠦᠴᠦᠨ ᠲᠠᠢ ᠶᠤᠮ ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠭᠠᠷᠤᠢ ᠶᠢᠨ ᠲᠤᠷᠰᠢ ᠂ ᠳᠤᠮᠳᠠᠳᠤ ᠨᠢᠭᠧᠷᠢᠶ᠎ᠠ ᠢᠮᠠᠭᠲᠠ ᠬᠠᠷᠢᠯᠴᠠᠨ ᠭᠦᠨᠳᠦᠳᠭᠡᠵᠦ ᠂ ᠡᠷᠬᠡ ᠲᠡᠭᠰᠢ ᠬᠠᠨᠳᠤᠯᠴᠠᠵᠤ ᠂ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠠᠮ ᠢᠶᠠᠷ ᠵᠠᠮᠨᠠᠪᠠ ᠃ ᠣᠶᠢᠷ᠎ᠠ ᠶᠢᠨ ᠵᠢᠯ ᠠᠴᠠ ᠂ ᠬᠤᠶᠠᠷ ᠤᠯᠤᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠲᠣᠷ᠎ᠠ ᠨᠢᠭᠡ ᠪᠦᠯᠦᠭ ᠵᠢᠱᠢᠶ᠎ᠡ ᠦᠵᠡᠭᠦᠯᠭᠦ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠯᠢ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠬᠠᠮᠲᠤ ᠪᠠᠷ ᠬᠡᠷᠡᠭᠵᠢᠭᠦᠯᠪᠡ ᠃ ᠳᠤᠮᠳᠠᠳᠤ ᠤᠯᠤᠰ ᠶᠠᠭ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠤᠢ ᠂ ᠡᠨᠡ ᠨᠢ ᠳᠤᠮᠳᠠᠳᠤ ᠨᠢᠭᠧᠷᠢᠶ᠎ᠠ ᠶᠢᠨ ᠬᠠᠷᠢᠯᠴᠠᠭᠠᠨ ᠤ ᠬᠥᠭᠵᠢᠯᠲᠡ ᠳᠤ ᠨᠡᠩ ᠤᠯᠠᠨ ᠠᠵᠠ ᠲᠣᠭᠢᠶᠠᠯ ᠠᠪᠴᠢᠷᠠᠬᠤ ᠪᠣᠯᠣᠨ᠎ᠠ ᠃ ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ ᠬᠠᠮᠲᠤᠷᠠᠯᠴᠠᠭ᠎ᠠ ᠪᠠᠷ ᠲᠤᠰ ᠲᠤᠰ ᠤᠨ ᠣᠳᠣᠬᠢᠴᠢᠯᠠᠯᠲᠠ ᠪᠠᠨ ᠭᠠᠷ ᠬᠤᠯᠪᠣᠨ ᠪᠡᠶᠡᠯᠡᠭᠦᠯᠵᠦ ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠦᠶ᠎ᠡ ᠭᠡᠵᠦ ᠵᠢᠭᠠᠵᠤ ᠭᠠᠷᠭᠠᠪᠠ ᠃      ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠵᠤ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠶ᠎ᠡ ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠦᠷᠢᠯᠳᠦᠭᠦᠯᠵᠦ ᠂ ᠰᠠᠭᠤᠷᠢ ᠲᠥᠬᠦᠭᠡᠷᠦᠮᠵᠢ ᠂ ᠡᠨᠧᠷᠭᠢ ᠶᠢᠨ ᠰᠤᠷᠪᠤᠯᠵᠢ ᠠᠭᠤᠷᠬᠠᠢ ᠶᠢᠨ ᠭᠠᠷᠤᠯᠲᠠ ᠪᠣᠯᠣᠨ ᠠᠵᠤ ᠦᠢᠯᠡᠰ ᠤᠨ ᠬᠠᠮᠲᠤᠷᠠᠯᠴᠠᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠲᠣᠭᠠᠴᠢᠯᠠᠭᠰᠠᠨ ᠠᠵᠤ ᠠᠬᠤᠢ ᠂ ᠰᠢᠨ᠎ᠡ ᠡᠨᠧᠷᠭᠢ ᠵᠡᠷᠭᠡ ᠰᠢᠨ᠎ᠡ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠢ ᠪᠣᠯᠭᠠᠶ᠎ᠠ ᠃ ᠨᠢᠭᠧᠷᠢᠶ᠎ᠠ ᠶᠢᠨ ᠲᠠᠯ᠎ᠠ ᠶᠢᠨ ᠬᠢᠨ ᠨᠢᠭᠧᠷᠢᠶ᠎ᠠ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠥᠰ ᠪᠣᠯᠣᠨ ᠲᠥᠷᠥᠯ ᠵᠦᠢᠯ ᠤᠨ ᠠᠮᠤᠷ ᠲᠦᠪᠰᠢᠨ ᠢ ᠬᠠᠮᠠᠭᠠᠯᠠᠬᠤ ᠶᠢ ᠬᠦᠰᠡᠵᠦ ᠪᠠᠶᠢᠨ᠎ᠠ ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ ᠂ ᠬᠠᠷᠢᠯᠴᠠᠨ ᠲᠠᠨᠢᠨ ᠮᠡᠳᠡᠬᠦᠢ ᠪᠠᠨ ᠨᠡᠮᠡᠭᠳᠡᠭᠦᠯᠦᠶ᠎ᠡ ᠃ ᠳᠤᠮᠳᠠᠳᠤ ᠤᠯᠤᠰ ᠨᠢᠭᠧᠷᠢᠶ᠎ᠠ ᠶᠢᠨ  ᠬᠢᠨ ᠤ ᠰᠦᠷᠳᠡᠭᠦᠯᠬᠦ ᠦᠵᠡᠯ ᠳᠤ ᠴᠣᠬᠢᠯᠲᠠ ᠥᠭᠴᠦ ᠂ ᠭᠠᠵᠠᠷ ᠣᠷᠣᠨ ᠤ ᠲᠣᠭᠲᠠᠭᠤᠨ ᠢ ᠬᠠᠮᠠᠭᠠᠯᠠᠵᠤ ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠭᠦ ᠶᠢ ᠲᠡᠮᠵᠢᠵᠥ ᠂ ᠳᠤᠷᠠᠲᠠᠶ᠎ᠠ ᠨᠢᠭᠧᠷᠢᠶ᠎ᠠ ᠶᠢᠨ  ᠬᠢᠨ ᠲᠠᠢ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ ᠃      ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠳᠤᠮᠳᠠᠳᠤ ᠠᠹᠷᠢᠺᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠪᠦᠲᠦᠮᠵᠢᠲᠡᠢ ᠲᠣᠭᠲᠠᠴᠠ ᠪᠤᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠨᠢᠭᠡᠨ ᠲᠤᠭ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠵᠦ ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃      ᠲᠢᠨᠦ᠋ᠪᠦ᠋ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷᠯᠠᠵᠤ ᠪᠠᠶᠢᠨ᠎ᠠ ᠂ ᠳᠤᠮᠳᠠᠳᠤ ᠤᠯᠤᠰ ᠤᠨ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ ᠃ ᠨᠢᠭᠧᠷᠢᠶ᠎ᠠ ᠳᠤᠮᠳᠠᠳᠤ ᠶᠢᠨ ᠬᠠᠷᠢᠯᠴᠠᠭ᠎ᠠ ᠨᠢᠭᠡᠨᠲᠡ ᠬᠠᠭᠠᠰ ᠵᠠᠭᠤᠨ ᠭᠠᠷᠤᠢ ᠦᠷᠭᠦᠯᠵᠢᠯᠡᠵᠦ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢᠭᠧᠷᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ ᠃ ᠪᠢ ᠲᠡᠷᠢᠭᠦᠯᠡᠭᠴᠢ ᠰᠢ ᠶᠢᠨ ᠫᠢᠩ ᠤᠨ ᠨᠢᠭᠧᠷᠢᠶ᠎ᠠ ᠳᠤᠮᠳᠠᠳᠤ ᠶᠢᠨ ᠬᠠᠷᠢᠯᠴᠠᠭ᠎ᠠ ᠶᠢᠨ ᠲᠤᠬᠠᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠨ᠎ᠡ ᠃ ᠨᠢᠭᠧᠷᠢᠶ᠎ᠠ ᠯᠤᠲᠤ ᠶᠡᠭᠡ ᠵᠠᠯᠠᠭᠤ ᠬᠥᠮᠥᠨ ᠠᠮᠠ ᠪᠠ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ ᠃ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠨᠢᠭᠡᠨᠲᠡ ᠠᠭᠤᠤ ᠶᠡᠭᠡ ᠠᠮᠵᠢᠯᠲᠠ ᠣᠯᠵᠠᠢ ᠂ ᠨᠢᠭᠧᠷᠢᠶ᠎ᠠ ᠶᠢᠨ  ᠬᠢᠨ ᠪᠠᠰᠠ ᠥᠭᠡᠷᠡᠴᠢᠯᠡᠯᠲᠡ ᠨᠡᠭᠡᠭᠡᠯᠲᠡ ᠬᠢᠵᠦ ᠪᠤᠢ ᠂ ᠨᠢᠭᠧᠷᠢᠶ᠎ᠠ ᠳᠤᠮᠳᠠᠳᠤ ᠠᠵᠤ ᠠᠬᠤᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠨᠢ ᠨᠢᠭᠧᠷᠢᠶ᠎ᠠ ᠶᠢᠨ ᠢᠷᠡᠭᠡᠳᠦᠢ ᠶᠢᠨ ᠬᠥᠭᠵᠢᠯᠲᠡ ᠳᠤ ᠲᠤᠶᠢᠯ ᠤᠨ ᠴᠢᠬᠤᠯᠠ ᠶᠤᠮ ᠃ ᠨᠢᠭᠧᠷᠢᠶ᠎ᠠ ᠶᠢᠨ  ᠬᠢᠨ ᠳᠤᠮᠳᠠᠳᠤ ᠤᠯᠤᠰ ᠤᠨ ᠠᠹᠷᠢᠺᠠ ᠲᠢᠪ ᠲᠠᠬᠢ ᠬᠠᠮᠤᠭ ᠤᠨ ᠶᠡᠭᠡ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠠᠨᠢᠲᠠᠨ ᠪᠤᠯᠬᠤ ᠶᠢ ᠬᠦᠰᠡᠵᠦ ᠪᠠᠶᠢᠨ᠎ᠠ ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠨᠢᠭᠧᠷᠢᠶ᠎ᠠ ᠳᠤ ᠬᠦᠷᠴᠦ ᠪᠡᠯᠡ ᠣᠷᠣᠭᠤᠯᠤᠨ ᠂ ᠬᠥᠳᠡᠭᠡ ᠠᠵᠤ ᠠᠬᠤᠢ ᠂ ᠦᠢᠯᠡᠳᠬᠦ ᠦᠢᠯᠡᠰ ᠂ ᠠᠭᠤᠷᠬᠠᠢ ᠶᠢᠨ ᠡᠨᠧᠷᠭᠢ ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ ᠂ ᠨᠢᠭᠧᠷᠢᠶ᠎ᠠ ᠪᠣᠯᠣᠨ ᠪᠠᠷᠠᠭᠤᠨ ᠬᠡᠰᠡᠭ ᠤᠨ ᠠᠹᠷᠢᠺᠠ ᠲᠢᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠂ ᠶᠠᠳᠠᠭᠤ ᠠᠴᠠ ᠪᠦᠲᠦᠮᠵᠢᠲᠡᠢ ᠠᠩᠭᠢᠵᠢᠷᠠᠭᠤᠯᠬᠤ ᠶᠢ ᠪᠠᠶᠠᠷᠯᠠᠨ ᠤᠭᠲᠤᠨ᠎ᠠ ᠂ ᠨᠢᠭᠧᠷᠢᠶ᠎ᠠ ᠶᠢᠨ  ᠬᠢᠨ ᠳᠤᠷᠠᠲᠠᠶ᠎ᠠ ᠡᠭᠦᠨ ᠳᠤ ᠰᠠᠶᠢᠨ ᠰᠠᠶᠢᠬᠠᠨ ᠠᠮᠤᠷ ᠲᠦᠪᠰᠢᠨ ᠤ ᠨᠥᠬᠦᠴᠡᠯ ᠬᠠᠩᠭᠠᠨ᠎ᠠ ᠃ ᠳᠤᠮᠳᠠᠳᠤ ᠤᠯᠤᠰ ᠨᠢᠭᠧᠷᠢᠶ᠎ᠠ ᠶᠢᠨ ᠵᠠᠯᠠᠭᠤᠴᠤᠳ ᠲᠤ ᠴᠢᠬᠤᠯᠠ ᠪᠣᠯᠪᠠᠰᠤᠷᠠᠯ ᠤᠨ ᠲᠣᠭᠢᠶᠠᠯ ᠬᠠᠩᠭᠠᠭᠰᠠᠨ ᠳᠤ ᠲᠠᠯᠠᠷᠬᠠᠵᠤ ᠪᠠᠶᠢᠨ᠎ᠠ ᠂ ᠳᠤᠷᠠᠲᠠᠶ᠎ᠠ ᠳᠤᠮᠳᠠᠳᠤ ᠤᠯᠤᠰ ᠲᠠᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ ᠃ ᠨᠢᠭᠧᠷᠢᠶ᠎ᠠ ᠶᠢᠨ  ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠡᠷᠡᠰ ᠳᠡᠮᠵᠢᠯᠴᠡᠨ᠎ᠡ ᠃ ᠨᠢᠭᠧᠷᠢᠶ᠎ᠠ ᠶᠢᠨ  ᠬᠢᠨ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠠᠵᠤ ᠠᠬᠤᠢ ᠶᠢᠨ ᠬᠥᠭᠵᠢᠯᠲᠡ ᠂ ᠳᠣᠬᠢᠭᠤᠷ ᠲᠤᠯᠤᠭᠠᠨ ᠤᠳᠤ ᠳᠠᠭᠠᠭᠤᠯᠢ ᠤᠳᠤᠨ ᠤ ᠵᠠᠮᠴᠢᠯᠠᠬᠤ ᠰᠢᠰᠲ᠋ᠧᠮ ᠤᠨ ᠬᠡᠷᠡᠭᠯᠡᠭᠡᠨ ᠂ ᠯᠣᠬᠠᠱᠧᠩ ᠢ ᠳᠤᠮᠳᠠᠳᠤ ᠤᠯᠤᠰ ᠲᠤ ᠣᠷᠣᠭᠤᠯᠬᠤ ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃      ᠬᠤᠶᠠᠷ ᠲᠠᠯ᠎ᠠ ᠪᠠᠷ ᠢᠶᠠᠨ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠨᠢᠭᠧᠷᠢᠶ᠎ᠠ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠨᠢᠭᠧᠷᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃      ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠲᠢᠨᠦ᠋ᠪᠦ᠋ ᠶᠢ ᠤᠭᠲᠤᠬᠤ ᠶᠣᠰᠣᠯᠠᠯ ᠶᠠᠪᠤᠭᠤᠯᠪᠠ ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃       
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ