ᠰᠢ ᠶᠢᠨ ᠫᠢᠩ ᠪᠣᠯᠣᠨ ᠫᠧᠩ ᠯᠢ ᠶᠤᠸᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠤᠯᠠᠨ ᠤᠯᠤᠰ ᠤᠨ ᠡᠷᠬᠢᠮ ᠵᠣᠴᠢᠳ ᠢ ᠤᠭᠲᠤᠬᠤ ᠳᠠᠶᠢᠯᠠᠯᠭ᠎ᠠ ᠬᠢᠪᠡ
ᠨᠡᠶᠢᠲᠡᠯᠡᠭᠰᠡᠨ ᠴᠠᠭ᠄
2024/9/5
      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 4 ᠤ ᠴᠠᠭᠢᠯᠭᠠᠨ ᠮᠡᠳᠡᠭᠡ   9 ᠰᠠᠷ᠎ᠠ ᠶᠢᠨ 4 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠶᠢᠨ  ᠬᠢᠨ ᠵᠢᠴᠢ ᠤᠯᠠᠨ ᠤᠯᠤᠰ ᠤᠨ ᠡᠷᠬᠢᠮ ᠵᠣᠴᠢᠳ ᠢ ᠤᠭᠲᠤᠪᠠ ᠃ 
微信图片_20240905161641.jpg
      9 ᠰᠠᠷ᠎ᠠ ᠶᠢᠨ 4 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠵᠢᠴᠢ ᠤᠯᠠᠨ ᠤᠯᠤᠰ ᠤᠨ ᠡᠷᠬᠢᠮ ᠵᠣᠴᠢᠳ ᠢ ᠤᠭᠲᠤᠪᠠ ᠃ ᠵᠢᠷᠤᠭ ᠪᠣᠯ ᠰᠢ ᠶᠢᠨ ᠫᠢᠩ ᠪᠠᠶᠠᠷ ᠤᠨ ᠦᠭᠡ ᠬᠡᠯᠡᠵᠦ ᠪᠠᠶᠢᠭ᠎ᠠ ᠨᠢ ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ   ᠶᠣᠣ ᠳ᠋ᠠ ᠸᠧᠢ   ᠰᠡᠭᠦᠳᠡᠷᠯᠡᠪᠡ       ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠣᠷᠣᠯᠴᠠᠪᠠ ᠃ 
微信图片_20240905161651.jpg
      9 ᠰᠠᠷ᠎ᠠ ᠶᠢᠨ 4 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠵᠢᠴᠢ ᠤᠯᠠᠨ ᠤᠯᠤᠰ ᠤᠨ ᠡᠷᠬᠢᠮ ᠵᠣᠴᠢᠳ ᠢ ᠤᠭᠲᠤᠪᠠ ᠃ ᠵᠢᠷᠤᠭ ᠪᠣᠯ ᠳᠠᠶᠢᠯᠠᠯᠭ᠎ᠠ ᠠᠴᠠ ᠡᠮᠦᠨ᠎ᠡ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ   ᠳ᠋ᠢᠩ ᠯᠢᠨ   ᠰᠡᠭᠦᠳᠡᠷᠯᠡᠪᠡ       9 ᠰᠠᠷ᠎ᠠ ᠶᠢᠨ ᠪᠡᠭᠡᠵᠢᠩ ᠳᠤ ᠨᠠᠮᠤᠷ ᠤᠨ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ ᠪᠠᠶᠢᠯ᠎ᠠ ᠃ ᠰᠦᠷ ᠵᠢᠪᠬᠤᠯᠠᠩᠲᠤ ᠠᠷᠠᠳ ᠤᠨ ᠶᠡᠭᠡ ᠬᠤᠷᠠᠯ ᠤᠨ ᠲᠠᠩᠬᠢᠮ ᠳᠤ ᠂ ᠳᠤᠮᠳᠠᠳᠤ ᠤᠯᠤᠰ ᠤᠨ ᠤᠯᠤᠰ ᠤᠨ ᠲᠤᠭ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠦᠷᠢᠯᠳᠦᠭᠦᠨ ᠤᠯᠤᠰ ᠤᠳ ᠤᠨ ᠤᠯᠤᠰ ᠤᠨ ᠲᠤᠭ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠤᠭ ᠥᠩᠭᠡ ᠢᠯᠭᠠᠷᠠᠨ ᠰᠣᠯᠣᠩᠭᠠᠷᠠᠪᠠ ᠃      ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ 51 ᠨᠡᠷᠡᠰ ᠠᠹᠷᠢᠺᠠ ᠲᠢᠪ ᠤᠨ ᠤᠯᠤᠰ ᠤᠳ ᠤᠨ ᠲᠡᠷᠢᠭᠦᠨ ᠂ ᠵᠠᠰᠠᠭ ᠤᠨ ᠣᠷᠳᠣᠨ ᠤ ᠲᠦᠷᠦᠭᠦᠴᠦᠳ ᠵᠢᠴᠢ ᠲᠡᠭᠦᠨ ᠤ ᠬᠠᠨᠢ ᠨᠥᠬᠦᠷ ᠶᠡᠷᠦᠩᠬᠡᠶᠢᠯᠡᠭᠴᠢ ᠶᠢᠨ 2 ᠲᠥᠯᠥᠭᠡᠯᠡᠭᠴᠢ ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠵᠡᠷᠭᠡ ᠡᠷᠬᠢᠮ ᠵᠣᠴᠢᠳ ᠤᠷᠢᠳ ᠬᠤᠵᠢᠳ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠦᠷᠪᠡ ᠃ ᠰᠢ ᠶᠢᠨ ᠫᠢᠩ ᠪᠣᠯᠣᠨ ᠫᠧᠩ ᠯᠢ ᠶᠤᠸᠠᠨ ᠬᠠᠯᠠᠭᠤᠨ ᠢᠶᠠᠷ ᠤᠭᠲᠤᠵᠤ ᠂ ᠲᠡᠳᠡᠨ ᠲᠠᠢ ᠲᠤᠰ ᠲᠤᠰ ᠭᠠᠷ ᠠᠳᠬᠤᠵᠤ ᠮᠡᠨᠳᠦᠴᠢᠯᠡᠭᠰᠡᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ ᠃      ᠴᠣᠪᠣᠭᠤ ᠬᠥᠭᠡᠷᠦᠬᠦᠨ ᠪᠠᠭᠠᠴᠤᠳ ᠬᠡᠦᠬᠡᠳ ᠢᠷᠠᠭᠤ ᠰᠠᠶᠢᠬᠠᠨ ᠳᠠᠭᠤᠤ ᠪᠠᠨ ᠳᠠᠭᠤᠯᠠᠵᠤ ᠂ ᠠᠹᠷᠢᠺᠠ ᠲᠢᠪ ᠤᠨ ᠬᠡᠩᠭᠡᠷᠭᠡ ᠳᠡᠯᠡᠳᠴᠦ ᠂ ᠳᠠᠭᠤᠯᠠᠨ ᠪᠥᠵᠢᠭᠯᠡᠵᠦ ᠂ ᠠᠯᠤᠰ ᠠᠴᠠ ᠬᠦᠷᠦᠯᠴᠡᠨ ᠢᠷᠡᠭᠰᠡᠨ ᠤᠯᠠᠨ ᠤᠯᠤᠰ ᠤᠨ ᠡᠷᠬᠢᠮ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃      ᠢᠷᠠᠭᠤ ᠰᠠᠶᠢᠬᠠᠨ ᠤᠭᠲᠤᠯᠭ᠎ᠠ ᠶᠢᠨ ᠠᠶᠠᠰ ᠬᠥᠭᠵᠢᠮ ᠤᠨ ᠳᠤᠮᠳᠠ ᠂ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ᠳᠠᠶᠢᠯᠠᠯᠭ᠎ᠠ ᠶᠢᠨ ᠲᠢᠩᠬᠢᠮ ᠳᠤ ᠠᠯᠬᠤᠨ ᠣᠷᠣᠪᠠ ᠃      ᠰᠢ ᠶᠢᠨ ᠫᠢᠩ ᠪᠠᠶᠠᠷ ᠤᠨ ᠦᠭᠡ ᠬᠡᠯᠡᠵᠦ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠡᠷᠬᠢᠮ ᠵᠣᠴᠢᠳ ᠢ ᠪᠠᠶᠠᠷᠯᠠᠨ ᠤᠭᠲᠤᠪᠠ ᠃      ᠰᠢ ᠶᠢᠨ ᠫᠢᠩ ᠂ ᠠᠹᠷᠢᠺᠠ ᠲᠢᠪ ᠤᠨ ᠨᠠᠶᠢᠵᠠ ᠨᠠᠷ ᠲᠠᠢ ᠠᠭᠤᠯᠵᠠᠬᠤ ᠪᠦᠷᠢ ᠨᠠᠳᠠᠳᠤ ᠲᠤᠩ ᠳᠣᠲᠣᠨᠣ ᠰᠠᠨᠠᠭᠳᠠᠳᠠᠭ ᠂ ᠢᠯᠠᠩᠭᠤᠶ᠎ᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠠᠭᠤᠷᠢ ᠪᠠᠲᠤ ᠂ ᠡᠭᠢᠯᠡᠯᠲᠡ ᠶᠢᠨ ᠴᠡᠭ ᠥᠨᠳᠥᠷ ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠦᠵᠡᠭᠦᠯᠦᠭᠰᠡᠨ ᠢ ᠭᠦᠨᠵᠡᠭᠡᠢ ᠮᠡᠳᠡᠷᠡᠵᠦ ᠣᠯᠳᠠᠭ ᠃ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠤᠯᠠᠮᠵᠢᠯᠠᠯᠲᠤ ᠨᠥᠬᠦᠷᠯᠡᠯ ᠳᠤ ᠦᠨᠳᠦᠰᠦᠯᠡᠵᠦ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠳᠡᠭᠡᠷ᠎ᠡ ᠢᠯᠡᠷᠡᠵᠦ ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠳᠤᠮᠳᠠ ᠪᠤᠵᠠᠭᠠᠶᠢᠷᠠᠪᠠ ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠠᠢ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠺᠣᠯᠣᠨᠢᠴᠢᠯᠠᠯ ᠢ ᠡᠰᠡᠷᠭᠦᠴᠡᠬᠦ ᠡᠵᠡᠷᠬᠡᠬᠦ ᠦᠵᠡᠯ ᠢ ᠡᠰᠡᠷᠭᠦᠴᠡᠬᠦ ᠲᠡᠮᠡᠴᠡᠯ ᠳᠤᠮᠳᠠ ᠮᠥᠷᠥ ᠵᠡᠷᠭᠡᠴᠡᠨ ᠲᠡᠮᠡᠴᠡᠵᠦ ᠂ ᠬᠥᠭᠵᠢᠨ ᠮᠠᠨᠳᠤᠬᠤ ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠨ ᠤᠷᠤᠭᠰᠢᠯᠠᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠳᠡᠭᠡᠷ᠎ᠡ ᠬᠦᠴᠦ ᠪᠠᠨ ᠬᠠᠮᠲᠤᠳᠬᠠᠨ ᠬᠠᠮᠵᠢᠯᠴᠠᠪᠠ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠳᠤᠮᠳᠠᠳᠤ ᠠᠹᠷᠢᠺᠠ ᠶᠢᠨ ᠨᠥᠬᠦᠷᠯᠡᠯ ᠦᠷᠭᠦᠯᠵᠢᠯᠡᠨ ᠤᠯᠠᠮᠵᠢᠯᠠᠭᠳᠠᠵᠤ  ᠶᠠᠪᠤᠬᠤ ᠲᠤᠳᠤᠮ ᠪᠠᠬᠢᠵᠢᠪᠡ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠬᠦᠰᠡᠯ ᠵᠡᠭᠦᠳᠦ ᠮᠥᠨ ᠂ ᠣᠳᠣᠬᠢᠴᠢᠯᠠᠯᠲᠠ ᠪᠣᠯ ᠬᠦᠰᠡᠯ ᠵᠡᠭᠦᠳᠦ ᠶᠢ ᠪᠣᠳᠠᠲᠤ ᠠᠬᠤᠢ ᠲᠠᠢ ᠬᠤᠯᠪᠣᠬᠤ ᠵᠠᠶᠢᠯᠠᠰᠢ ᠦᠭᠡᠢ ᠵᠠᠮ ᠮᠥᠨ ᠃ ᠥᠩᠭᠡᠷᠡᠭᠰᠡᠨ ᠪᠠ ᠤᠳᠤ ᠭᠡᠰᠡᠨ ᠦᠭᠡᠢ ᠂ ᠳᠤᠮᠳᠠᠳᠤ ᠠᠹᠷᠢᠺᠠ ᠪᠣᠯ ᠴᠥᠮ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠬᠤᠰᠢᠭᠤᠴᠢ ᠮᠥᠨ ᠂ ᠢᠷᠡᠭᠡᠳᠦᠢ ᠳᠤ ᠪᠠᠰᠠ ᠯᠠᠪᠲᠠᠢ ᠭᠠᠷ ᠬᠤᠯᠪᠣᠨ ᠣᠳᠣᠬᠢᠴᠢᠯᠠᠯᠲᠠ ᠶᠢᠨ ᠠᠬᠢᠴᠠ ᠶᠢᠨ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ ᠃ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠨᠢᠭᠡ ᠰᠡᠳᠬᠢᠯ ᠨᠢᠭᠡ ᠴᠢᠭᠯᠡᠯ ᠢᠶᠠᠷ ᠤᠷᠤᠭᠰᠢᠯᠠᠳᠠᠭ ᠯᠠ ᠶᠤᠮ ᠪᠣᠯ ᠣᠳᠣᠬᠢᠴᠢᠯᠠᠯᠲᠠ ᠶᠢᠨ ᠵᠠᠮ ᠳᠡᠭᠡᠷ᠎ᠡ ᠯᠠᠪᠲᠠᠢ ᠭᠡᠷᠡᠯ ᠰᠠᠴᠤᠷᠠᠩᠭᠤᠢ ᠠᠮᠵᠢᠯᠲᠠ ᠶᠢ ᠬᠠᠮᠲᠤ ᠪᠠᠷ ᠡᠭᠦᠳᠴᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠦᠢᠯᠡᠰ ᠤᠨ ᠥᠷᠨᠢᠨ ᠬᠥᠭᠵᠢᠬᠦ ᠶᠢ ᠬᠥᠲᠥᠯᠥᠨ ᠳᠠᠭᠠᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ ᠭᠡᠳᠡᠭ ᠢ ᠪᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ ᠃ ︵ ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ ︶      ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠹᠠᠶᠧ ᠠᠹᠷᠢᠺᠠ ᠶᠢᠨ ᠲᠠᠯ᠎ᠠ ᠶᠢᠨ ᠤᠳᠤᠷᠢᠳᠬᠤ ᠬᠥᠮᠥᠰ ᠢ ᠲᠥᠯᠥᠭᠡᠯᠡᠨ ᠨᠥᠭᠦᠷᠰᠡᠭ ᠳᠤᠮᠳᠠᠳᠤ ᠤᠯᠤᠰ ᠤᠨ ᠠᠷᠠᠳ ᠲᠦᠮᠡᠨ ᠤ ᠬᠠᠯᠠᠭᠤᠮᠰᠤᠭ ᠵᠣᠴᠢᠯᠠᠭ᠎ᠠ ᠪᠠ ᠨᠢᠮᠪᠠᠢ ᠲᠣᠬᠢᠷᠠᠭᠤᠯᠤᠯᠲᠠ ᠳᠤ ᠲᠠᠯᠠᠷᠬᠠᠵᠤ ᠂ ᠠᠹᠷᠢᠺᠠ ᠳᠤᠮᠳᠠᠳᠤ ᠶᠢᠨ ᠨᠥᠬᠦᠷᠯᠡᠯ ᠤᠨ ᠰᠠᠭᠤᠷᠢ ᠭᠦᠨ ᠵᠤᠵᠠᠭᠠᠨ ᠂ ᠥᠨᠢ ᠤᠳᠠᠭᠠᠨ ᠤᠯᠠᠮᠵᠢᠯᠠᠯ ᠲᠠᠢ ᠂ ᠬᠤᠶᠠᠷ ᠲᠠᠯ᠎ᠠ ᠶᠢᠨ ᠣᠶᠢᠯᠠᠭᠠᠭᠳᠠᠬᠤᠨ ᠠᠳᠠᠯᠢᠪᠲᠤᠷ ᠂ ᠡᠷᠬᠡ ᠲᠡᠭᠰᠢ ᠪᠠᠷ ᠬᠠᠨᠳᠤᠯᠴᠠᠵᠤ ᠂ ᠬᠠᠷᠢᠯᠴᠠᠨ ᠭᠦᠨᠳᠦᠳᠭᠡᠵᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ ᠂ ᠪᠦᠯᠬᠦᠮᠳᠡᠨ ᠬᠠᠮᠲᠤᠷᠠᠯᠴᠠᠵᠤ ᠂ ᠨᠡᠩ ᠡᠷᠬᠡ ᠲᠡᠭᠰᠢ ᠡᠮᠬᠢ ᠳᠢᠭᠯᠢᠮ ᠲᠠᠢ ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠶᠢ ᠰᠠᠨᠠᠭᠠᠴᠢᠯᠠᠨ᠎ᠠ ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠲᠤᠰ ᠪᠡᠶ᠎ᠡ ᠶᠢᠨ ᠲᠦᠷᠭᠡᠨ ᠬᠥᠭᠵᠢᠯᠲᠡ ᠪᠠᠨ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠡᠯᠡᠬᠡᠢ ᠶᠢᠨ ᠡᠩᠬᠡ ᠲᠠᠶᠢᠪᠤᠩ ᠪᠣᠯᠣᠨ ᠨᠡᠮᠡᠭᠳᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ ᠠᠹᠷᠢᠺᠠ ᠲᠢᠪ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠰᠢᠷᠢᠰ ᠴᠢᠬᠤᠯᠠ ᠰᠠᠨᠠᠭᠠᠴᠢᠯᠠᠭ᠎ᠠ ᠵᠢᠴᠢ ᠶᠠᠷᠢᠶᠠᠨ ᠤ ᠲᠠᠪᠴᠠᠩ ᠤᠨ ᠲᠣᠭᠲᠠᠴᠠ ᠶᠢᠨ ᠪᠠᠶᠢᠭᠤᠯᠤᠯᠲᠠ ᠶᠢ ᠪᠠᠭᠲᠠᠭᠠᠭᠰᠠᠨ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠠᠬᠢᠭᠤᠯᠬᠤ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠹᠷᠢᠺᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ ᠂ ᠬᠠᠮᠲᠤ ᠶᠢᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠨ᠎ᠠ ᠭᠡᠵᠦ ᠢᠯᠡᠳᠬᠡᠪᠡ ᠃      ᠳᠠᠶᠢᠯᠠᠯᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ︽ ᠭᠠᠷ ᠬᠤᠯᠪᠣᠨ ᠬᠠᠮᠲᠤ ᠪᠠᠷ ᠤᠷᠤᠭᠰᠢᠯᠠᠵᠤ ᠢᠷᠡᠭᠡᠳᠦᠢ ᠪᠠᠨ ᠬᠠᠮᠲᠤ ᠪᠠᠷ ᠴᠣᠭᠴᠠᠯᠠᠶ᠎ᠠ ︾ ᠭᠡᠬᠦ ᠤᠷᠠᠨ ᠰᠠᠶᠢᠬᠠᠨ ᠤ ᠲᠣᠬᠯᠠᠯᠲᠠ ᠶᠢ ᠰᠣᠨᠢᠷᠬᠠᠪᠠ ᠃ ᠲᠣᠬᠯᠠᠯᠲᠠ ᠨᠢ ᠳᠤᠮᠳᠠᠳᠤ ᠠᠹᠷᠢᠺᠠ ᠶᠢᠨ ᠲᠠᠩᠰᠤᠭ ᠰᠠᠶᠢᠬᠠᠨ ᠪᠣᠯᠪᠠᠰᠤᠨ ᠤ ᠬᠠᠮᠲᠤ ᠶᠢᠨ ᠠᠵᠢᠯᠯᠠᠭ᠎ᠠ ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠳᠣᠲᠣᠨᠣ ᠬᠠᠶᠢᠷ᠎ᠠ ᠰᠡᠳᠬᠢᠯᠭᠡ ᠶᠢ ᠢᠯᠡᠷᠡᠭᠦᠯᠵᠦ ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠶᠠᠪᠤᠭᠳᠠᠪᠠ ᠃      ᠸᠠᠩ ᠢ ᠂ ᠶᠢᠨ ᠯᠢ ᠂ ᠯᠢ ᠱᠤ᠋ ᠯᠧᠢ ᠂ ᠾᠧ ᠯᠢ ᠹᠧᠩ ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ