2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠤᠭᠲᠤᠬᠤ ᠳᠠᠶᠢᠯᠠᠯᠭ᠎ᠠ ᠳᠡᠭᠡᠷᠡᠬᠢ ᠰᠠᠷᠬᠤᠳ ᠡᠷᠭᠦᠬᠦ ᠦᠭᠡ
ᠨᠡᠶᠢᠲᠡᠯᠡᠭᠰᠡᠨ ᠴᠠᠭ᠄
2024/9/5
  ︵ 2024 ᠣᠨ ᠤ 9 ᠰᠠᠷ᠎ᠠ ᠶᠢᠨ 4 ᠤ ᠡᠳᠦᠷ ᠂ ᠪᠡᠭᠡᠵᠢᠩ ᠳᠤ ︶ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ   ᠰᠢ ᠶᠢᠨ ᠫᠢᠩ ᠬᠦᠨᠳᠦᠲᠦ ᠶᠡᠷᠦᠩᠬᠡᠶᠢᠯᠡᠭᠴᠢ ᠹᠠᠶᠧ ᠂ ᠬᠦᠨᠳᠦᠲᠦ ᠬᠠᠮᠲᠤ ᠠᠵᠢᠯᠯᠠᠭᠴᠢ ᠪᠠ ᠬᠠᠲᠤᠭᠲᠠᠢ ᠨᠠᠷ ᠂ ᠡᠷᠬᠢᠮ ᠨᠠᠶᠢᠵᠠ ᠨᠠᠷ ᠂ ᠡᠷᠬᠢᠮ ᠵᠣᠴᠢᠳ ᠠ᠋᠄      ᠦᠳᠡᠰᠢ ᠶᠢᠨ ᠮᠡᠨᠳᠦ ᠠᠶᠢᠯᠠᠳᠬᠠᠶ᠎ᠠ︕      ᠲᠠ ᠤᠯᠠᠨ ᠲᠠᠢ ᠬᠠᠮᠲᠤ ᠪᠠᠷ ᠰᠢᠨ᠎ᠡ ᠨᠢᠭᠡ ᠤᠳᠠᠭᠠᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢ ᠤᠭᠲᠤᠬᠤ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠂ ᠬᠠᠲᠤᠨ ᠲᠠᠢ ᠪᠠᠨ ᠬᠠᠮᠲᠤ ᠂ ᠡᠷᠬᠢᠮ ᠵᠣᠴᠢᠳ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕      ᠬᠠᠷᠢᠯᠴᠠᠨ ᠮᠡᠳᠡᠯᠴᠡᠪᠡᠯ ᠬᠤᠯᠠ ᠣᠶᠢᠷ᠎ᠠ ᠳᠤ ᠨᠥᠯᠥᠭᠡᠯᠡᠭᠳᠡᠬᠦ ᠦᠭᠡᠢ ᠂ ᠲᠦᠮᠡᠨ ᠭᠠᠵᠠᠷ ᠬᠤᠯᠠ ᠪᠠᠶᠢᠪᠠᠴᠤ ᠬᠥᠷᠰᠢ ᠵᠡᠷᠭᠡᠯᠡᠳᠡᠭᠡ ᠪᠣᠯᠵᠤ ᠪᠣᠯᠣᠨ᠎ᠠ ᠃ ᠪᠢ ᠠᠹᠷᠢᠺᠠ ᠲᠢᠪ ᠲᠤ 10 ᠤᠳᠠᠭ᠎ᠠ ᠠᠶᠢᠯᠴᠢᠯᠠᠵᠤ ᠥᠩᠭᠡᠷᠡᠭᠰᠡᠨ ᠪᠥᠭᠡᠳ ᠠᠹᠷᠢᠺᠠ ᠲᠢᠪ ᠤᠨ ᠮᠠᠰᠢ ᠤᠯᠠᠨ ᠤᠯᠤᠰ ᠤᠨ ᠤᠳᠤᠷᠢᠳᠬᠤ ᠬᠥᠮᠥᠰ ᠤᠨ ᠳᠤᠮᠳᠠᠳᠤ ᠤᠯᠤᠰ ᠲᠠᠬᠢ ᠠᠶᠢᠯᠴᠢᠯᠠᠯᠳᠠ ᠶᠢ ᠭᠥᠯᠢᠶᠡᠨ ᠠᠪᠴᠤ ᠥᠩᠭᠡᠷᠡᠭᠰᠡᠨ ᠶᠤᠮ ᠃ ᠠᠹᠷᠢᠺᠠ ᠲᠢᠪ ᠤᠨ ᠨᠠᠶᠢᠵᠠ ᠨᠠᠷ ᠲᠠᠢ ᠠᠭᠤᠯᠵᠠᠬᠤ ᠪᠦᠷᠢ ᠂ ᠪᠢ ᠮᠠᠰᠢ ᠳᠣᠲᠣᠨᠣ ᠰᠠᠨᠠᠭᠳᠠᠳᠠᠭ ᠂ ᠢᠯᠠᠩᠭᠤᠶ᠎ᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠠᠭᠤᠷᠢ ᠪᠠᠲᠤ ᠂ ᠡᠭᠢᠯᠡᠯᠲᠡ ᠶᠢᠨ ᠴᠡᠭ ᠥᠨᠳᠥᠷ ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠦᠵᠡᠭᠦᠯᠦᠭᠰᠡᠨ ᠢ ᠭᠦᠨᠵᠡᠭᠡᠢ ᠮᠡᠳᠡᠷᠡᠵᠦ ᠣᠯᠳᠠᠭ ᠃      ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠤᠯᠠᠮᠵᠢᠯᠠᠯᠲᠤ ᠨᠥᠬᠦᠷᠯᠡᠯ ᠳᠤ ᠦᠨᠳᠦᠰᠦᠯᠡᠭᠰᠡᠨ ᠶᠤᠮ ᠃ ᠳᠡᠭᠡᠷ᠎ᠡ ᠵᠠᠭᠤᠨ ᠤ ᠳᠤᠮᠳᠠᠴᠢ ᠠᠴᠠ ᠨᠠᠭᠠᠰᠢ ᠂ ᠪᠢᠳᠡ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠺᠣᠯᠣᠨᠢᠴᠢᠯᠠᠯ ᠢ ᠡᠰᠡᠷᠭᠦᠴᠡᠬᠦ ᠡᠵᠡᠷᠬᠡᠬᠦ ᠦᠵᠡᠯ ᠢ ᠡᠰᠡᠷᠭᠦᠴᠡᠬᠦ ᠲᠡᠮᠡᠴᠡᠯ ᠳᠤᠮᠳᠠ ᠮᠥᠷᠥ ᠵᠡᠷᠭᠡᠴᠡᠨ ᠲᠡᠮᠡᠴᠡᠵᠦ ᠂ ᠬᠥᠭᠵᠢᠨ ᠮᠠᠨᠳᠤᠬᠤ ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠣᠳᠣᠬᠢᠴᠢᠯᠠᠯᠲᠠ ᠶᠢᠨ ᠵᠠᠮ ᠳᠡᠭᠡᠷ᠎ᠡ ᠭᠠᠷ ᠬᠤᠯᠪᠣᠨ ᠬᠠᠮᠲᠤ ᠪᠠᠷ ᠤᠷᠤᠭᠰᠢᠯᠠᠪᠠ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠳᠤᠮᠳᠠᠳᠤ ᠠᠹᠷᠢᠺᠠ ᠶᠢᠨ ᠨᠥᠬᠦᠷᠯᠡᠯ ᠦᠷᠭᠦᠯᠵᠢᠯᠡᠨ ᠤᠯᠠᠮᠵᠢᠯᠠᠭᠳᠠᠵᠤ ᠂ ᠶᠠᠪᠤᠬᠤ ᠲᠤᠳᠤᠮ ᠪᠠᠬᠢᠵᠢᠪᠡ ᠃      ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠳᠡᠭᠡᠷ᠎ᠡ ᠢᠯᠡᠷᠡᠨ᠎ᠡ ᠃ 24 ᠵᠢᠯ ᠤᠨ ᠡᠮᠦᠨ᠎ᠡ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠰᠢᠨ᠎ᠡ ᠵᠠᠭᠤᠨ ᠤ ᠦᠷ ᠤᠨ ᠲᠤᠶᠠᠭ᠎ᠠ ᠶᠢ ᠤᠭᠲᠤᠨ ᠮᠡᠨᠳᠦᠯᠡᠪᠡ ᠃ ᠡᠨᠡ ᠬᠦ ᠴᠢᠬᠤᠯᠠ ᠲᠠᠪᠴᠠᠩ ᠳᠤ ᠲᠦᠰᠢᠭᠯᠡᠨ ᠂ ᠪᠢᠳᠡ ᠭᠠᠷ ᠬᠤᠯᠪᠣᠨ ᠵᠠᠰᠠᠮᠠᠯ ᠵᠠᠮ ᠂ ᠲᠡᠮᠦᠷ ᠵᠠᠮ ᠂ ᠰᠤᠷᠭᠠᠭᠤᠯᠢ ᠂ ᠡᠮᠨᠡᠯᠭᠡ ᠶᠢᠨ ᠬᠤᠷᠢᠶ᠎ᠠ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠂ ᠠᠵᠤ ᠠᠬᠤᠢ ᠶᠢᠨ ᠣᠨᠴᠠᠭᠠᠢ ᠣᠷᠣᠨ ᠢ ᠪᠠᠶᠢᠭᠤᠯᠵᠤ ᠂ ᠲᠤᠭ᠎ᠠ ᠲᠣᠮᠰᠢ ᠦᠭᠡᠢ ᠬᠥᠮᠥᠰ ᠤᠨ ᠠᠮᠢᠳᠤᠷᠠᠯ ᠪᠠ ᠬᠤᠪᠢ ᠵᠠᠶᠠᠭ᠎ᠠ ᠶᠢ ᠬᠤᠪᠢᠷᠠᠭᠤᠯᠪᠠ ᠃      ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠪᠠ ᠃ 2021 ᠣᠨ ᠤ ᠶᠠᠷᠢᠶᠠᠨ ᠤ ᠲᠠᠪᠴᠠᠩ ᠤᠨ ᠳ᠋ᠠᠺᠠᠷ ᠤᠨ ᠬᠤᠷᠠᠯ ᠠᠴᠠ ᠨᠠᠭᠠᠰᠢ ᠂ ᠪᠢᠳᠡ ︽ ᠶᠢᠰᠦᠨ ᠵᠦᠢᠯ ᠤᠨ ᠢᠨᠵᠧᠨᠧᠷᠢᠩ ︾ ᠵᠡᠷᠭᠡ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠪᠦᠭᠦ ᠬᠦᠴᠦ ᠪᠠᠷ ᠢᠶᠠᠨ ᠠᠬᠢᠭᠤᠯᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷ᠎ᠡ ᠬᠦᠴᠦ ᠪᠠᠨ ᠬᠠᠮᠲᠤᠳᠬᠠᠨ ᠬᠠᠮᠵᠢᠯᠴᠠᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠠᠭ ᠦᠶ᠎ᠡ ᠶᠢᠨ ᠬᠦᠴᠦᠷᠬᠡᠭ ᠳᠠᠭᠤᠨ ᠢ ᠬᠠᠮᠲᠤ ᠪᠠᠷ ᠬᠠᠩᠭᠢᠨᠠᠭᠤᠯᠪᠠ ᠃      ᠨᠠᠶᠢᠵᠠ ᠨᠠᠷ ᠠ᠋ ᠂ ᠡᠷᠬᠢᠮ ᠵᠣᠴᠢᠳ ᠠ᠋ ︕      ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠬᠦᠰᠡᠯ ᠵᠡᠭᠦᠳᠦ ᠮᠥᠨ ᠂ ᠣᠳᠣᠬᠢᠴᠢᠯᠠᠯᠲᠠ ᠪᠣᠯ ᠬᠦᠰᠡᠯ ᠵᠡᠭᠦᠳᠦ ᠶᠢ ᠪᠣᠳᠠᠲᠤ ᠠᠬᠤᠢ ᠲᠠᠢ ᠬᠤᠯᠪᠣᠬᠤ ᠳᠤ ᠵᠠᠶᠢᠯᠠᠰᠢ ᠦᠭᠡᠢ ᠶᠠᠪᠤᠬᠤ ᠵᠠᠮ ᠮᠥᠨ ᠃ ᠥᠩᠭᠡᠷᠡᠭᠰᠡᠨ ᠪᠠ ᠤᠳᠤ ᠭᠡᠰᠡᠨ ᠦᠭᠡᠢ ᠂ ᠳᠤᠮᠳᠠᠳᠤ ᠠᠹᠷᠢᠺᠠ ᠪᠣᠯ ᠴᠥᠮ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠬᠤᠰᠢᠭᠤᠴᠢ ᠮᠥᠨ ᠂ ᠢᠷᠡᠭᠡᠳᠦᠢ ᠳᠤ ᠪᠠᠰᠠ ᠯᠠᠪᠲᠠᠢ ᠭᠠᠷ ᠬᠤᠯᠪᠣᠨ ᠣᠳᠣᠬᠢᠴᠢᠯᠠᠯᠲᠠ ᠶᠢᠨ ᠠᠬᠢᠴᠠ ᠶᠢᠨ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ ᠃ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠨᠢᠭᠡ ᠰᠡᠳᠬᠢᠯ ᠨᠢᠭᠡ ᠴᠢᠭᠯᠡᠯ ᠢᠶᠠᠷ ᠤᠷᠤᠭᠰᠢᠯᠠᠳᠠᠭ ᠯᠠ ᠶᠤᠮ ᠪᠣᠯ ᠯᠠᠪᠲᠠᠢ ᠣᠳᠣᠬᠢᠴᠢᠯᠠᠯᠲᠠ ᠶᠢᠨ ᠵᠠᠮ ᠳᠡᠭᠡᠷ᠎ᠡ ᠭᠡᠷᠡᠯ ᠰᠠᠴᠤᠷᠠᠩᠭᠤᠢ ᠠᠮᠵᠢᠯᠲᠠ ᠶᠢ ᠬᠠᠮᠲᠤ ᠪᠠᠷ ᠡᠭᠦᠳᠴᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠦᠢᠯᠡᠰ ᠤᠨ ᠥᠷᠨᠢᠨ ᠬᠥᠭᠵᠢᠬᠦ ᠶᠢ ᠬᠥᠲᠥᠯᠥᠨ ᠳᠠᠭᠠᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ ᠭᠡᠳᠡᠭ ᠢ ᠪᠢ ᠢᠲᠡᠭᠡᠵᠦ ᠪᠠᠶᠢᠨ᠎ᠠ ᠃      ᠤᠳᠤ ᠤᠯᠠᠨ ᠢᠶᠠᠷ ᠢᠶᠠᠨ ᠄      ᠳᠤᠮᠳᠠᠳᠤ ᠤᠯᠤᠰ ᠪᠣᠯᠣᠨ ᠠᠹᠷᠢᠺᠠ ᠲᠢᠪ ᠤᠨ ᠡᠯ᠎ᠡ ᠤᠯᠤᠰ ᠤᠨ ᠬᠥᠭᠵᠢᠯ ᠴᠡᠴᠡᠭᠯᠡᠯ ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠂      ᠳᠤᠮᠳᠠᠳᠤ ᠠᠹᠷᠢᠺᠠ ᠶᠢᠨ ᠠᠷᠠᠳ ᠲᠦᠮᠡᠨ ᠤ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢᠨ ᠲᠥᠯᠥᠭᠡ ᠂      ᠡᠨᠡ ᠤᠳᠠᠭᠠᠨ ᠤ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠲᠠᠢ ᠬᠤᠷᠠᠯᠳᠤᠬᠤ ᠶᠢᠨ ᠲᠥᠯᠥᠭᠡ ᠂      ᠡᠷᠬᠢᠮ ᠵᠣᠴᠢᠳ ᠵᠢᠴᠢ ᠭᠡᠷ ᠪᠦᠯᠢ ᠶᠢᠨ ᠲᠠᠨᠢ ᠡᠷᠡᠭᠦᠯ ᠮᠡᠨᠳᠦ ᠶᠢᠨ ᠲᠥᠯᠥᠭᠡ      ᠬᠤᠨᠳᠠᠭ᠎ᠠ ᠡᠷᠭᠦᠵᠡᠭᠡᠶ᠎ᠡ ︕       
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ