| | | | ᠣᠶᠢᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠵᠠᠯᠠᠭᠤ ᠤᠷᠠᠯᠢᠭ ᠤᠨ ᠠᠵᠢᠯᠲᠠᠳ ᠲᠤ ᠬᠠᠷᠢᠭᠤ | ᠵᠠᠬᠢᠳᠠᠯ ᠢᠯᠡᠭᠡᠵᠦ ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠠᠶᠢᠭᠤᠯᠤᠭᠳᠠᠭᠰᠠᠨ 70 ᠵᠢᠯ ᠤᠨ ᠣᠶ ᠬᠦᠷᠴᠦ ᠢᠷᠡᠬᠦ ᠲᠠᠰᠢᠷᠠᠮ ᠢᠶᠠᠷ ᠪᠦᠭᠦ ᠲᠣᠭᠯᠠᠭᠴᠢᠳ | ᠠᠵᠢᠯᠲᠠᠳ ᠲᠤ ᠪᠠᠶᠠᠷ ᠬᠦᠷᠭᠡᠵᠦ ᠮᠡᠨᠳᠦᠴᠢᠯᠡᠯ ᠳᠡᠪᠰᠢᠭᠦᠯᠪᠡ ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠠᠶᠢᠭᠤᠯᠤᠭᠳᠠᠭᠰᠠᠨ ᠠᠴᠠ ᠨᠠᠭᠠᠰᠢ ᠨᠠᠮ ᠤᠨ ᠤᠳᠬ᠎ᠠ | ᠤᠷᠠᠯᠢᠭ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ ᠂ ᠮᠠᠰᠢ ᠤᠯᠠᠨ ᠰᠣᠩᠭᠤᠳᠠᠭ ᠵᠦᠴᠦᠭᠡ ᠶᠢ ᠵᠣᠬᠢᠶᠠᠨ ᠪᠦᠲᠦᠭᠡᠵᠦ ᠲᠣᠭᠯᠠᠨ ᠂ ᠴᠥᠭᠡᠨ ᠪᠤᠰᠤ | ᠰᠢᠯᠢᠳᠡᠭ ᠤᠷᠠᠯᠢᠭ ᠤᠨ ᠴᠢᠳᠠᠪᠤᠷᠢᠲᠠᠨ ᠴᠣᠯᠭᠤᠷᠠᠨ ᠭᠠᠷᠴᠤ ᠂ ᠳᠤᠮᠳᠠᠳᠤ ᠶᠢᠨ ᠰᠢ ᠵᠦᠴᠦᠭᠡ ᠶᠢᠨ ᠥᠨᠢᠷ ᠴᠡᠴᠡᠭ ᠤᠨ ᠬᠦᠷᠢᠶᠡᠯᠡᠩ ᠳᠤ ᠭᠤᠶᠢᠳᠠ ᠰᠠᠶᠢᠬᠠᠨ ᠥᠩᠭᠡ | ᠪᠤᠳᠤᠭ ᠨᠡᠮᠡᠷᠢᠯᠡᠪᠡ ᠃ ᠰᠢᠨ᠎ᠡ ᠭᠠᠷᠤᠭ᠎ᠠ ᠳᠡᠭᠡᠷ᠎ᠡ ᠠᠴᠠ ᠲᠠ ᠨᠠᠷ ᠠᠬᠠᠮᠠᠳ ᠦᠶ᠎ᠡ ᠶᠢᠨ ᠠᠯᠳᠠᠷᠲᠤ ᠬᠥᠮᠥᠰ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ ᠂ ᠤᠳᠬ᠎ᠠ | ᠤᠷᠠᠯᠢᠭ ᠠᠷᠠᠳ ᠲᠦᠮᠡᠨ ᠳᠤ ᠦᠢᠯᠡᠴᠢᠯᠡᠬᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ ᠂ ᠶᠣᠰᠣ ᠰᠤᠷᠲᠠᠬᠤᠨ ᠢ ᠳᠡᠭᠡᠳᠦᠯᠡᠨ ᠤᠷᠠᠯᠢᠭ ᠢ ᠡᠷᠬᠢᠮᠯᠡᠵᠦ ᠂ ᠲᠥᠪ ᠶᠣᠰᠣ ᠶᠢ | ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠪᠡᠭᠡᠵᠢᠩ ᠵᠦᠴᠦᠭᠡ ᠶᠢᠨ ᠤᠷᠠᠯᠢᠭ ᠤᠨ ᠴᠠᠭ ᠦᠶ᠎ᠡ ᠶᠢᠨ ᠭᠡᠷᠡᠯ ᠭᠢᠯᠪᠠᠭ᠎ᠠ ᠶᠢ ᠦᠷᠭᠦᠯᠵᠢᠯᠡᠨ ᠰᠠᠴᠤᠷᠠᠭᠤᠯᠵᠤ ᠂ ᠤᠳᠬ᠎ᠠ | ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ | ᠪᠠᠶᠢᠨ᠎ᠠ ᠭᠡᠪᠡ ᠃ | ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠤ ᠰᠢᠭᠤᠳ ᠬᠠᠷᠢᠶ᠎ᠠ ᠤᠯᠤᠰ ᠤᠨ ᠤᠷᠠᠯᠢᠭ ᠤᠨ ᠬᠦᠷᠢᠶᠡᠯᠡᠩ | ᠪᠦᠯᠭᠦᠮ ᠪᠠᠶᠢᠵᠤ ᠂ ᠤᠤᠯ ᠤᠨ 1955 ᠣᠨ ᠤ 1 ᠰᠠᠷ᠎ᠠ ᠳᠤ ᠪᠠᠶᠢᠭᠤᠯᠤᠭᠳᠠᠭᠰᠠᠨ ᠳᠤᠮᠳᠠᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠣᠯᠣᠨ᠎ᠠ ᠃ ᠮᠧᠶ ᠯᠠᠨ | ᠹᠠᠩ ᠠᠩᠬᠠᠳᠠᠭᠴᠢ ᠬᠦᠷᠢᠶᠡᠯᠡᠩ ᠤᠨ ᠳᠠᠷᠤᠭ᠎ᠠ ᠪᠠᠶᠢᠭᠰᠠᠨ ᠪᠥᠭᠡᠳ 2007 ᠣᠨ ᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠭᠡᠵᠦ ᠨᠡᠷ᠎ᠡ ᠪᠠᠨ ᠬᠠᠯᠠᠪᠠ ᠃ | ᠣᠶᠢᠷ᠎ᠠ ᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠪᠦᠭᠦ ᠵᠠᠯᠠᠭᠤ ᠤᠷᠠᠯᠢᠭ ᠤᠨ ᠠᠵᠢᠯᠲᠠᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ ᠂ | ᠪᠡᠭᠡᠵᠢᠩ ᠵᠦᠴᠦᠭᠡ ᠶᠢᠨ ᠤᠷᠠᠯᠢᠭ ᠢ ᠤᠯᠠᠮᠵᠢᠯᠠᠨ ᠵᠠᠯᠭᠠᠮᠵᠢᠯᠠᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢᠶᠠᠨ ᠬᠠᠷᠢᠭᠤ ᠮᠡᠳᠡᠭᠦᠯᠵᠦ ᠂ ᠪᠡᠭᠡᠵᠢᠩ ᠵᠦᠴᠦᠭᠡ ᠶᠢᠨ | ᠦᠢᠯᠡᠰ ᠢ ᠴᠡᠴᠡᠭᠯᠡᠭᠦᠯᠦᠨ ᠬᠥᠭᠵᠢᠭᠦᠯᠬᠦ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠲᠥᠯᠥᠭᠡ ᠲᠡᠮᠡᠴᠡᠬᠦ ᠡᠷᠡᠰ ᠵᠣᠷᠢᠭ ᠢᠶᠠᠨ ᠢᠯᠡᠳᠬᠡᠪᠡ ᠃ | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ︶ | | |