ᠣᠯᠠᠨ ᠤᠯᠤᠰ ᠤᠨ ᠳᠠᠮᠵᠢᠭᠤᠯᠭ᠎ᠠ ᠶᠢᠨ ᠰᠢᠨ᠎ᠡ ᠬᠠᠨᠳᠤᠰᠢ᠄ ᠨᠡᠶᠢᠳᠬᠡᠯ ᠳᠤ ᠠᠩᠬᠠᠷᠤᠯ ᠢᠶᠠᠨ ᠲᠥᠪᠯᠡᠷᠡᠭᠦᠯᠬᠦ ᠬᠢᠭᠡᠳ ᠰᠢᠨ᠎ᠡ ᠶᠢ ᠡᠭᠦᠳᠬᠦ ᠰᠢᠪᠲᠤᠯᠤᠯᠲᠠ
ᠨᠡᠶᠢᠲᠡᠯᠡᠭᠰᠡᠨ ᠴᠠᠭ᠄
2025/1/13
  2024 ᠣᠨ ᠪᠣᠯ ᠷᠠᠳᠢᠣ᠋ ᠲᠧᠯᠸᠢᠰ ᠤᠨ ᠠᠵᠢᠯ ᠲᠥᠷᠥᠯ ᠳᠤ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠪᠦᠬᠦ ᠠᠵᠢᠯ ᠲᠦᠷᠦᠯ ᠢᠶᠠᠷ ᠢᠶᠠᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢ  ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠲᠥᠯᠥᠪᠵᠢᠭᠦᠯᠬᠦ ᠪᠠ ᠭᠤᠣᠯᠳᠠᠯᠭ᠎ᠠ ᠲᠠᠢ ᠰᠢᠪᠲᠤᠯᠬᠤ ᠶᠢ ᠤᠶᠠᠯᠳᠤᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠬᠥᠭᠵᠢᠯᠲᠡ ᠶᠢᠨ ᠪᠠᠶᠢᠳᠠᠯ ᠢᠯᠡᠳᠲᠡ ᠰᠠᠶᠢᠵᠢᠷᠠᠪᠠ᠃ ᠷᠠᠳᠢᠣ᠋ ᠲᠧᠯᠸᠢᠰ ᠤᠨ ᠰᠣᠨᠢᠨ ᠮᠡᠳᠡᠭᠡ ᠣᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠬᠦᠴᠦᠲᠡᠢ ᠦᠢᠯᠡᠴᠢᠯᠡᠵᠦ᠂ ᠳᠤᠮᠳᠠᠳᠤ ᠤᠯᠤᠰ ᠤᠨ ᠦᠵᠡᠵᠦ ᠰᠣᠨᠣᠰᠬᠤ ᠭᠠᠳᠠᠭᠠᠳᠤ ᠶᠢᠨ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠴᠢᠩᠭᠠᠷᠠᠪᠠ᠃  ᠷᠠᠳᠢᠣ᠋ ᠲᠧᠯᠸᠢᠰ ᠤᠨ ᠦᠵᠡᠵᠦ ᠰᠣᠨᠣᠰᠬᠤ ᠣᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠤᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ 2024 ᠣᠨ ᠳᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠣᠯᠠᠨ ᠤᠯᠤᠰ ᠤᠨ ᠳᠠᠮᠵᠢᠭᠤᠯᠭ᠎ᠠ ᠬᠡᠯᠪᠡᠷᠢ ᠪᠠᠨ ᠲᠠᠰᠤᠷᠠᠯᠲᠠ ᠥᠬᠡᠶ ᠬᠤᠪᠢᠷᠠᠭᠤᠯᠵᠤ᠂ ᠰᠢᠨ᠎ᠡ ᠠᠷᠭ᠎ᠠ ᠵᠠᠮ ᠲᠡᠶᠢᠰᠢ ᠤᠷᠤᠭᠰᠢᠯᠠᠵᠤ᠂ ᠰᠢᠨ᠎ᠡ ᠪᠠᠶᠢᠷᠢᠰᠢᠯ ᠢ ᠪᠣᠶ ᠪᠣᠯᠭᠠᠵᠤ᠂ ᠰᠢᠨ᠎ᠡ ᠠᠭᠤᠯᠭ᠎ᠠ ᠶᠢ ᠳᠠᠮᠵᠢᠭᠤᠯᠬᠤ ᠣᠨᠴᠠᠯᠢᠭ ᠢᠯᠡᠷᠡᠪᠡ᠃ ᠲᠤᠰ ᠵᠣᠬᠢᠶᠠᠯ ᠢ ᠣᠶᠢᠷ᠎ᠠ ᠶᠢᠨ ᠣᠯᠠᠨ ᠤᠯᠤᠰ ᠤᠨ ᠳᠠᠮᠵᠢᠭᠤᠯᠭ᠎ᠠ ᠶᠢᠨ ᠬᠦᠷᠢᠶᠡᠨ ᠳᠤ ᠭᠠᠷᠤᠭᠰᠠᠨ ᠣᠯᠠᠨ ᠤᠯᠤᠰ ᠤᠨ ᠰᠣᠨᠢᠨ ᠡᠳᠡᠭᠡᠨ ᠤ ᠬᠡᠷᠡᠭ ᠶᠠᠪᠤᠳᠠᠯ ᠲᠠᠢ ᠤᠶᠠᠯᠳᠤᠭᠤᠯᠤᠨ ᠠᠵᠢᠯ ᠲᠥᠷᠥᠯ ᠤᠨ ᠬᠥᠭᠵᠢᠯᠲᠡ ᠶᠢᠨ ᠬᠡᠰᠡᠭ ᠰᠢᠨ᠎ᠡ ᠬᠠᠲᠤᠰᠢ ᠶᠢ ᠵᠠᠳᠠᠯᠵᠤ᠂ ᠬᠠᠮᠢᠶᠠᠷᠤᠯᠲᠠ ᠶᠢᠨ ᠳᠤᠮᠳᠠ ᠦᠵᠡᠬᠦ ᠶᠢ ᠬᠦᠰᠡᠵᠦ ᠪᠠᠶᠢᠨ᠎ᠠ ᠃  ᠨᠢᠭᠡ᠂ ᠱᠠᠩᠬᠠᠢ ᠨᠢᠳᠦ ᠬᠠᠮ ᠵᠠᠭᠤᠴᠢᠯᠠᠭᠤᠷ ᠤᠨ ᠲᠠᠪᠴᠠᠩ ᠰᠦᠯᠵᠢᠶᠡᠨ ᠳᠤ ᠭᠠᠷᠪᠠ ᠄ ᠤᠯᠠᠨ ᠤᠯᠤᠰ ᠤᠨ ᠳᠠᠮᠵᠢᠭᠤᠯᠭ᠎ᠠ ᠶᠢᠨ ᠡᠬᠢ ᠪᠠᠶᠠᠯᠢᠭ ᠢ ᠰᠢᠯᠢᠳᠡᠭᠵᠢᠭᠦᠯᠦᠭᠰᠡᠨ ᠬᠠᠮᠲᠤᠯᠢᠭ  2025 ᠣᠨ ᠤ 1 ᠳ᠋ᠤᠭᠡᠷ ᠰᠠᠷ᠎ᠠ ᠶᠢᠨ 1 ᠤ ᠡᠳᠦᠷ᠂ ᠱᠠᠩᠬᠠᠶ ᠶᠢᠨ ᠷᠠᠳᠢᠣ᠋ ᠲᠧᠯᠸᠢᠰ ᠬᠤᠷᠢᠶ᠎ᠠ ᠳᠣᠣᠷᠠᠬᠢ ᠭᠠᠳᠠᠭᠠᠳᠤ ᠬᠡᠯᠡᠨ ᠤ ᠰᠤᠪᠠᠭ ︵ᠰᠤᠪᠠᠭ ᠤᠨ ᠳ᠋ᠤᠭᠠᠷ 011︶ ᠪᠠ ᠭᠠᠳᠠᠭᠠᠳᠤ ᠬᠡᠯᠡᠨ ᠤ ᠰᠤᠪᠠᠭ HD ︵ᠰᠤᠪᠠᠭ ᠤᠨ ᠳ᠋ᠤᠭᠠᠷ 110︶ ᠶᠢᠨ ᠰᠢᠭᠤᠳ ᠨᠡᠪᠲᠡᠷᠡᠭᠦᠯᠭᠡ ᠶᠢᠨ ᠰᠤᠪᠠᠭ ᠵᠢᠩᠬᠢᠨᠢ ᠪᠠᠷ ᠨᠡᠪᠲᠡᠷᠡᠭᠦᠯᠭᠡ ᠪᠠᠨ ᠵᠣᠭᠰᠤᠭᠠᠪᠠ ᠃ ᠱᠠᠩᠬᠠᠢ ᠶᠢᠨ ᠭᠠᠳᠠᠭᠠᠳᠤ ᠬᠡᠯᠡᠨ ᠤ ᠰᠤᠪᠠᠭ ︵ICS︶ 2008 ᠣᠨ ᠳᠤ ᠡᠬᠢᠯᠡᠵᠦ ᠨᠡᠪᠲᠡᠷᠡᠭᠦᠯᠦᠭᠡᠳ ᠨᠢᠭᠡᠨᠲᠡ 17 ᠵᠢᠯ ᠦᠷᠭᠦᠯᠵᠢᠯᠡᠨ ᠨᠡᠪᠲᠡᠷᠡᠭᠦᠯᠪᠡ ᠃ ᠱᠠᠩᠬᠠᠢ ᠶᠢᠨ ᠭᠠᠳᠠᠭᠠᠳᠤ ᠬᠡᠯᠡᠨ ᠤ ᠰᠤᠪᠠᠭ ᠨᠡᠪᠲᠡᠷᠡᠭᠦᠯᠭᠡ ᠪᠠᠨ ᠵᠣᠭᠰᠤᠭᠰᠠᠨ ᠤ ᠳᠠᠷᠠᠭ᠎ᠠ᠂ ᠲᠡᠭᠦᠨ ᠤ ᠣᠳᠣ ᠶᠢᠨ ᠪᠠᠶᠢᠭ᠎ᠠ ᠪᠦᠬᠦ ᠦᠵᠡᠵᠦ ᠰᠣᠨᠣᠰᠬᠤ ᠠᠭᠤᠯᠭ᠎ᠠ ᠪᠠ ᠦᠢᠯᠡᠴᠢᠯᠡᠭᠡᠨ ᠤ ᠴᠢᠳᠠᠮᠵᠢ ᠶᠢ ᠪᠦᠬᠦ ᠲᠠᠯ᠎ᠠ ᠪᠠᠷ ᠱᠠᠩᠬᠠᠢ ᠨᠢᠳᠦ ︵ShanghaiEye︶ ᠬᠠᠮ ᠵᠠᠭᠤᠴᠢᠯᠠᠭᠤᠷ ᠤᠨ ᠲᠠᠪᠴᠠᠩ ᠳᠤ ᠣᠷᠣᠭᠤᠯᠵᠤ᠂ ᠱᠠᠩᠬᠠᠢ ᠨᠢᠳᠦ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮ ᠵᠠᠭᠤᠴᠢᠯᠠᠭᠤᠷ ᠤᠨ ᠣᠯᠠᠨ ᠤᠯᠤᠰ ᠤᠨ ᠳᠠᠮᠵᠢᠭᠤᠯᠭ᠎ᠠ ᠶᠢᠨ ᠲᠤᠭᠴᠢ ᠦᠢᠯᠡᠳᠬᠦᠨ ᠢ ᠬᠦᠴᠦᠯᠡᠨ ᠪᠣᠢ ᠪᠣᠯᠭᠠᠵᠤ ᠪᠣᠢ ᠃  ᠡᠨᠡ ᠪᠣᠯ ᠱᠠᠩᠬᠠᠶ ᠶᠢᠨ ᠲᠧᠯᠧᠢᠰ ᠬᠤᠷᠢᠶ᠎ᠠ ᠶᠢᠨ ᠰᠤᠪᠠᠭ ᠳᠠᠪᠲᠠᠮᠵᠢ ᠶᠢ ᠴᠣᠮᠬᠠᠳᠬᠠᠨ᠂ ᠪᠦᠲᠦᠴᠡ ᠶᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ ᠱᠠᠩᠬᠠᠢ ᠨᠢᠳᠦ ᠬᠠᠮ ᠵᠠᠭᠤᠴᠢᠯᠠᠭᠤᠷ ᠤᠨ ᠲᠠᠪᠴᠠᠩ ᠢ ᠰᠦᠯᠵᠢᠶᠡᠨ ᠳᠤ ᠭᠠᠷᠭᠠᠭᠰᠠᠨ ᠨᠢ ᠣᠯᠠᠨ ᠤᠯᠤᠰ ᠤᠨ ᠳᠠᠮᠵᠢᠭᠤᠯᠭ᠎ᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠨ ᠵᠣᠬᠢᠴᠠᠭᠤᠯᠪᠠ᠃ ᠨᠢᠭᠡ ᠳᠤ᠂ ᠳ᠋ᠦᠩ ᠹᠠᠩ ᠣᠳᠣᠨ ᠲᠧᠯᠸᠢᠰ ᠨᠢ ᠨᠢᠭᠡ ᠠᠩᠭ᠍ᠯᠢ ᠬᠡᠯᠡᠨ ᠤ ᠰᠣᠨᠢᠨ ᠮᠡᠳᠡᠭᠡᠨ ᠤ ᠰᠡᠳᠭᠦᠯ ᠤᠨ ᠫᠷᠤᠭ᠍ᠷᠠᠮ ︽ShanghaiEye︾ ᠶᠢ ᠰᠢᠨ᠎ᠡ ᠪᠠᠷ ᠭᠠᠷᠭᠠᠵᠤ᠂ ᠲᠤᠰ ᠫᠷᠤᠭ᠍ᠷᠠᠮ ᠱᠠᠩᠬᠠᠢ ᠳᠤ ᠰᠠᠭᠤᠷᠢᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠮᠦᠰ ᠲᠤ ᠴᠠᠭ ᠲᠤᠬᠠᠢ ᠲᠠᠢ ᠬᠡᠷᠡᠭᠴᠡᠭᠡ ᠲᠠᠢ ᠦᠢᠯᠡᠴᠢᠯᠡᠭᠡᠨ ᠤ ᠮᠡᠳᠡᠭᠡ ᠵᠠᠩᠭᠢ ᠬᠠᠩᠭᠠᠵᠤ᠂ ᠭᠤᠣᠯᠳᠠᠭᠤ ᠱᠠᠩᠬᠠᠢ ᠶᠢᠨ ᠬᠤᠲᠠ ᠶᠢᠨ ᠠᠮᠢᠳᠤᠷᠠᠯ᠂ ᠡᠳ᠋ ᠤᠨ ᠵᠠᠰᠠᠭ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠪᠡᠶ᠎ᠡ ᠶᠢᠨ ᠲᠠᠮᠢᠷ ᠵᠡᠷᠭᠡ ᠬᠦᠷᠢᠶᠡᠨ ᠳᠤ ᠲᠥᠪᠯᠡᠷᠡᠭᠦᠯᠵᠦ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠦᠵᠡᠭᠳᠡᠯ ᠢ ᠲᠠᠶᠢᠯᠪᠤᠷᠢᠯᠠᠪᠠ ᠃ ᠬᠤᠶᠠᠷ ᠲᠤ᠂ ᠱᠠᠩᠬᠠᠢ ᠨᠢᠳᠦ ᠬᠠᠮ ᠵᠠᠭᠤᠴᠢᠯᠠᠭᠤᠷ ᠤᠨ ᠲᠠᠪᠴᠠᠩ ᠨᠢ ᠱᠠᠩᠬᠠᠶ ᠶᠢᠨ ᠭᠠᠳᠠᠭᠠᠳᠤ ᠬᠡᠯᠡᠨ ᠤ ᠰᠤᠪᠠᠭ ᠢ ᠬᠠᠮᠤᠷᠴᠤ᠂ ᠵᠦᠪᠬᠡᠨ ᠱᠠᠩᠬᠠᠶ ᠶᠢᠨ ᠲᠤᠬᠠᠢ ᠶᠢᠨ ᠭᠠᠵᠠᠷ ᠤᠨ ᠬᠢᠵᠠᠭᠠᠷᠯᠠᠯᠳᠤ ᠴᠢᠨᠠᠷ ᠢ ᠰᠢᠪᠲᠤᠯᠵᠤ᠂ ᠢᠨᠲ᠋ᠧᠷ ᠰᠦᠯᠵᠢᠶ᠎ᠡ ᠶᠢ ᠠᠰᠢᠭᠯᠠᠨ᠂ ᠨᠡᠩ ᠣᠯᠠᠨ ᠰᠢᠯᠢᠳᠡᠭ ᠠᠭᠤᠯᠭ᠎ᠠ ᠶᠢ ᠪᠦᠬᠦ ᠤᠯᠤᠰ ᠪᠠ ᠤᠯᠤᠰ ᠤᠨ ᠳᠣᠲᠣᠭᠠᠳᠤ ᠭᠠᠳᠠᠭᠠᠳᠤ ᠳᠤ ᠲᠦᠯᠬᠢᠨ ᠠᠬᠢᠭᠤᠯᠵᠤ᠂ ᠳᠠᠩ ᠴᠢᠭᠯᠡᠯ ᠤᠨ ᠳᠠᠮᠵᠢᠭᠤᠯᠭ᠎ᠠ ᠠᠴᠠ ᠬᠠᠷᠢᠯᠴᠠᠨ ᠳᠠᠮᠵᠢᠭᠤᠯᠭ᠎ᠠ ᠲᠡᠶᠢᠰᠢ ᠪᠣᠯᠬᠤ ᠶᠢ ᠪᠡᠶᠡᠯᠡᠭᠦᠯᠪᠡ ᠃ ᠭᠤᠷᠪᠠ ᠳᠤ᠂ ᠤᠯᠠᠨ ᠤᠯᠤᠰ ᠤᠨ ᠳᠠᠮᠵᠢᠭᠤᠯᠭ᠎ᠠ ᠶᠢᠨ ᠲᠦᠷᠦᠯ ᠲᠡᠮᠳᠡᠭᠲᠦ ᠶᠢ ᠬᠦᠴᠦᠯᠡᠨ ᠪᠤᠢ ᠪᠣᠯᠭᠠᠪᠠ ᠃ ︽ShanghaiEye LIVE24︾ ᠪᠠᠷ ᠨᠡᠷᠡᠶᠢᠳᠦᠭᠰᠡᠨ ᠸᠢᠳᠢᠣ᠋ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠨᠡᠷᠡᠲᠦ ᠨᠡᠶᠢᠭᠡᠮ ᠤᠨ ᠬᠠᠷᠢᠯᠴᠠᠭᠠᠨ ᠤ ᠵᠠᠭᠤᠴᠢ ᠲᠠᠪᠴᠠᠩ ᠪᠣᠯᠪᠠ᠃ ᠰᠢᠨᠬᠤᠸᠠ ᠬᠤᠷᠢᠶᠠᠨ ᠤ ᠡᠮᠦᠨᠡᠬᠢ ᠮᠡᠳᠡᠭᠡᠯᠡᠯ ᠢ ᠦᠨᠳᠦᠰᠦᠯᠡᠪᠡᠯ᠂ ᠭᠠᠳᠠᠭᠠᠳᠤ ᠳᠤ YouTube ᠲᠠᠪᠴᠠᠩ ᠳᠤ ᠡᠵᠡᠩᠨᠡᠵᠦ ᠪᠠᠶᠢᠭ᠎ᠠ ᠪᠦᠬᠦᠯᠢ ᠡᠳᠦᠷ ᠤᠨ ᠠᠩᠭ᠍ᠯᠢ ᠬᠡᠯᠡᠨ ᠤ ᠸᠢᠳᠢᠣ᠋ ᠶᠢᠨ ᠰᠢᠭᠤᠳ ᠨᠡᠪᠲᠡᠷᠡᠭᠦᠯᠭᠡ ᠶᠢᠨ ᠰᠤᠪᠠᠭ ︽ShanghaiEye LIVE 24︾ ᠶᠢ ᠤᠯᠤᠰ ᠤᠨ ᠳᠣᠲᠣᠭᠠᠳᠤ ᠶᠢᠨ ᠰᠣᠨᠢᠨ ᠮᠡᠳᠡᠭᠡᠨ ᠤ ᠬᠡᠷᠡᠭᠯᠡᠭᠴᠢ ᠶᠢᠨ ᠬᠠᠷᠢᠴᠠᠭᠠᠨ ᠤ ᠦᠵᠦᠭᠦᠷ ᠲᠤ ᠭᠠᠷᠭᠠᠵᠤ ᠂ 2025 ᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠢᠵᠢᠯ ᠠᠯᠬᠤᠮ ᠢᠶᠠᠷ ᠨᠡᠪᠲᠡᠷᠡᠭᠦᠯᠬᠦ ᠶᠢ ᠪᠡᠶᠡᠯᠡᠭᠦᠯᠵᠦ᠂ ᠳᠠᠮᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠭᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠴᠢᠳ ᠤᠨ ᠠᠮᠢᠳᠤᠷᠠᠯ ᠤᠨ ᠪᠠᠶᠢᠳᠠᠯ ᠪᠠ ᠣᠯᠠᠨ ᠳᠡᠯᠭᠡᠴᠡ ᠣᠯᠠᠨ ᠦᠵᠦᠭᠦᠷ ᠲᠠᠢ ᠵᠠᠪᠰᠠᠷ ᠦᠭᠡᠢ ᠬᠤᠯᠪᠣᠪᠠ ᠃  ᠱᠠᠩᠬᠠᠢ ᠨᠢᠳᠦ ᠣᠯᠠᠨ ᠤᠯᠤᠰ ᠤᠨ ᠵᠠᠭᠤᠴᠢᠯᠠᠭᠤᠷ ᠨᠢ ᠷᠠᠳᠢᠣ᠋ ᠲᠧᠯᠸᠢᠰ ᠤᠨ ᠠᠵᠢᠯ ᠲᠥᠷᠥᠯ ᠳᠤ ᠣᠯᠠᠨ ᠤᠯᠤᠰ ᠤᠨ ᠳᠠᠮᠵᠢᠭᠤᠯᠭ᠎ᠠ ᠶᠢᠨ ᠨᠡᠷᠡᠲᠦ ᠲᠡᠮᠳᠡᠭᠲᠦ ᠶᠢ ᠪᠦᠬᠦ ᠲᠠᠯ᠎ᠠ ᠪᠠᠷ ᠡᠭᠦᠳᠬᠦ ᠰᠡᠳᠬᠢᠮᠵᠢ ᠶᠢ ᠲᠣᠪᠣᠶᠢᠯᠭᠠᠵᠤ ᠂ ᠤᠯᠠᠮᠵᠢᠯᠠᠯᠲᠤ ᠰᠤᠪᠠᠭ ᠤᠨ ᠡᠵᠡᠩᠨᠡᠯᠲᠡ ᠵᠡᠷᠭᠡ ᠬᠦᠨᠳᠦ ᠡᠳ᠋ ᠬᠥᠷᠥᠩᠭᠡ ᠶᠢᠨ ᠣᠷᠣᠭᠤᠯᠤᠯᠲᠠ ᠶᠢᠨ ᠠᠷᠭ᠎ᠠ ᠬᠡᠯᠪᠡᠷᠢ ᠶᠢ ᠲᠠᠶᠠᠭᠳᠠᠵᠤ᠂ ᠣᠶᠤᠨ ᠴᠢᠳᠠᠯ ᠢᠶᠠᠨ ᠣᠯᠠᠨ ᠤᠯᠤᠰ ᠤᠨ ᠳᠠᠮᠵᠢᠭᠤᠯᠭ᠎ᠠ ᠳᠤ ᠲᠣᠬᠢᠷᠠᠬᠤ ᠫᠷᠤᠭ᠍ᠷᠠᠮ ᠢ ᠡᠭᠦᠳᠴᠦ᠂ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠣᠯᠠᠨ ᠤᠯᠤᠰ ᠤᠨ ᠳᠠᠮᠵᠢᠭᠤᠯᠭ᠎ᠠ ᠶᠢᠨ ᠦᠢᠯᠡᠳᠦᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠦᠵᠡᠭᠳᠡᠯ ᠢ ᠰᠠᠶᠢᠲᠤᠷ ᠲᠠᠶᠢᠯᠪᠤᠷᠢᠯᠠᠨ ᠂ ᠳᠤᠮᠳᠠᠳᠤ ᠤᠯᠤᠰ ᠤᠨ ᠳᠠᠭᠤᠨ ᠢ ᠰᠠᠶᠢᠲᠤᠷ ᠳᠠᠮᠵᠢᠭᠤᠯᠬᠤ ᠪᠣᠯᠤᠯᠴᠠᠭ᠎ᠠ ᠲᠠᠢ ᠪᠠᠶᠢᠨ᠎ᠠ ᠃  ᠬᠤᠶᠠᠷ᠂ ᠠᠩᠭ᠍ᠯᠢ ᠬᠡᠯᠡᠨ ᠤ ᠰᠣᠨᠢᠨ ᠮᠡᠳᠡᠭᠡ ᠬᠤᠲᠠ ᠶᠢᠨ ᠲᠠᠪᠴᠠᠩ ᠳᠤ ᠣᠷᠣᠪᠠ ᠄ ᠰᠢᠨ᠎ᠡ ᠳᠣᠲᠣᠭᠠᠳᠤ ᠭᠠᠳᠠᠭᠠᠳᠤ ᠶᠢᠨ ᠤᠬᠠᠭᠤᠯᠤᠨ ᠨᠢᠭᠡ ᠴᠣᠭᠴᠠᠵᠢᠭᠰᠠᠨ ᠪᠠᠶᠢᠷᠢᠰᠢᠯ ᠤᠨ ᠬᠠᠶᠢᠨ ᠰᠦᠪᠡᠭᠴᠢᠯᠡᠯᠲᠡ  2024 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ ᠤᠷᠤᠢ ᠶᠢᠨ 8 ᠴᠠᠭ ᠲᠤ᠂ ᠴᠧᠩᠳᠦ᠋ ᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠰᠣᠨᠢᠨ ᠮᠡᠳᠡᠭᠡᠨ ᠤ ᠶᠡᠷᠦᠩᠬᠡᠶᠢᠯᠡᠭᠰᠡᠨ ᠰᠤᠪᠠᠭ ︵CDTV-1︶ ᠨᠢᠭᠡ ᠠᠩᠭ᠍ᠯᠢ ᠬᠡᠯᠡᠨ ᠤ ᠰᠣᠨᠢᠨ ᠮᠡᠳᠡᠭᠡᠨ ᠤ ᠲᠧᠯᠸᠢᠰ ᠤᠨ ᠪᠤᠯᠤᠩ ChengduToday ︽ᠥᠨᠥᠳᠥᠷ ᠤᠨ ᠴᠧᠩᠳᠦ᠋︾ ᠶᠢ ᠭᠠᠷᠭᠠᠪᠠ ᠃ ᠲᠤᠰ ᠪᠤᠯᠤᠩ ᠨᠢ ᠴᠧᠩᠳᠦ᠋ ᠬᠤᠲᠠ ᠶᠢᠨ ᠣᠯᠠᠨ ᠤᠯᠤᠰ ᠤᠨ ᠳᠠᠮᠵᠢᠭᠤᠯᠭ᠎ᠠ ᠶᠢᠨ ᠭᠤᠣᠯᠳᠠᠯᠭ᠎ᠠ ᠪᠣᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠵᠤ᠂ ᠣᠯᠠᠨ ᠠᠷᠭ᠎ᠠ ᠵᠠᠮ ᠢᠶᠠᠷ ᠪᠣᠰᠤᠭ᠎ᠠ ᠴᠣᠭᠴᠠᠲᠤ ᠭᠠᠳᠠᠭᠰᠢ ᠳᠠᠮᠵᠢᠭᠤᠯᠬᠤ ᠵᠢᠭᠰᠠᠭᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠢ ᠠᠷᠭ᠎ᠠ ᠬᠡᠮᠵᠢᠶ᠎ᠡ ᠪᠣᠯᠪᠠ ᠃  ︽ᠦᠨᠦᠳᠦᠷ ᠤᠨ ᠴᠸᠡᠭᠳᠦ᠋︾ ᠫᠷᠦᠭᠷᠡᠮ ᠨᠢ ᠴᠸᠡᠭᠳᠦ᠋ ᠳᠤ ᠦᠢᠯᠡᠴᠢᠯᠡᠵᠤ ᠪᠠᠶᠢᠭ᠎ᠠ ᠭᠠᠳᠠᠭᠠᠳᠤ ᠶᠢᠨ ᠬᠠᠷᠢᠶᠠᠲᠤ ᠬᠦᠮᠦᠰ ᠲᠤ᠂ ᠴᠸᠡᠭᠳᠦ᠋ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠨᠳᠦᠷ ᠲᠦᠪᠰᠢᠨ ᠪᠦᠬᠦᠢ ᠭᠠᠳᠠᠭᠠᠳᠦ ᠨᠡᠬᠡᠬᠡᠯᠳᠡ ᠶᠢᠨ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠳᠤ ᠲᠦᠪᠯᠡᠷᠡᠭᠦᠯᠵᠤ᠂ ᠠᠩᠭ᠍ᠯᠢ ᠬᠡᠯᠡ ᠪᠠᠷ ᠳᠠᠮᠵᠢᠭᠤᠯᠭ᠎ᠠ ᠶᠢᠨ ᠬᠡᠯᠡ ᠪᠣᠯᠭᠠᠨ ᠂ ᠭᠠᠳᠠᠭᠠᠳᠤ ᠶᠢᠨ ᠬᠠᠷᠢᠶᠠᠲᠤ ᠬᠦᠮᠦᠰ ᠤᠨ ᠠᠮᠠᠷᠬᠠᠨ ᠬᠦᠯᠢᠶᠡᠨ ᠠᠪᠬᠤ ᠦᠯᠢᠭᠡᠷᠴᠢᠯᠡᠬᠦ ᠂ ᠦᠵᠡᠭᠳᠡᠬᠦᠶᠢᠴᠡ ᠂ ᠳ᠋ᠠᠶᠢᠲ᠋ᠠᠴᠢᠯᠠᠬᠤ ᠬᠡᠯᠪᠡᠷᠢ ᠪᠠᠷ ᠴᠸᠡᠭᠳᠦ᠋ ᠳᠤ ᠪᠠᠶᠢᠭ᠎ᠠ ᠭᠠᠳᠠᠭᠠᠳᠤ ᠶᠢᠨ ᠬᠠᠷᠢᠶᠠᠲᠤ ᠬᠦᠮᠦᠰ ᠤᠨ ᠴᠸᠡᠭᠳᠦ᠋ ᠶᠢ ᠤᠢᠢᠯᠠᠭᠠᠬᠤ ᠴᠢᠬᠤᠯᠠ ᠴᠤᠩᠬᠤᠪᠴᠢ ᠪᠣᠯᠭᠠᠪᠠ ᠃  ︽ᠥᠨᠥᠳᠥᠷ ᠤᠨ ᠴᠧᠩᠳᠦ᠋︾ ᠶᠢ ᠠᠰᠢᠭᠯᠠᠵᠤ ᠂ ᠲᠤᠬᠠᠢ ᠶᠢᠨ ᠭᠠᠵᠠᠷ ᠤᠨ ᠣᠯᠠᠨ ᠤᠯᠤᠰ ᠤᠨ ᠳᠠᠮᠵᠢᠭᠤᠯᠭ᠎ᠠ ᠶᠢᠨ ᠲᠥᠪ ᠨᠢ ᠣᠯᠠᠨ ᠤᠯᠤᠰ ᠤᠨ ᠳᠠᠮᠵᠢᠭᠤᠯᠭ᠎ᠠ ᠶᠢᠨ ᠨᠡᠷᠡᠲᠦ ᠲᠡᠮᠳᠡᠭᠲᠦ ᠶᠢ ᠡᠭᠦᠳᠴᠦ᠂ ᠰᠣᠨᠢᠨ ᠮᠡᠳᠡᠭᠡᠨ ᠤ ᠸᠢᠳᠢᠣᠵᠢᠯ ᠢ ᠣᠬᠤᠷᠵᠢᠭᠤᠯᠤᠨ᠂ ᠪᠣᠷᠣ ᠮᠠᠲ᠋ᠧᠷᠢᠶᠠᠯ ᠤᠨ ᠬᠠᠮᠤᠭ ᠰᠣᠳᠣᠨ ᠭᠤᠣᠯ ᠱᠤᠭᠤᠮ ᠪᠠ ᠳᠣᠲᠣᠭᠠᠳᠤ ᠴᠥᠮ᠎ᠡ ᠶᠢ ᠰᠢᠩᠭᠡᠭᠡᠨ ᠠᠪᠴᠤ᠂ 3 ᠮᠢᠨᠦ᠋ᠲ ᠤᠨ ᠰᠢᠵᠢᠷ ᠠᠯᠲᠠ ᠳᠠᠮᠵᠢᠭᠤᠯᠭ᠎ᠠ ᠶᠢᠨ ᠴᠠᠭ ᠢ ᠠᠩᠬᠠᠷᠴᠤ᠂ ᠳᠡᠯᠡᠬᠡᠶᠢᠴᠢᠯᠡᠭᠰᠡᠨ ᠬᠡᠯᠡ ᠪᠠ ᠬᠠᠷᠠᠭᠠᠰᠤ ᠪᠠᠷ ᠣᠳᠣ ᠦᠶ᠎ᠡ ᠶᠢᠨ ᠴᠧᠩᠳᠦ᠋ ᠶᠢᠨ ᠦᠯᠢᠭᠡᠷ ᠢ ᠶᠠᠷᠢᠪᠠ ᠃  ︽ᠥᠨᠥᠳᠥᠷ ᠤᠨ ᠴᠧᠩᠳᠦ᠋︾ ᠣᠯᠠᠨ ᠠᠷᠭ᠎ᠠ ᠵᠠᠮ ᠢᠶᠠᠷ ᠨᠡᠪᠲᠡᠷᠡᠭᠦᠯᠬᠦ ᠶᠢ ᠴᠢᠬᠤᠯᠠᠴᠢᠯᠠᠵᠤ᠂ ᠲᠣᠮᠣ ᠵᠢᠵᠢᠭ ᠳᠡᠯᠭᠡᠴᠡ ᠶᠢ ᠠᠭᠤᠰᠤᠯᠴᠠᠭᠤᠯᠬᠤ ᠳᠤ᠂ ᠨᠢᠭᠡ ᠳᠤ᠂ ᠤᠯᠤᠰ ᠤᠨ ᠳᠣᠲᠣᠭᠠᠳᠤ ᠳᠤ ᠲᠧᠯᠸᠢᠰ ᠤᠨ ᠲᠣᠮᠣ ᠳᠡᠯᠭᠡᠴᠡ ᠪᠠᠷ ᠨᠡᠪᠲᠡᠷᠡᠭᠦᠯᠬᠦ ᠪᠠᠷ ᠭᠤᠣᠯ ᠪᠣᠯᠭᠠᠵᠤ᠂ ᠤᠯᠠᠮᠵᠢᠯᠠᠯᠲᠤ ᠵᠠᠭᠤᠴᠢᠯᠠᠭᠤᠷ ᠪᠣᠯᠣᠨ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠸᠢᠴᠠᠲ᠂ ᠪᠢᠴᠢᠯ ᠪᠦᠷᠭᠡ᠂ ᠲᠢᠺ ᠲᠣᠺ᠂ ᠸᠢᠳᠢᠤ᠋ ᠶᠢᠨ ᠳ᠋ᠤᠭᠠᠷ᠂ ᠵᠢᠵᠢᠭ ᠤᠯᠠᠭᠠᠨ ᠨᠣᠮ᠂ ᠥᠨᠥᠳᠦᠷ ᠤᠨ ᠲᠡᠷᠢᠭᠦᠨ ᠵᠤᠷᠪᠤᠰ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠠᠨᠢᠯᠴᠠᠭᠤᠯᠤᠨ ᠬᠦᠷᠭᠡᠵᠦ᠂ ᠬᠦᠯᠢᠶᠡᠨ ᠠᠪᠤᠭᠴᠢᠳ ᠤᠨ ᠬᠠᠮᠤᠷᠬᠤ ᠬᠡᠪᠴᠢᠶ᠎ᠡ ᠶᠢ ᠥᠷᠭᠡᠳᠭᠡᠪᠡ᠃ ᠬᠤᠶᠠᠷ ᠲᠤ᠂ ᠣᠯᠠᠨ ᠤᠯᠤᠰ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢᠨ ᠲᠤᠰᠠᠳᠠ᠂ ᠪᠤᠯᠤᠩ ᠨᠢ ᠶᠸᠦ ᠲᠦ᠋᠂ ᠨᠢᠭᠤᠷ ᠨᠣᠮ᠂ X᠂ ᠬᠡᠷᠡᠯ ᠵᠢᠷᠤᠭ ᠤᠨ ᠬᠡᠷᠡᠮ ᠵᠡᠷᠭᠡ ᠭᠠᠳᠠᠭᠠᠳᠤ ᠶᠢᠨ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ︽ Chengdu Plus ︾ ᠣᠯᠠᠨ ᠤᠯᠤᠰ ᠤᠨ ᠳᠠᠮᠵᠢᠭᠤᠯᠭ᠎ᠠ ᠶᠢᠨ ᠵᠢᠭᠰᠠᠭᠠᠯ ᠳᠤ ᠵᠡᠷᠭᠡ ᠪᠠᠷ ᠲᠠᠷᠬᠠᠭᠠᠵᠤ᠂ ᠴᠧᠩᠳᠦ᠋ ᠬᠤᠲᠠ ᠳᠤ ᠬᠥᠭᠵᠢᠯᠲᠡ ᠶᠢᠨ ᠲᠣᠬᠢᠶᠠᠯ ᠢ ᠠᠩᠬᠠᠷᠴᠤ ᠪᠠᠶᠢᠭ᠎ᠠ ᠣᠯᠠᠨ ᠤᠯᠤᠰ ᠤᠨ ᠪᠠᠯᠠ ᠣᠷᠣᠭᠤᠯᠤᠭᠴᠢᠳ ᠲᠤ ᠪᠠᠷᠠᠯᠠᠬᠤ ᠴᠣᠩᠬᠤᠪᠴᠢ ᠶᠢ ᠬᠠᠩᠭᠠᠵᠤ᠂ ᠨᠠᠩ ᠣᠯᠠᠨ ᠣᠯᠠᠨ ᠤᠯᠤᠰ ᠤᠨ ᠦᠢᠯᠡᠰ ᠪᠣᠰᠬᠠᠭᠴᠢ ᠪᠠ ᠪᠠᠯᠠ ᠣᠷᠣᠭᠤᠯᠤᠭᠴᠢᠳ ᠢ ᠬᠠᠪᠰᠤᠷᠤᠨ ᠴᠧᠩᠳᠦ᠋ ᠶᠢᠨ ᠦᠢᠯᠡᠰ ᠪᠣᠰᠬᠠᠬᠤ ᠠᠮᠢ ᠠᠬᠤᠶ ᠶᠢ ᠣᠶᠢᠯᠠᠭᠠᠭᠤᠯᠵᠤ᠂ ᠡᠭᠦᠨ ᠤ ᠤᠯᠠᠮ ᠠᠴᠠ ᠨᠠᠩ ᠣᠯᠠᠨ ᠣᠯᠠᠨ ᠤᠯᠤᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠡᠳᠡᠨ ᠠᠪᠴᠢᠷᠠᠵᠤ ᠴᠧᠩᠳᠦ᠋ ᠬᠤᠲᠠ ᠳᠤ ᠬᠤᠷᠠᠮᠳᠤᠭᠤᠯᠤᠨ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠳᠤ ᠬᠦᠴᠦᠨ ᠨᠡᠮᠡᠷᠢᠯᠡᠪᠡ᠃  ︽ᠥᠨᠥᠳᠦᠷ ᠤᠨ ᠴᠧᠩᠳᠦ᠋︾ ᠪᠤᠯᠤᠩ ᠤᠨ ᠨᠡᠪᠲᠡᠷᠡᠭᠦᠯᠭᠡ ᠪᠣᠯ ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨ᠎ᠡ ᠳᠣᠲᠣᠭᠠᠳᠤ ᠭᠠᠳᠠᠭᠠᠳᠤ ᠶᠢᠨ ᠤᠬᠠᠭᠤᠯᠭ᠎ᠠ ᠶᠢ ᠨᠢᠭᠡ ᠴᠤᠬᠴᠠᠵᠢᠭᠤᠯᠤᠬᠰᠠᠨ ᠪᠠᠶᠢᠷᠢᠰᠢᠯ ᠤᠨ ᠰᠦᠪᠡᠭᠴᠢᠯᠡᠯᠳᠡ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠵᠦᠴᠦᠭᠡ ᠶᠢᠨ ᠲᠡᠭᠦᠪᠦᠷᠢ᠂ ᠶᠡᠷᠦᠩᠬᠡᠶᠢᠯᠡᠭᠰᠡᠨ ᠤᠷᠠᠯᠢᠭ ᠤᠨ ᠫᠷᠣᠭ᠍ᠷᠠᠮ᠂ ᠪᠠᠷᠢᠮᠲᠠᠲᠤ ᠺᠢᠨᠣ᠋ ᠵᠡᠷᠭᠡ ᠦᠵᠡᠵᠦ ᠰᠣᠨᠣᠰᠬᠤ ᠫᠷᠤᠭ᠍ᠷᠠᠮ ᠭᠡᠰᠡᠨ ᠦᠭᠡᠢ᠂ ᠡᠰᠡᠬᠦᠯ᠎ᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠲᠥᠯᠦᠭᠡᠯᠡᠭᠦᠯᠦᠭᠰᠡᠨ ᠦᠵᠡᠵᠦ ᠰᠣᠨᠣᠰᠬᠤ ᠲᠠᠪᠴᠠᠩ ᠴᠤ ᠲᠡᠷᠡ᠂ ᠭᠠᠳᠠᠭᠠᠳᠤ ᠳᠤ ᠦᠨᠳᠦᠰᠦᠲᠡᠨ ᠤ ᠴᠢᠨᠠᠷ᠂ ᠭᠠᠳᠠᠭᠠᠳᠤ ᠶᠢᠨ ᠣᠷᠣᠨ ᠨᠤᠲᠤᠭᠴᠢᠯᠠᠯᠲᠠ ᠠᠴᠠ ᠳᠡᠯᠡᠬᠡᠶᠢᠴᠢᠯᠡᠯᠲᠡ ᠶᠢᠨ ᠣᠨᠴᠠᠯᠢᠭ ᠲᠠᠢ ᠪᠣᠯᠤᠭᠰᠠᠨ ᠨᠢ ᠷᠠᠳᠢᠣ᠋ ᠲᠧᠯᠸᠢᠰ ᠤᠨ ᠦᠵᠡᠵᠦ ᠰᠣᠨᠣᠰᠬᠤ ᠶᠠᠪᠤᠴᠠ ᠠᠴᠠ ᠣᠯᠠᠨ ᠤᠯᠤᠰ ᠤᠨ ᠳᠠᠮᠵᠢᠭᠤᠯᠭ᠎ᠠ ᠪᠣᠯᠤᠨ ᠬᠤᠪᠢᠷᠠᠯᠲᠠ ᠶᠢᠨ ᠴᠢᠬᠤᠯᠠ ᠪᠡᠯᠭᠡ ᠲᠡᠮᠳᠡᠭ ᠪᠣᠯᠣᠭᠰᠠᠨ ᠪᠠᠶᠢᠨ᠎ᠠ ᠃ ︽ᠭᠤᠴᠢᠨ ᠨᠠᠰᠤ ᠲᠡᠳᠦᠢ︾᠂ ︽ᠦᠭᠡ ᠳᠠᠭᠤᠨ ᠦᠭᠡᠢ ᠦᠨᠡᠨ ᠪᠠᠶᠢᠳᠠᠯ ︾ ᠵᠡᠷᠭᠡ ᠨᠢ ᠤᠯᠠᠮ ᠠᠴᠠ ᠤᠯᠠᠮ ᠣᠯᠠᠨ ᠭᠠᠳᠠᠭᠠᠳᠤ ᠳᠤ ᠬᠦᠷᠪᠡᠭᠦᠯᠵᠦ ᠰᠡᠭᠦᠳᠡᠷᠯᠡᠭᠰᠡᠨ ᠲᠧᠯᠸᠢᠰ ᠵᠦᠴᠦᠭᠡ ᠂ ᠡᠰᠡᠬᠦᠯ᠎ᠡ ︽ᠰᠠᠯᠬᠢ ᠳᠠᠪᠠᠯᠭᠠᠨ ᠢ ᠢᠯᠠᠨ ᠳᠠᠪᠠᠭᠰᠠᠨ ᠡᠭᠡᠴᠢ︾᠂ ︽ᠥᠷᠭᠡᠰᠦ ᠲᠠᠢ ᠠᠬ᠎ᠠ︾ ᠵᠡᠷᠭᠡ ᠨᠢ ᠵᠡᠭᠦᠨ ᠡᠮᠦᠨᠡᠲᠦ ᠠᠽᠢᠶ᠎ᠠ ᠶᠢᠨ ᠣᠷᠣᠨ ᠨᠤᠲᠤᠭ ᠲᠤ ᠠᠭᠠᠵᠢᠮ ᠢᠶᠠᠷ ᠠᠯᠳᠠᠷᠰᠢᠭᠰᠠᠨ ᠠᠩᠬᠠᠨ ᠤ ᠤᠷᠠᠨ ᠰᠠᠶᠢᠬᠠᠨ ᠤ ᠲᠣᠭᠯᠠᠯᠲᠠ ᠪᠣᠯᠪᠠ ᠂ ᠡᠰᠡᠬᠦᠯ᠎ᠡ ︽ᠠᠮᠢᠳᠤᠷᠠᠯ ᠤᠨ ᠳᠡᠭᠡᠳᠦ︾ ᠵᠡᠷᠭᠡ ᠨᠢ ᠤᠯᠠᠮ ᠠᠴᠠ ᠤᠯᠠᠮ ᠣᠯᠠᠨ ᠰᠢᠯᠢᠳᠡᠭ ᠵᠢᠷᠤᠭ ᠰᠡᠭᠦᠳᠡᠷᠯᠡᠭᠰᠡᠨ ᠪᠠᠷᠢᠮᠲᠠᠲᠤ ᠺᠢᠨᠣ᠋ ᠪᠣᠯᠪᠠ ᠂ ᠡᠰᠡᠬᠦᠯ᠎ᠡ ᠤᠯᠠ ᠮᠥᠷ ᠨᠢ ᠲᠠᠪᠤᠨ ᠶᠡᠭᠡ ᠲᠢᠪ ᠤᠨ ᠤᠷᠲᠤ ᠣᠬᠤᠷ ᠸᠢᠳᠢᠣ᠋ ᠲᠠᠪᠴᠠᠩ ᠪᠠᠶᠢᠵᠤ ᠂ ᠤᠯᠠᠮ ᠠᠴᠠ ᠤᠯᠠᠮ ᠣᠯᠠᠨ ᠷᠠᠳᠢᠣ᠋ ᠲᠧᠯᠸᠢᠰ ᠤᠨ ᠪᠠᠶᠢᠭᠤᠯᠤᠮᠵᠢ ᠣᠯᠠᠨ ᠤᠯᠤᠰ ᠤᠨ ᠨᠡᠷᠡᠲᠦ ᠲᠡᠮᠳᠡᠭᠲᠦ ᠶᠢ ᠡᠭᠦᠳᠴᠦ ᠳᠠᠮᠵᠢᠭᠤᠯᠬᠤ ᠲᠡᠷᠢᠭᠦᠨ ᠴᠢᠬᠤᠯᠠ ᠡᠭᠦᠷᠭᠡ ᠪᠣᠯᠭᠠᠵᠤ ᠪᠠᠶᠢᠨ᠎ᠠ ᠃ ᠷᠠᠳᠢᠣ᠋ ᠲᠧᠯᠸᠢᠰ ᠤᠨ ᠪᠠᠶᠢᠭᠤᠯᠤᠮᠵᠢ ᠳᠣᠲᠣᠭᠠᠳᠤ ᠠᠴᠠ ᠭᠠᠳᠠᠭᠠᠳᠤ ᠲᠡᠶᠢᠰᠢᠬᠢ ᠳᠠᠮᠵᠢᠭᠤᠯᠭ᠎ᠠ ᠳᠤ ᠪᠠᠨ ᠦᠨᠳᠦᠰᠦᠨ ᠴᠢᠨᠠᠷᠲᠠᠶ ᠬᠤᠪᠢᠷᠠᠯᠲᠠ ᠭᠠᠷᠭᠠᠵᠤ ᠂ ᠪᠦᠬᠦ ᠪᠥᠮᠪᠥᠷᠴᠡᠭ ᠤᠨ ᠬᠠᠷᠠᠭᠠᠰᠤ ᠠᠴᠠ ᠰᠠᠭᠤᠷᠢ ᠴᠡᠭ ᠪᠣᠯᠭᠠᠭᠰᠠᠨ ᠳᠣᠲᠣᠭᠠᠳᠤ ᠤᠬᠠᠭᠤᠯᠭ᠎ᠠ ᠭᠠᠳᠠᠭᠠᠳᠤ ᠤᠬᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠰᠢᠨ᠎ᠡ ᠪᠠᠶᠢᠳᠠᠯ ᠢ ᠠᠩᠬ᠎ᠠ ᠠᠯᠬᠤᠮ ᠪᠦᠷᠢᠯᠳᠦᠭᠦᠯᠪᠡ ᠃  ᠭᠤᠷᠪᠠ᠂ ᠰᠢᠯᠢᠳᠡᠭ ᠰᠠᠶᠢᠨ ᠪᠢᠴᠢᠯ ᠣᠬᠤᠷ ᠵᠦᠴᠦᠭᠡ᠂ ᠣᠬᠤᠷ ᠸᠢᠳᠢᠤ᠋ ᠶᠢᠨ ᠣᠯᠠᠨ ᠤᠯᠤᠰ ᠤᠨ ᠳᠠᠮᠵᠢᠭᠤᠯᠭ᠎ᠠ ᠶᠢᠨ ᠬᠤᠷᠳᠤᠴᠠ᠄ ᠣᠯᠠᠨ ᠤᠯᠤᠰ ᠤᠨ ᠬᠡᠷᠡᠭᠴᠡᠭᠡ ᠱᠠᠭᠠᠷᠳᠠᠯᠭ᠎ᠠ ᠶᠢᠨ ᠰᠤᠳᠠᠯ ᠢ ᠪᠠᠷᠢᠪᠠᠯ ᠰᠠᠶ᠋ᠢ ᠤᠯᠠᠮ ᠰᠠᠶᠢᠨ ᠳᠠᠮᠵᠢᠭᠤᠯᠵᠤ ᠴᠢᠳᠠᠨ᠎ᠠ  ᠣᠬᠤᠷ ᠸᠢᠳᠢᠣ᠋ ᠂ ᠪᠢᠴᠢᠯ ᠣᠬᠤᠷ ᠵᠦᠴᠦᠭᠡ ᠨᠢ ᠣᠯᠠᠨ ᠤᠯᠤᠰ ᠤᠨ ᠳᠠᠮᠵᠢᠭᠤᠯᠭ᠎ᠠ ᠶᠢᠨ ᠴᠢᠬᠤᠯᠠ ᠬᠦᠴᠦᠨ ᠪᠣᠯᠪᠠ᠃ 2019 ᠣᠨ ᠤ ᠷᠠᠳᠢᠣ᠋ ᠲᠧᠯᠸᠢᠰ ᠤᠨ ᠠᠵᠢᠯ ᠲᠥᠷᠥᠯ ᠠᠴᠠ ᠣᠬᠤᠷ ᠸᠢᠳᠢᠤ᠋ ᠶᠢᠨ ᠣᠯᠠᠨ ᠤᠯᠤᠰ ᠤᠨ ᠳᠠᠮᠵᠢᠭᠤᠯᠭ᠎ᠠ ᠶᠢᠨ ᠳᠤᠮᠳᠠᠬᠢ ᠦᠢᠯᠡᠳᠦᠯ ᠢ ᠴᠢᠩᠭᠠᠷᠠᠭᠤᠯᠵᠤ ᠂ ᠣᠬᠤᠷ ᠸᠢᠳᠢᠤ᠋ ᠶᠢᠨ ᠤᠷᠤᠯᠳᠤᠭᠠᠨ ᠢ ᠣᠯᠠᠨ ᠤᠳᠠᠭ᠎ᠠ ᠡᠷᠭᠢᠯᠡᠵᠦ᠂ ᠭᠤᠤᠯ ᠰᠡᠳᠦᠪᠲᠦ ᠣᠬᠤᠷ ᠸᠢᠳᠢᠤ᠋ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠠᠳᠠᠭᠠᠳᠤ ᠶᠢᠨ ᠬᠠᠯᠠᠮᠰᠢᠯ ᠸᠢᠳᠢᠣ᠋ ᠶᠢᠨ ᠲᠠᠪᠴᠠᠩ ᠤᠨ ᠤᠷᠤᠰᠴᠠ ᠶᠢᠨ ᠬᠡᠮᠵᠢᠶ᠎ᠡ ᠶᠢ ᠠᠰᠢᠭᠯᠠᠭᠠᠳ ᠳᠠᠮᠵᠢᠭᠤᠯᠭ᠎ᠠ ᠶᠢᠨ ᠰᠢᠯᠢᠳᠡᠭ ᠦᠷ᠎ᠡ ᠪᠦᠲᠦᠮᠵᠢ ᠶᠢ ᠣᠯᠪᠠ᠃  2024 ᠣᠨ ᠤ ᠪᠢᠴᠢᠯ ᠣᠬᠤᠷ ᠵᠦᠴᠦᠭᠡ ᠨᠢ ᠵᠠᠭᠤᠴᠢᠯᠠᠭᠤᠷ ᠤᠨ ᠲᠠᠪᠴᠠᠩ ᠤᠨ ᠤᠷᠤᠰᠴᠠ ᠶᠢᠨ ᠬᠡᠮᠵᠢᠶ᠎ᠡ ᠳᠤ ᠲᠦᠰᠢᠭᠯᠡᠨ᠂ ᠥᠨᠳᠥᠷ ᠳᠠᠪᠲᠠᠮᠵᠢᠲᠤ ᠮᠥᠷᠭᠦᠯᠳᠦᠭᠡᠨ᠂ ᠰᠠᠨᠠᠭ᠎ᠠ ᠪᠣᠳᠣᠯ ᠢᠶᠠᠨ ᠶᠡᠭᠡ ᠪᠠᠷ ᠪᠠᠳᠠᠷᠠᠭᠤᠯᠵᠤ᠂ 2024 ᠣᠨ ᠤ ᠳᠤᠮᠳᠠᠳᠤ ᠤᠯᠤᠰ ᠤᠨ ᠪᠢᠴᠢᠯ ᠣᠬᠤᠷ ᠵᠦᠴᠦᠭᠡ ᠳᠤ ᠰᠢᠯᠢᠳᠡᠭᠵᠢᠭᠰᠡᠨ᠂ ᠭᠤᠣᠯ ᠰᠡᠳᠦᠪᠵᠢᠭᠰᠡᠨ ᠪᠠᠶᠢᠳᠠᠯ ᠢᠯᠡᠷᠡᠵᠦ᠂ ᠦᠷᠭᠦᠯᠵᠢᠯᠡᠨ ᠬᠠᠷᠢᠭᠤ ᠲᠤᠰᠬᠠᠬᠤ ᠲᠣᠮᠣ ᠳᠡᠯᠭᠡᠴᠡ ᠪᠠᠷ ᠤᠯᠤᠰ ᠤᠨ ᠳᠣᠲᠣᠭᠠᠳᠤ ᠶᠢᠨ ᠳᠡᠭᠡᠳᠦ ᠬᠤᠷᠳᠤᠴᠠ ᠪᠠᠷ ᠥᠷᠭᠡᠳᠬᠦ ᠶᠢᠨ ᠬᠠᠮᠲᠤ ᠭᠠᠳᠠᠭᠠᠳᠤ ᠳᠤ ᠪᠣᠷᠣᠯᠠᠭᠤᠯᠭ᠎ᠠ ᠰᠠᠶᠢᠲᠠᠢ ᠪᠠᠶᠢᠨ᠎ᠠ᠃ ᠬᠠᠮᠢᠶ᠎ᠠ ᠪᠥᠬᠦᠶ ᠲᠤᠭ᠎ᠠ ᠪᠠᠷᠢᠮᠲᠠ ᠠᠴᠠ ᠦᠵᠡᠪᠡᠯ᠂ 2024 ᠣᠨ ᠤ ᠪᠢᠴᠢᠯ ᠣᠬᠤᠷ ᠵᠦᠴᠦᠭᠡ ᠶᠢᠨ ᠵᠠᠬ᠎ᠠ ᠳᠡᠯᠭᠡᠭᠦᠷ ᠤᠨ ᠬᠡᠪᠴᠢᠶᠡᠵᠢᠯ ᠪᠠᠷᠤᠭ 504.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.9% ᠪᠠᠷ ᠨᠡᠮᠡᠭᠳᠡᠨ᠂ ᠪᠥᠬᠦ ᠵᠢᠯ ᠤᠨ ᠺᠢᠨᠣ᠋ ᠶᠢᠨ ᠶᠡᠷᠦᠩᠬᠡᠶ ᠪᠢᠯᠧᠲ ᠤᠨ ᠣᠷᠣᠯᠭ᠎ᠠ ︵450 ᠳ᠋ᠦᠩᠰᠢᠭᠤᠷ ᠲᠥᠭᠦᠷᠢᠭ︶ ᠶᠢ ᠳᠠᠪᠠᠵᠠᠶ᠃ ᠭᠠᠳᠠᠭᠠᠳᠤ ᠳᠤ ᠭᠠᠷᠤᠭᠰᠠᠨ ᠣᠷᠣᠯᠭ᠎ᠠ ᠶᠢᠨ ᠬᠡᠪᠴᠢᠶᠡᠵᠢᠯ ᠤᠨ Top15 ᠶᠢᠨ ᠣᠬᠤᠷ ᠵᠦᠴᠦᠭᠡ ᠶᠢᠨ ᠲᠠᠪᠴᠠᠩ ᠤᠨ ᠲᠥᠰᠥᠭᠡᠯᠡᠭᠰᠡᠨ ᠢᠶᠠᠷ᠂ 2024 ᠣᠨ ᠤ 10 ᠳ᠋ᠤᠭᠠᠷ ᠰᠠᠷ᠎ᠠ ᠪᠣᠯᠲᠠᠯ᠎ᠠ᠂ ᠭᠠᠳᠠᠭᠠᠳᠤ ᠳᠤ ᠭᠠᠷᠤᠭᠰᠠᠨ ᠣᠬᠤᠷ ᠵᠦᠴᠦᠭᠡ ᠶᠢᠨ ᠬᠡᠷᠡᠭᠯᠡᠭᠡᠨ ᠤ ᠣᠷᠣᠯᠭ᠎ᠠ ᠨᠢᠭᠡᠨᠲᠡ 4.3 ᠳ᠋ᠦᠩᠰᠢᠭᠤᠷ ᠳ᠋ᠣᠯᠯᠠᠷ ᠢ ᠳᠠᠪᠠᠵᠤ᠂ ᠪᠦᠬᠦ ᠵᠢᠯ ᠳᠤ 5 ᠳ᠋ᠦᠩᠰᠢᠭᠤᠷ ᠳ᠋ᠣᠯᠯᠠᠷ ᠢ ᠳᠠᠪᠠᠭ᠋ᠤ ᠪᠣᠯᠣᠨ᠎ᠠ ᠃ ᠤᠮᠠᠷᠠᠲᠤ ᠠᠮᠧᠷᠢᠺᠠ ᠪᠣᠯ ᠭᠠᠳᠠᠭᠠᠳᠤ ᠳᠤ ᠰᠦᠢᠳᠬᠡᠯ ᠲᠤᠰᠢᠶᠠᠯᠲᠠ ᠪᠠᠷ ᠬᠠᠮᠤᠭ ᠤᠨ ᠣᠯᠠᠨ ᠭᠠᠵᠠᠷ ᠣᠷᠣᠨ ᠮᠥᠨ᠂ ᠪᠥᠬᠦ ᠪᠥᠮᠪᠥᠷᠴᠡᠭ ᠤᠨ ᠪᠢᠴᠢᠯ ᠣᠬᠤᠷ ᠵᠦᠴᠦᠭᠡ ᠶᠢᠨ ᠭᠠᠳᠠᠭᠠᠳᠤ ᠶᠢᠨ ᠬᠤᠳᠠᠯᠳᠤᠨ ᠠᠪᠤᠭᠰᠠᠨ ᠣᠷᠣᠯᠭ᠎ᠠ ᠶᠢᠨ 60% ᠶᠢ ᠬᠠᠨᠳᠢᠪᠯᠠᠪᠠ︔ ᠵᠡᠭᠦᠨ ᠡᠮᠦᠨᠡᠲᠦ ᠠᠽᠢᠶ᠎ᠠ ᠪᠣᠯ ᠦᠨ᠎ᠡ ᠲᠥᠯᠥᠪᠦᠷᠢ ᠦᠭᠡᠢ ᠪᠠᠷ ᠦᠵᠡᠭᠰᠡᠨ ᠤᠳᠠᠭ᠎ᠠ ᠪᠠ APP ᠶᠢᠨ ᠬᠡᠷᠡᠭᠯᠡᠯᠲᠡ ᠶᠢᠨ ᠬᠡᠮᠵᠢᠶ᠎ᠡ ᠪᠠᠷ ᠬᠠᠮᠤᠭ ᠤᠨ ᠶᠡᠭᠡ ᠭᠠᠵᠠᠷ ᠣᠷᠣᠨ ᠮᠥᠨ᠃ 2024 ᠣᠨ ᠳᠤ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠬᠢᠨ ᠣᠯᠠᠨ ᠤᠯᠤᠰ ᠤᠨ ᠪᠢᠴᠢᠯ ᠣᠬᠤᠷ ᠵᠦᠴᠦᠭᠡ ᠶᠢᠨ ᠤᠷᠤᠯᠳᠤᠭᠠᠨ ᠢ ᠥᠷᠨᠢᠭᠦᠯᠵᠦ᠂ ᠰᠢᠯᠢᠳᠡᠭ ᠪᠢᠴᠢᠯ ᠣᠬᠤᠷ ᠵᠦᠴᠦᠭᠡ ᠶᠢ ᠰᠢᠯᠢᠨ ᠰᠣᠩᠭᠤᠵᠤ ᠣᠯᠠᠨ ᠤᠯᠤᠰ ᠤᠨ ᠳᠠᠮᠵᠢᠭᠤᠯᠭ᠎ᠠ ᠪᠠᠨ ᠴᠢᠩᠭᠠᠳᠬᠠᠪᠠ᠃  ᠣᠬᠤᠷ ᠸᠢᠳᠢᠤ᠋᠂ ᠪᠢᠴᠢᠯ ᠣᠬᠤᠷ ᠵᠦᠴᠦᠭᠡ ᠨᠢ ᠭᠠᠳᠠᠭᠠᠳᠤ ᠶᠢᠨ ᠵᠠᠬ᠎ᠠ ᠳᠡᠯᠭᠡᠭᠦᠷ ᠤᠨ ᠠᠩᠬᠠᠷᠤᠯ ᠢ ᠲᠠᠲᠠᠵᠤ᠂ ᠠᠵᠢᠯ ᠲᠥᠷᠥᠯ ᠤᠨ ᠬᠢᠨ ᠬᠠᠮᠢᠶ᠎ᠠ ᠪᠦᠬᠦᠢ ᠳᠠᠮᠵᠢᠭᠤᠯᠭ᠎ᠠ ᠶᠢ ᠲᠦᠷᠭᠡᠳᠬᠡᠵᠦ᠂ ᠢᠯᠠᠩᠭᠤᠶ᠎ᠠ ᠡᠶᠢᠮᠦᠷᠬᠦᠦ ︽ ᠠᠪᠰᠠᠷᠬᠠᠨ︾ ᠠᠭᠤᠯᠭ᠎ᠠ ᠨᠢ ᠭᠠᠳᠠᠭᠠᠳᠤ ᠶᠢᠨ ᠵᠠᠯᠠᠭᠤ ᠬᠡᠷᠡᠭᠯᠡᠭᠴᠢᠳ ᠤᠨ ᠳᠤᠷ᠎ᠠ ᠰᠣᠨᠢᠷᠬᠠᠯ ᠢ ᠲᠠᠲᠠᠵᠤ ᠴᠢᠳᠠᠨ᠎ᠠ᠃ ᠣᠬᠤᠷ ᠸᠢᠳᠢᠤ᠋ ᠪᠢᠴᠢᠯ ᠣᠬᠤᠷ ᠵᠦᠴᠦᠭᠡ ᠲᠣᠭᠤᠷᠢᠨ ᠳᠤ ᠭᠠᠳᠠᠭᠠᠳᠤ ᠶᠢᠨ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠣᠬᠢᠶᠠᠨ ᠪᠦᠲᠦᠭᠡᠵᠦ ᠳᠠᠮᠵᠢᠭᠤᠯᠬᠤ ᠵᠠᠭᠪᠤᠷ ᠨᠢ ᠵᠠᠬ᠎ᠠ ᠳᠡᠯᠭᠡᠭᠦᠷ ᠤᠨ ᠵᠢᠮ᠎ᠡ ᠶᠣᠰᠣᠨ ᠳᠤ ᠨᠡᠶᠢᠴᠡᠵᠦ ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠫᠷᠤᠭ᠍ᠷᠠᠮ ᠤᠨ ᠭᠠᠳᠠᠭᠠᠳᠤ ᠳᠤ ᠳᠠᠮᠵᠢᠭᠤᠯᠬᠤ ᠲᠤᠭ᠎ᠠ ᠬᠡᠮᠵᠢᠶ᠎ᠡ ᠨᠢ ᠳᠡᠭᠡᠭᠰᠢᠯᠡᠭᠰᠡᠨ ᠪᠣᠯᠪᠠᠴᠤ᠂ ᠳᠠᠮᠵᠢᠭᠤᠯᠬᠤ ᠠᠭᠤᠯᠭ᠎ᠠ ᠨᠢ ᠭᠠᠳᠠᠭᠠᠳᠤ ᠶᠢᠨ ᠦᠵᠡᠭᠴᠢᠳ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠦᠯᠦ ᠲᠣᠬᠢᠷᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠪᠣᠯᠤᠨ᠎ᠠ᠃ ᠡᠨᠡ ᠨᠢ ᠣᠯᠠᠨ ᠤᠯᠤᠰ ᠤᠨ ᠨᠡᠪᠲᠡᠷᠡᠭᠦᠯᠭᠡ ᠳᠤ ᠣᠷᠣᠬᠤ ᠳᠤ ᠬᠦᠴᠢᠷᠲᠡᠶ ᠪᠠᠶᠢᠭᠰᠠᠨ ᠷᠠᠳᠢᠣ᠋ ᠨᠡᠪᠲᠡᠷᠡᠭᠦᠯᠭᠡ ᠶᠢᠨ ᠬᠡᠪ ᠵᠠᠭᠪᠤᠷ ᠢ ᠭᠠᠳᠠᠭᠠᠳᠤ ᠶᠢᠨ ᠬᠡᠷᠡᠭᠯᠡᠭᠴᠢ ᠳᠤ ᠣᠶᠢᠷᠠᠲᠤᠭᠤᠯᠬᠤ ᠦᠢᠯᠡᠴᠢᠯᠡᠭᠡ ᠬᠢᠵᠦ ᠪᠠᠶᠢᠭ᠎ᠠ ᠶᠢ ᠬᠠᠷᠠᠭᠤᠯᠵᠤ ᠪᠤᠶ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ