| | | | 1 ᠳ᠋ᠦ᠋ᠭᠡᠷ ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ 2025 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ | ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠵᠤ᠂ | 2025 ᠣᠨ ᠤ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠥᠪ ᠤᠨ ᠤᠬᠠᠭᠤᠯᠬᠤ | ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠼᠤᠤ ᠱᠤ᠋ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ ᠬᠤᠷᠠᠯ ᠤᠨ ᠳ᠋ᠦᠩᠨᠡᠯᠲᠡ ᠬᠢᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ᠂ ᠶᠠᠩ ᠭᠦᠸᠧ ᠷᠦᠢ ᠬᠤᠷᠠᠯ ᠳᠤ ᠣᠷᠣᠯᠴᠠᠪᠠ | ᠃ | ᠬᠤᠷᠠᠯ ᠠᠴᠠ᠂ 2024 ᠣᠨ ᠪᠣᠯ ᠷᠠᠳᠢᠣ᠋ ᠲᠧᠯᠸᠢᠰ ᠤᠨ ᠠᠵᠢᠯ ᠲᠦᠷᠦᠯ ᠳᠤ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠪᠦᠬᠦ ᠠᠵᠢᠯ | ᠲᠦᠷᠦᠯ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠲᠥᠯᠥᠪᠵᠢᠭᠦᠯᠬᠦ ᠪᠠ ᠭᠤᠣᠯᠳᠠᠯᠭ᠎ᠠ ᠲᠠᠢ | ᠰᠢᠪᠲᠤᠯᠤᠯᠲᠠ ᠶᠢ ᠤᠶᠠᠯᠳᠤᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠠᠨᠠᠭᠠᠴᠢᠯᠠᠭ᠎ᠠ ᠠᠴᠠ ᠪᠠᠨ | ᠬᠤᠪᠢᠷᠠᠯᠲᠠ ᠶᠢ ᠡᠷᠢᠯᠬᠢᠯᠡᠵᠦ᠂ ᠬᠥᠭᠵᠢᠯᠲᠡ ᠶᠢᠨ ᠪᠠᠶᠢᠳᠠᠯ ᠢᠯᠡᠳᠲᠡ ᠰᠠᠶᠢᠵᠢᠷᠠᠵᠤ᠂ ᠢᠲᠡᠭᠡᠯ ᠵᠣᠷᠢᠭ ᠪᠠ ᠨᠢᠭᠲᠠᠷᠠᠯ ᠤᠨ ᠬᠦᠴᠦᠨ ᠢ ᠲᠦᠢᠯ ᠤᠨ ᠶᠡᠭᠡ ᠪᠠᠷ | ᠬᠥᠭᠵᠢᠭᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ | ᠬᠦᠴᠦᠲᠡᠢ ᠦᠢᠯᠡᠴᠢᠯᠡᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ 1 ᠦᠵᠦ ᠲᠥᠯᠥᠪᠯᠡᠭᠡ ᠪᠠ 10 ᠵᠦᠢᠯ ᠤᠨ ᠭᠤᠤᠯᠳᠠᠯᠭ᠎ᠠ ᠲᠠᠢ ᠠᠵᠢᠯ ᠤᠨ | ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠰᠢᠨ᠎ᠡ ᠪᠠᠶᠢᠳᠠᠯ ᠢ ᠡᠭᠦᠳᠴᠦ᠂ ᠰᠢᠨ᠎ᠡ ᠰᠢᠪᠲᠤᠯᠤᠯᠲᠠ ᠲᠠᠢ ᠪᠣᠯᠭᠠᠪᠠ᠃ ᠨᠠᠩ ᠣᠯᠠᠨ ᠰᠣᠳᠣᠨ ᠪᠦᠲᠦᠭᠡᠯ᠂ | ᠨᠠᠩ ᠥᠷᠭᠡᠨ ᠳᠠᠮᠵᠢᠭᠤᠯᠭ᠎ᠠ ᠶᠢᠨ ᠰᠢᠨ᠎ᠡ ᠦᠷ᠎ᠡ ᠪᠦᠷᠦᠮᠵᠢ ᠣᠯᠬᠤ ᠶᠢ ᠠᠬᠢᠭᠤᠯᠪᠠ︔ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ | ᠠᠵᠢᠯᠯᠠᠭᠠᠨ ᠤ ᠵᠠᠰᠠᠯᠲᠠ ᠰᠢᠨ᠎ᠡ ᠴᠢᠬᠤᠯᠠ ᠶᠡᠭᠡ ᠰᠢᠪᠲᠤᠯᠤᠯᠲᠠ ᠲᠠᠢ ᠪᠣᠯᠪᠠ ︔ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠪᠦᠲᠦᠭᠡᠨ ᠪᠠᠶᠢᠭᠤᠯᠤᠯᠲᠠ ᠶᠢᠨ | ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠬᠠᠮᠵᠢᠯᠴᠠᠨ ᠬᠥᠳᠡᠯᠦᠯᠴᠡᠵᠦ᠂ ᠰᠦᠯᠵᠢᠶᠡᠨ ᠤ ᠪᠢᠴᠢᠯ ᠵᠦᠴᠦᠭᠡ ᠶᠢ ᠰᠦᠯᠵᠢᠶᠡᠨ ᠤ ᠦᠵᠡᠵᠦ | ᠰᠣᠨᠣᠰᠬᠤ ᠰᠢᠨ᠎ᠡ ᠨᠡᠮᠡᠭᠳᠡᠯ ᠤᠨ ᠴᠡᠭ ᠪᠣᠯᠭᠠᠪᠠ︔ ᠳᠡᠭᠡᠳᠦ ᠰᠢᠨ᠎ᠡ ᠮᠡᠷᠭᠡᠵᠢᠯ ᠠᠴᠠ ᠦᠵᠦᠭᠦᠷ ᠤᠨ ᠪᠥᠬᠦ ᠬᠡᠯᠬᠢᠶ᠎ᠡ ᠶᠢᠨ ᠬᠥᠭᠵᠢᠯᠲᠡ ᠶᠢ ᠬᠦᠴᠦᠲᠡᠶ ᠠᠬᠢᠭᠤᠯᠵᠤ᠂ | ᠭᠤᠤᠯᠳᠠᠯᠭ᠎ᠠ ᠲᠠᠢ ᠳᠠᠶᠢᠴᠢᠯᠠᠬᠤ᠂ ᠰᠢᠰᠲ᠋ᠧᠮ ᠲᠠᠢ ᠪᠠᠶᠢᠷᠢᠰᠢᠭᠤᠯᠬᠤ᠂ ᠡᠯ᠎ᠡ ᠲᠠᠯ᠎ᠠ ᠶᠢᠨ ᠬᠢᠨ ᠬᠠᠮᠵᠢᠯᠴᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ︔ | ᠰᠢᠨ᠎ᠡ ᠪᠠᠷ ᠨᠡᠮᠡᠭᠳᠡᠭᠰᠡᠨ 9 ᠮᠤᠵᠢ ᠣᠷᠣᠨ ᠤᠲᠠᠰᠤᠲᠤ ᠲᠧᠯᠸᠢᠰ ᠤᠨ ᠰᠦᠯᠵᠢᠶᠡᠨ ᠤ ︽ᠨᠢᠭᠡ ᠮᠤᠵᠢ ᠨᠢᠭᠡ ᠰᠦᠯᠵᠢᠶ᠎ᠡ︾ ᠶᠢ ᠡᠮᠬᠢᠯᠡᠨ ᠨᠡᠶᠢᠯᠡᠭᠦᠯᠵᠦ᠂ ᠷᠠᠳᠢᠣ᠋ | ᠲᠧᠯᠸᠢᠰ ᠤᠨ 5G ᠬᠡᠷᠡᠭᠯᠡᠭᠴᠢ 3275 ᠲᠦᠮᠡ ᠶᠢ ᠳᠠᠪᠠᠵᠤ᠂ ᠷᠠᠳᠢᠣ᠋ ᠲᠧᠯᠸᠢᠰ ᠤᠨ ᠰᠦᠯᠵᠢᠶᠡᠨ ᠤ ᠡᠵᠡᠩᠨᠡᠯᠲᠡ ᠶᠢᠨ ᠪᠠᠶᠢᠳᠠᠯ ᠰᠠᠶᠢᠵᠢᠷᠠᠵᠤ᠂ ᠰᠢᠨ᠎ᠡ | ᠬᠡᠯᠪᠡᠷᠢ ᠶᠢᠨ ᠷᠠᠳᠢᠣ᠋ ᠲᠧᠯᠸᠢᠰ ᠤᠨ ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ ᠢ ᠲᠣᠳᠣᠷᠬᠠᠶᠢᠯᠠᠪᠠ︔ ᠰᠤᠪᠠᠭ ᠤᠨ ᠳᠠᠪᠲᠠᠮᠵᠢ ᠶᠢ | ᠴᠣᠮᠬᠠᠳᠬᠠᠨ ᠨᠠᠷᠢᠯᠢᠭ ᠭᠦᠢᠴᠡᠳᠭᠡᠬᠦ ᠰᠢᠰᠲ᠋ᠧᠮ ᠢ ᠲᠥᠰᠦᠪᠯᠡᠨ ᠠᠬᠢᠭᠤᠯᠵᠤ᠂ ᠬᠠᠤᠯᠢ ᠲᠣᠭᠲᠠᠭᠠᠯ ᠲᠦᠷᠢᠮ ᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠤᠨ | ᠬᠤᠷᠳᠤᠴᠠ ᠶᠢ ᠪᠦᠬᠦ ᠲᠠᠯ᠎ᠠ ᠪᠠᠷ ᠲᠦᠷᠭᠡᠳᠬᠡᠪᠡ︔ ︽ᠷᠠᠳᠢᠣ᠋ ᠲᠧᠯᠸᠢᠰ ᠤᠨ ᠬᠠᠤᠯᠢ︾ ᠶᠢᠨ ᠬᠠᠤᠯᠢ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ᠬᠠᠤᠯᠢ | ᠲᠣᠭᠲᠠᠭᠠᠯ ᠲᠦᠷᠢᠮ ᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠪᠥᠬᠦ ᠲᠠᠯ᠎ᠠ ᠪᠠᠷ ᠲᠦᠷᠭᠡᠳᠭᠡᠪᠡ ︔ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ | ᠨᠡᠪᠲᠡᠷᠡᠭᠦᠯᠭᠡ ᠶᠢᠨ ᠲᠣᠭᠲᠠᠯᠴᠠᠭ᠎ᠠ ᠶᠢᠨ ᠪᠣᠷᠣ ᠲᠥᠯᠥᠪ ᠠᠩᠬ᠎ᠠ ᠠᠯᠬᠤᠮ ᠪᠦᠷᠢᠯᠳᠦᠵᠦ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠶᠢᠨ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠳᠤᠮᠳᠠᠬᠢ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠪᠡ︔ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠳᠠᠬᠢᠨ | ᠪᠠᠶᠢᠭᠤᠯᠬᠤ ᠶᠢ ᠠᠬᠢᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢ ᠨᠠᠩ ᠪᠠᠲᠤ ᠪᠠᠬᠢ ᠪᠣᠯᠭᠠᠪᠠ ︔ ᠷᠠᠳᠢᠣ᠋ ᠲᠧᠯᠸᠢᠰ ᠤᠨ ᠦᠵᠡᠵᠦ ᠰᠣᠨᠣᠰᠬᠤ ᠶᠢᠨ ᠣᠯᠠᠨ | ᠤᠯᠤᠰ ᠤᠨ ᠳᠠᠮᠵᠢᠭᠤᠯᠭ᠎ᠠ ᠶᠢᠨ ᠬᠦᠴᠦᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠵᠦ᠂ ᠳᠤᠮᠳᠠᠳᠤ ᠤᠯᠤᠰ ᠤᠨ ᠦᠵᠡᠵᠦ ᠰᠣᠨᠣᠰᠬᠤ | ᠭᠠᠳᠠᠭᠠᠳᠤ ᠶᠢᠨ ᠨᠥᠯᠥᠭᠡᠯᠡᠬᠦ ᠬᠦᠴᠦᠨ ᠲᠠᠰᠤᠷᠠᠯᠲᠠ ᠥᠬᠡᠢ ᠴᠢᠩᠭᠠᠷᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠷᠠᠳᠢᠣ᠋ | ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠪᠠ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠡᠭᠡ ᠪᠠᠷ | ᠳᠡᠭᠡᠭᠰᠢᠯᠡᠪᠡ ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠡᠭᠦᠰᠴᠦ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠦᠪᠡᠭᠴᠢᠯᠡᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠷᠠᠳᠢᠣ᠋ ᠲᠧᠯᠸᠢᠰ ᠤᠨ ᠠᠵᠢᠯ | ᠲᠥᠷᠥᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠩᠭᠢᠯᠠᠭ᠎ᠠ ᠶᠢᠨ ᠨᠢᠭᠡ ᠵᠢᠯ ᠮᠥᠨ᠃ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠵᠤ᠂ ᠠᠵᠢᠯ ᠲᠦᠷᠦᠯ ᠳᠤ ᠲᠤᠯᠭᠠᠷᠠᠵᠤ ᠪᠠᠶᠢᠭ᠎ᠠ ᠠᠰᠠᠭᠤᠳᠠᠯ ᠪᠠ ᠥᠷᠢᠰᠥᠯᠳᠦᠭᠡᠨ ᠢ ᠰᠡᠷᠭᠡᠭ ᠢᠶᠠᠷ ᠲᠠᠨᠢᠵᠤ᠂ ᠲᠥᠪ | ᠭᠤᠣᠯᠴᠢ ᠪᠠᠷ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ 2025 ᠣᠨ ᠤ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠨᠠᠮ ᠤᠨ ᠲᠠᠭᠤᠨ ᠢ ᠰᠠᠶᠢᠲᠤᠷ ᠤᠯᠠᠮᠵᠢᠯᠠᠵᠤ᠂ ᠠᠷᠠᠳ ᠣᠯᠠᠨ ᠳᠤ ᠰᠠᠶᠢᠲᠤᠷ | ᠦᠢᠯᠡᠴᠢᠯᠡᠬᠦ ︾ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠰᠠᠬᠢᠵᠤ᠂ ︽ᠬᠤᠶᠠᠷ᠂ ᠭᠤᠷᠪᠠ ᠳᠥᠷᠪᠡ︾ ᠶᠢᠨ ᠠᠵᠢᠯ ᠤᠨ ᠪᠠᠶᠢᠷᠢ ᠲᠣᠭᠲᠠᠭᠠᠯᠲᠠ ᠪᠠᠨ | ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠰᠠᠨᠠᠭᠠᠴᠢᠯᠠᠭ᠎ᠠ ᠠᠴᠠ ᠪᠠᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ᠂ ᠰᠢᠨ᠎ᠡ ᠶᠢ ᠡᠭᠦᠳᠬᠦ᠂ ᠰᠢᠪᠲᠤᠯᠤᠯᠲᠠ ᠶᠢ ᠬᠦᠴᠦᠯᠡᠨ ᠠᠬᠢᠭᠤᠯᠵᠤ᠂ ᠰᠣᠳᠣᠨ ᠵᠣᠬᠢᠶᠠᠨ ᠪᠦᠲᠦᠭᠡᠯᠭᠡ | ᠂ ᠠᠭᠤᠰᠤᠯᠴᠠᠨ ᠳᠠᠮᠵᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠠᠮᠤᠷ ᠲᠦᠪᠰᠢᠨ ᠤ ᠪᠠᠲᠤᠯᠠᠭ᠎ᠠ᠂ ᠶᠡᠷᠦᠩᠬᠡᠶᠢᠯᠡᠭᠰᠡᠨ | ᠵᠠᠰᠠᠯᠲᠠ ᠂ ᠣᠯᠠᠨ ᠤᠯᠤᠰ ᠤᠨ ᠳᠠᠮᠵᠢᠭᠤᠯᠭ᠎ᠠ ᠵᠡᠷᠭᠡ ᠬᠦᠷᠢᠶᠡᠨ ᠳᠠᠬᠢ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠷᠠᠳᠢᠣ᠋ ᠲᠧᠯᠸᠢᠰ ᠤᠨ ᠵᠠᠭᠤᠴᠢᠯᠠᠭᠤᠷ ᠤᠨ | ᠲᠣᠭᠲᠠᠯᠴᠠᠭᠠᠲᠤ ᠴᠢᠨᠠᠷᠲᠠᠶ ᠬᠤᠪᠢᠰᠤᠯᠲᠠ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠵᠡᠷᠭᠡ ᠬᠦᠷᠢᠶᠡᠨ ᠳᠠᠬᠢ ᠰᠢᠨ᠎ᠡ ᠳᠡᠭᠲᠡᠷ ᠲᠤ | ᠭᠠᠷᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ᠂ ᠰᠣᠶᠣᠯ ᠤᠨ | ᠬᠦᠴᠦᠷᠬᠡᠭ ᠤᠯᠤᠰ ᠢ ᠪᠠᠶᠢᠭᠤᠯᠬᠤ ᠳᠤ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠳᠤᠷᠠᠳᠤᠨ ᠭᠠᠷᠭᠠᠪᠠ ᠃ | ᠬᠤᠷᠠᠯ ᠠᠴᠠ 2025 ᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠭᠤᠤᠯᠳᠠᠯᠭ᠎ᠠ ᠪᠣᠯᠬᠤ ᠠᠵᠢᠯ ᠳᠤ ᠪᠠᠶᠢᠷᠢᠯᠠᠭᠤᠯᠤᠯᠲᠠ ᠬᠢᠪᠠ᠃ | ᠨᠢᠭᠡ ᠳᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠢ | ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠲᠡᠳᠬᠦᠨ ᠲᠡᠮᠵᠢᠵᠦ ᠬᠦᠳᠦᠯᠦᠨ | ᠵᠢᠯᠣᠭᠤᠳᠬᠤ ᠶᠢ ᠴᠢᠩᠭᠠᠳᠬᠠᠵᠤ᠂ ᠨᠡᠩ ᠤᠯᠠᠨ ᠰᠣᠳᠣᠨ ᠪᠦᠲᠦᠭᠡᠯ᠂ ᠨᠡᠩ ᠥᠷᠭᠡᠨ ᠤᠯᠠᠮᠵᠢᠯᠠᠯ᠂ ᠨᠡᠩ ᠰᠢᠯᠢᠳᠡᠭ ᠣᠷᠴᠢᠨ ᠲᠣᠭᠤᠷᠢᠨ ᠢ ᠪᠤᠢ ᠪᠣᠯᠭᠠᠬᠤ ᠶᠢ | ᠠᠬᠢᠭᠤᠯᠬᠤ ᠬᠡᠷᠡᠭᠲᠡᠢ᠃ ᠬᠤᠶᠠᠷ ᠲᠤ᠂ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠲᠣᠭᠲᠠᠯᠴᠠᠭᠠᠲᠤ ᠴᠢᠨᠠᠷᠲᠠᠶ ᠥᠭᠡᠷᠡᠴᠢᠯᠡᠯᠲᠡ ᠶᠢ ᠠᠬᠢᠭᠤᠯᠵᠤ᠂ ᠷᠠᠳᠢᠣ᠋ | ᠲᠧᠯᠸᠢᠰ ᠢ ᠪᠠᠬᠢᠵᠢᠭᠦᠯᠦᠨ ᠳᠡᠭᠡᠭᠰᠢᠯᠡᠭᠦᠯᠵᠦ᠂ ᠰᠤᠪᠠᠭ ᠳᠠᠪᠲᠠᠮᠵᠢ ᠶᠢ ᠰᠢᠯᠢᠳᠡᠭᠵᠢᠭᠦᠯᠦᠨ ᠴᠣᠮᠬᠠᠳᠬᠠᠬᠤ᠂ ᠪᠦᠲᠦᠴᠡ ᠶᠢ ᠰᠢᠯᠢᠳᠡᠭᠵᠢᠭᠦᠯᠬᠦ ᠶᠢ ᠶᠡᠭᠡ ᠪᠠᠷ | ᠠᠬᠢᠭᠤᠯᠵᠤ᠂ ᠡᠮ ᠡᠮᠨᠡᠯᠭᠡ ᠶᠢᠨ ᠵᠠᠷ ᠮᠡᠳᠡᠭᠡ ᠨᠡᠪᠲᠡᠷᠡᠭᠦᠯᠬᠦ ᠳᠤ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠷᠠᠳᠢᠣ᠋ ᠲᠧᠯᠸᠢᠰ ᠤᠨ | ᠰᠢᠨ᠎ᠡ ᠵᠠᠭᠤᠴᠢᠯᠠᠭᠤᠷ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠷᠪᠠ ᠳᠤ | ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠭᠤᠰᠤᠯᠴᠠᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠣᠨᠴᠠᠯᠢᠭ ᠨᠢ ᠢᠯᠡ ᠲᠣᠳᠣ᠂ ᠮᠡᠷᠭᠡᠵᠢᠯ ᠨᠢ | ᠲᠡᠷᠢᠭᠦᠨ ᠤ᠂ ᠠᠮᠤᠷ ᠲᠦᠪᠰᠢᠨ ᠨᠠᠶᠢᠳᠠᠪᠤᠷᠢᠲᠠᠶ︾ ᠪᠠᠶᠢᠬᠤ ᠦᠨᠳᠦᠰᠦᠨ ᠱᠠᠭᠠᠷᠳᠠᠯᠭ᠎ᠠ ᠶᠢᠨ ᠲᠣᠭᠤᠷᠢᠨ ᠳᠤ᠂ ᠰᠠᠭᠤᠷᠢ ᠲᠥᠬᠦᠭᠡᠷᠦᠮᠵᠢ ᠶᠢᠨ ᠲᠣᠤᠷ᠂ | ᠠᠭᠤᠯᠭ᠎ᠠ ᠶᠢᠨ ᠦᠢᠯᠡᠴᠢᠯᠡᠭᠡᠨ ᠤ ᠰᠦᠯᠵᠢᠶ᠎ᠡ᠂ ᠬᠢᠨᠠᠨ ᠬᠡᠮᠵᠢᠵᠦ ᠬᠢᠨᠠᠨ ᠬᠠᠮᠢᠶᠠᠷᠬᠤ ᠰᠦᠯᠵᠢᠶᠡᠨ ᠤ ︽ᠭᠤᠷᠪᠠᠨ ᠰᠦᠯᠵᠢᠶ᠎ᠡ︾ ᠶᠢ ᠪᠠᠭᠲᠠᠭᠠᠭᠰᠠᠨ ᠰᠢᠨ᠎ᠡ | ᠬᠡᠯᠪᠡᠷᠢ ᠶᠢᠨ ᠷᠠᠳᠢᠣ᠋ ᠲᠧᠯᠸᠢᠰ ᠤᠨ ᠰᠦᠯᠵᠢᠶ᠎ᠡ ᠶᠢ ᠪᠠᠶᠢᠭᠤᠯᠵᠤ᠂ ᠦᠯᠡᠳᠡᠭᠰᠡᠨ 8 ᠮᠤᠵᠢ ᠶᠢᠨ ︽ᠨᠢᠭᠡ ᠮᠤᠵᠢ ᠨᠢᠭᠡ ᠲᠣᠤᠷ︾ ᠢ ᠡᠮᠬᠢᠯᠡᠨ ᠨᠡᠶᠢᠯᠡᠭᠦᠯᠵᠦ᠂ | ᠡᠭᠦᠰᠦᠮᠡᠯ ᠮᠠᠶ᠋ᠢᠭ ᠤᠨ ᠵᠣᠬᠢᠶᠠᠮᠠᠯ ᠣᠶᠤᠨᠴᠢ ᠪᠠᠷ ᠰᠢᠨ᠎ᠡ ᠶᠢ ᠡᠭᠦᠳᠬᠦ ᠠᠭᠤᠰᠤᠯᠴᠠᠯ ᠤᠨ ᠬᠡᠷᠡᠭᠯᠡᠯᠲᠡ ᠪᠠ 5GNR ᠬᠥᠭᠵᠢᠯᠲᠡ ᠶᠢ ᠠᠬᠢᠭᠤᠯᠬᠤ ᠬᠡᠷᠡᠭᠲᠡᠢ ᠃ | ᠲᠦᠷᠪᠡ ᠳᠤ᠂ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠤ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠫᠷᠤᠭ᠍ᠷᠠᠮ ᠤᠨ ᠲᠦᠷᠦᠯ ᠤᠨ | ᠦᠵᠡᠵᠦ ᠰᠣᠨᠣᠰᠬᠤ ᠠᠭᠤᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ︽ᠪᠢᠴᠢᠯ ᠣᠬᠤᠷ ᠵᠦᠴᠦᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ | ᠴᠡᠴᠡᠭᠯᠡᠨ ᠬᠥᠭᠵᠢᠬᠦ ᠪᠠ ᠵᠢᠷᠤᠮᠵᠢᠭᠤᠯᠤᠨ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠲᠠᠪᠤ ᠳᠤ᠂ ᠬᠡᠳᠦ ᠥᠨᠳᠥᠷ | ᠲᠤᠳᠤᠷᠠᠴᠠᠲᠤ ᠶᠢᠨ ᠦᠵᠦᠭᠦᠷ ᠠᠴᠠ ᠦᠵᠦᠭᠦᠷ ᠤᠨ ᠪᠥᠬᠦ ᠬᠡᠯᠬᠢᠶᠡᠵᠢᠯ ᠤᠨ ᠬᠥᠭᠵᠢᠯᠲᠡ ᠳᠤ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ | ᠠᠭᠤᠯᠭ᠎ᠠ ᠶᠢᠨ ᠦᠢᠯᠡᠳᠪᠦᠷᠢᠯᠡᠯ᠂ ᠫᠷᠤᠭ᠍ᠷᠠᠮ ᠤᠨ ᠨᠡᠪᠲᠡᠷᠡᠭᠦᠯᠭᠡ᠂ ᠰᠦᠯᠵᠢᠶᠡᠨ ᠤ ᠳᠠᠮᠵᠢᠭᠤᠯᠭ᠎ᠠ᠂ ᠦᠵᠦᠭᠦᠷ ᠤᠨ ᠢᠯᠡᠷᠡᠯ ᠵᠡᠷᠭᠡ ᠡᠯ᠎ᠡ ᠭᠤᠭᠴᠤᠭᠠᠨ ᠤ ᠬᠡᠲᠦ | ᠥᠨᠳᠥᠷ ᠲᠤᠳᠤᠷᠠᠴᠠᠲᠤ ᠶᠢᠨ ᠲᠠᠰ ᠳᠡᠪᠰᠢᠬᠦ ᠶᠢ ᠠᠬᠢᠭᠤᠯᠵᠤ᠂ ᠲᠣᠮᠣ ᠵᠢᠵᠢᠭ ᠳᠡᠯᠭᠡᠴᠡ ᠶᠢᠨ ᠬᠡᠷᠡᠭᠯᠡᠭᠴᠢ ᠶᠢᠨ ᠵᠢᠩᠬᠢᠨᠢ ᠬᠡᠲᠦ ᠥᠨᠳᠥᠷ ᠲᠤᠳᠤᠷᠠᠴᠠᠲᠤ ᠶᠢᠨ | ᠪᠡᠶᠡᠴᠢ ᠣᠶᠢᠯᠠᠭᠠᠯᠲᠠ ᠶᠢ ᠪᠠᠲᠤᠯᠠᠬᠤ ᠬᠡᠷᠡᠭᠲᠡᠢ ᠃ ᠵᠢᠷᠭᠤᠭ᠎ᠠ ᠳᠤ᠂ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ | ᠵᠠᠰᠠᠯᠲᠠ ᠶᠢ ᠪᠠᠬᠢᠵᠢᠭᠦᠯᠦᠨ ᠥᠷᠭᠡᠳᠬᠡᠵᠦ᠂ ᠨᠢᠭᠡ ᠠᠯᠤᠰ ᠡᠵᠡᠮᠰᠢᠯ ᠪᠠ ᠲᠧᠯᠸᠢᠰ ᠤᠨ ᠳᠠᠪᠲᠠᠮᠵᠢ ᠬᠤᠷᠢᠶᠠᠭᠤᠷ ᠤᠨ ᠨᠢᠭᠡ ᠴᠣᠭᠴᠠᠵᠢᠭᠤᠯᠤᠭᠰᠠᠨ | ᠬᠡᠪᠴᠢᠶᠡᠵᠢᠯ ᠤᠨ ᠪᠠᠶᠢᠷᠢᠯᠠᠭᠤᠯᠤᠯᠲᠠ ᠶᠢ ᠠᠬᠢᠭᠤᠯᠵᠤ᠂ ᠦᠨᠳᠦᠰᠦᠨ ᠠᠴᠠ ᠨᠢ ᠵᠠᠰᠠᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠃ ᠲᠤᠯᠤᠭ᠎ᠠ ᠳᠤ᠂ ᠬᠠᠤᠯᠢ | ᠲᠣᠭᠲᠠᠭᠠᠯ ᠲᠦᠷᠢᠮ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠷᠠᠭᠤᠯᠵᠤ ᠂ ︽ᠷᠠᠳᠢᠣ᠋ ᠲᠧᠯᠸᠢᠰ ᠤᠨ ᠬᠠᠤᠯᠢ︾ ᠶᠢ ᠲᠦᠷᠭᠡᠳᠬᠡᠨ ᠠᠬᠢᠭᠤᠯᠵᠤ᠂ ᠨᠢᠭᠡ | ᠪᠦᠯᠦᠭ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠨ ᠵᠠᠰᠠᠪᠤᠷᠢ ᠣᠷᠣᠭᠤᠯᠵᠤ᠂ ᠠᠵᠢᠯ ᠲᠦᠷᠦᠯ ᠤᠨ ᠶᠡᠷᠦᠩᠬᠡᠶᠢᠯᠡᠭᠰᠡᠨ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠨᠠᠢᠮᠠ ᠳᠤ᠂ ᠲᠣᠭᠲᠠᠯᠴᠠᠭᠠᠵᠢᠭᠤᠯᠤᠭᠰᠠᠨ ᠠᠮᠤᠷ ᠲᠦᠪᠰᠢᠨ ᠤ ᠪᠠᠲᠤᠯᠠᠭ᠎ᠠ ᠶᠢ ᠠᠬᠢᠭᠤᠯᠵᠤ᠂ | ᠠᠭᠤᠯᠭ᠎ᠠ ᠶᠢᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ | ᠬᠡᠯᠪᠡᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠃ ᠶᠢᠰᠦ ᠳᠤ ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ | ᠨᠡᠪᠲᠡᠷᠡᠭᠦᠯᠭᠡ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ | ᠨᠡᠪᠲᠡᠷᠡᠭᠦᠯᠭᠡ ᠶᠢᠨ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢ | ᠰᠠᠶᠢᠲᠤᠷ ᠪᠠᠳᠠᠷᠠᠭᠤᠯᠬᠤ ᠬᠡᠷᠡᠭᠲᠡᠶ᠃ ᠠᠷᠪᠠ ᠳᠤ ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠣᠯᠠᠨ ᠤᠯᠤᠰ ᠤᠨ ᠳᠠᠮᠵᠢᠭᠤᠯᠭ᠎ᠠ ᠶᠢᠨ ᠰᠢᠰᠲ᠋ᠧᠮ ᠢ ᠲᠦᠷᠭᠡᠳᠬᠡᠨ | ᠪᠠᠶᠢᠷᠢᠯᠠᠭᠤᠯᠵᠤ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ ᠶᠢ ᠠᠬᠢᠭᠤᠯᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠣᠯᠠᠨ ᠤᠯᠤᠰ ᠤᠨ ᠳᠠᠮᠵᠢᠭᠤᠯᠭ᠎ᠠ ᠶᠢᠨ | ᠲᠣᠭᠲᠠᠯᠴᠠᠭ᠎ᠠ ᠶᠢ ᠴᠣᠭᠴᠠᠯᠠᠨ ᠪᠠᠶᠢᠭᠤᠯᠵᠤ᠂ ᠳᠠᠮᠵᠢᠭᠤᠯᠭ᠎ᠠ ᠶᠢᠨ ᠬᠦᠴᠦᠨ ᠢ ᠳᠡᠭᠡᠭᠰᠢᠯᠡᠭᠦᠯᠦᠨ᠂ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠭᠦᠯᠬᠦ | ᠬᠡᠷᠡᠭᠲᠡᠢ ᠃ | ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠷᠠᠳᠢᠣ᠋ ᠲᠧᠯᠸᠢᠰ ᠤᠨ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ | ᠬᠦᠳᠦᠯᠦᠨ ᠳᠠᠭᠠᠭᠤᠯᠬᠤ ᠬᠡᠷᠡᠭᠲᠡᠢ ᠃ ᠵᠠᠬ᠎ᠠ ᠳᠡᠯᠭᠡᠭᠦᠷ ᠪᠠ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠪᠦᠲᠦᠮᠵᠢᠲᠡᠶ ᠬᠠᠷᠢᠴᠠᠭ᠎ᠠ ᠶᠢ ᠨᠢᠭᠡᠳᠦᠯᠲᠡᠶ | ᠲᠦᠯᠦᠪᠯᠡᠵᠦ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠮᠲᠤᠷᠠᠯ ᠬᠦᠴᠦᠨ ᠢ ᠨᠢᠭᠲᠠᠷᠠᠭᠤᠯᠵᠤ᠂ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠢ ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ | ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠵᠡᠷᠭᠡ ᠲᠤᠰᠬᠠᠶ ᠲᠥᠯᠥᠪᠵᠢᠭᠦᠯᠭᠡ ᠶᠢ ᠱᠠᠯᠠᠪᠳᠠᠨ ᠲᠦᠯᠦᠪᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ ᠃ | ᠣᠶᠢᠷ᠎ᠠ ᠳᠤ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠠᠴᠠ ᠤᠬᠤᠷᠢᠨ ᠭᠠᠷᠤᠭᠰᠠᠨ | ᠠᠬᠠᠮᠠᠳ ᠤᠳᠤᠷᠢᠳᠤᠯᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠥᠪ ᠤᠨ ᠤᠬᠠᠭᠤᠯᠬᠤ | ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠢᠨᠠᠨ ᠪᠤᠳᠤᠬᠤ ᠵᠠᠬᠢᠷᠭ᠎ᠠ ᠵᠡᠷᠭᠡ ᠨᠢᠭᠡᠴᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠤᠳᠤᠷᠢᠳᠤᠯᠭ᠎ᠠ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠪᠠᠶᠢᠭᠤᠯᠭ᠎ᠠ ᠶᠢᠨ ᠰᠠᠯᠠᠭ᠎ᠠ ᠮᠥᠴᠢᠷ ᠪᠣᠯᠤᠨ ᠰᠢᠭᠤᠳ ᠬᠠᠷᠢᠶ᠎ᠠ ᠨᠢᠭᠡᠴᠢ ᠶᠢᠨ ᠭᠤᠤᠯ | ᠬᠠᠷᠢᠭᠤᠴᠠᠯᠭᠠᠲᠠᠳ ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠲᠧᠯᠸᠢᠰ ᠬᠤᠷᠢᠶ᠎ᠠ᠂ ᠺᠢᠨᠣ᠋ ᠶᠢᠨ | ᠰᠤᠪᠠᠭ ᠤᠨ ᠫᠷᠤᠭ᠍ᠷᠠᠮ ᠤᠨ ᠲᠥᠪ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠳ᠂ ᠡᠯ᠎ᠡ ᠮᠤᠵᠢ ︵ᠣᠷᠣᠨ᠂ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ | ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠷᠠᠳᠢᠣ᠋ ᠲᠧᠯᠸᠢᠰ ᠤᠨ ᠲᠣᠪᠴᠢᠶ᠎ᠠ᠂ ᠷᠠᠳᠢᠣ᠋ ᠲᠧᠯᠸᠢᠰ ᠬᠤᠷᠢᠶ᠎ᠠ᠂ ᠷᠠᠳᠢᠣ᠋ ᠲᠧᠯᠸᠢᠰ ᠤᠨ ᠰᠦᠯᠵᠢᠶᠡᠨ ᠤ | ᠺᠣᠮᠫᠠᠨᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ ᠃ | |