| | | | 2024 ᠣᠨ ᠤ 12 ᠳ᠋ᠤᠭᠠᠷ ᠰᠠᠷ᠎ᠠ ᠶᠢᠨ 13 ᠤ ᠡᠳᠦᠷ᠂ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ 797 ᠳ᠋ᠤᠭᠠᠷ ᠲᠣᠭᠠᠲᠤ︶ ᠢ ᠨᠡᠶᠢᠲᠡᠯᠡᠪᠡ ᠂ 2025 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ | ᠲᠣᠭᠲᠠᠭᠠᠯ︾ ᠳᠤ ︽ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠲᠦᠷᠢᠮ︾ ᠳᠤ ᠵᠠᠰᠠᠪᠤᠷᠢ ᠣᠷᠤᠭᠤᠯᠬᠤ ᠶᠢ ᠲᠤᠳᠤᠷᠬᠠᠶᠢᠯᠠᠵᠤ ᠂ ︽ᠲᠧᠯᠸᠢᠰ ᠵᠦᠴᠦᠭᠡ ᠦᠢᠯᠡᠳᠬᠦ | ᠨᠢᠭᠡᠴᠢ ᠶᠢ ᠪᠠᠶᠢᠭᠤᠯᠬᠤ ᠬᠢᠨᠠᠨ ᠵᠥᠪᠰᠢᠶᠡᠷᠡᠯ ︾ ᠤᠨ ᠬᠠᠮᠢᠶ᠎ᠠ ᠪᠦᠬᠦᠢ ᠵᠦᠢᠯ ᠵᠤᠷᠪᠤᠰ ᠢ ᠬᠠᠰᠤᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ | ᠰᠣᠨᠢᠨ ᠮᠡᠳᠡᠭᠡᠨ ᠤ ᠥᠭᠦᠯᠡᠭᠴᠢ ᠡᠭᠦᠨ ᠤ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠨᠢᠭᠡ᠂ ᠠᠰᠠᠭᠤᠯᠲᠠ᠄ ᠲᠧᠯᠸᠢᠰ ᠵᠦᠴᠦᠭᠡ ᠦᠢᠯᠡᠳᠬᠦ ᠨᠢᠭᠡᠴᠢ ᠶᠢ ᠪᠠᠶᠢᠭᠤᠯᠬᠤ ᠬᠢᠨᠠᠨ ᠵᠥᠪᠰᠢᠶᠡᠷᠡᠯ ᠢ ᠬᠦᠴᠦᠨ ᠥᠬᠡᠶ ᠪᠣᠯᠭᠠᠭᠰᠠᠨ ᠠᠬᠤᠶ ᠪᠠᠶᠢᠳᠠᠯ ᠪᠠ | ᠪᠣᠳᠣᠯᠬᠢᠯᠠᠯ ᠨᠢ ᠶᠠᠭᠤ ᠪᠣᠶ︖ | ᠬᠠᠷᠢᠭᠤᠯᠲᠠ᠄ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠲᠦᠷᠢᠮ ᠤᠨ ᠥᠭᠡᠷᠡᠴᠢᠯᠡᠯᠲᠡ ᠶᠢ ᠢᠮᠠᠭᠲᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠡᠶ᠂ 2021 ᠣᠨ ᠳᠤ᠂ ᠴᠢᠯᠥᠭᠡᠲᠦ ᠠᠷᠠᠯᠵᠢᠶᠠᠨ ᠤ ᠲᠣᠭᠤᠷᠢᠭ ᠤᠨ ᠲᠤᠷᠰᠢᠯᠲᠠ ᠶᠢᠨ ᠴᠡᠭ ᠲᠤ ᠲᠧᠯᠸᠢᠰ ᠵᠦᠴᠦᠭᠡ | ᠦᠢᠯᠡᠳᠬᠦ ᠨᠢᠭᠡᠴᠢ ᠶᠢ ᠪᠠᠶᠢᠭᠤᠯᠬᠤ ᠬᠢᠨᠠᠨ ᠵᠥᠪᠰᠢᠶᠡᠷᠡᠯ ᠢ ᠬᠦᠴᠦᠨ ᠥᠬᠡᠶ ᠪᠣᠯᠭᠠᠬᠤ ᠲᠤᠷᠰᠢᠯᠲᠠ ᠶᠢᠨ ᠴᠡᠭ ᠲᠤ ᠥᠭᠡᠷᠡᠴᠢᠯᠡᠯᠲᠡ ᠬᠢᠭᠡᠳ ᠢᠳᠡᠪᠬᠢᠲᠡᠶ ᠦᠷ᠎ᠡ | ᠪᠦᠲᠦᠮᠵᠢ ᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠠᠴᠠ ᠰᠣᠶᠣᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠧᠯᠸᠢᠰ ᠵᠦᠴᠦᠭᠡ ᠦᠢᠯᠡᠳᠬᠦ ᠨᠢᠭᠡᠴᠢ ᠶᠢ ᠪᠠᠶᠢᠭᠤᠯᠬᠤ ᠬᠢᠨᠠᠨ ᠵᠥᠪᠰᠢᠶᠡᠷᠡᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠲᠧᠯᠸᠢᠰ ᠵᠦᠴᠦᠭᠡ ᠶᠢᠨ | ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠬᠤ᠂ ᠲᠧᠯᠸᠢᠰ ᠵᠦᠴᠦᠭᠡ ᠶᠢᠨ ᠠᠵᠢᠯ ᠲᠥᠷᠥᠯ ᠤᠨ ᠰᠢᠨ᠎ᠡ ᠶᠢ ᠡᠭᠦᠳᠦᠨ ᠪᠦᠲᠦᠭᠡᠬᠦ ᠪᠠ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠭᠦᠨᠵᠡᠭᠡᠶ ᠠᠭᠤᠰᠤᠯᠴᠠᠯ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠠᠰᠠᠭᠤᠯᠲᠠ᠄ ᠲᠧᠯᠸᠢᠰ ᠵᠦᠴᠦᠭᠡ ᠦᠢᠯᠡᠳᠬᠦ ᠨᠢᠭᠡᠴᠢ ᠶᠢ ᠪᠠᠶᠢᠭᠤᠯᠬᠤ ᠬᠢᠨᠠᠨ ᠵᠥᠪᠰᠢᠶᠡᠷᠡᠯ ᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠲᠧᠯᠸᠢᠰ | ᠵᠦᠴᠦᠭᠡ ᠦᠢᠯᠡᠳᠬᠦ ᠳᠤ ᠵᠥᠪᠰᠢᠶᠡᠷᠡᠯ ᠤᠯᠬᠤ ᠴᠢᠬᠤᠯᠠᠲᠠᠶ ᠤᠤ︖ | ᠬᠠᠷᠢᠭᠤᠯᠲᠠ᠄ ᠵᠠᠰᠠᠪᠤᠷᠢ ᠣᠷᠣᠭᠤᠯᠤᠭᠰᠠᠨ ᠤ ᠳᠠᠷᠠᠭ᠎ᠠ ᠨᠡᠶᠢᠲᠡᠯᠡᠭᠰᠡᠨ ︽ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠳᠦᠷᠢᠮ︾ ᠪᠣᠯᠤᠨ ᠷᠠᠳᠢᠣ᠋ ᠲᠧᠯᠸᠢᠰ ᠤᠨ | ᠶᠡᠷᠦᠩᠬᠡᠢ ᠲᠣᠪᠴᠢᠶ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠲᠧᠯᠸᠢᠰ ᠵᠦᠴᠦᠭᠡ ᠦᠢᠯᠡᠳᠬᠦ ᠲᠤᠬᠠᠶᠢᠯᠠᠭᠰᠠᠨ ᠠᠵᠢᠯ ᠢ ᠡᠷᠬᠢᠯᠡᠬᠦ ᠪᠠ ᠪᠤᠰᠤᠳ ᠫᠷᠤᠭ᠍ᠷᠠᠮ | ᠦᠢᠯᠡᠳᠬᠦ ᠲᠤᠬᠠᠶᠢᠯᠠᠭᠰᠠᠨ ᠠᠵᠢᠯ ᠢ ᠡᠷᠬᠢᠯᠡᠬᠦ ᠲᠠᠢ ᠠᠳᠠᠯᠢ ᠪᠠᠷ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠣᠯᠬᠤ | ᠬᠡᠷᠡᠭᠲᠡᠢ᠃ ᠬᠠᠤᠯᠢ ᠶᠣᠰᠣᠭᠠᠷ ᠪᠠᠶᠢᠭᠤᠯᠤᠭᠰᠠᠨ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠨᠢ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠴᠦ ᠡᠵᠡᠩᠨᠡᠬᠦ ᠳᠤ ︽ | ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠠᠰᠲᠠᠭᠠᠨ ᠭᠤᠶᠤᠴᠢᠯᠠᠨ ᠠᠪᠬᠤ ᠴᠢᠬᠤᠯᠠ ᠦᠭᠡᠢ᠃ | ᠭᠤᠷᠪᠠ᠂ ᠠᠰᠠᠭᠤᠯᠲᠠ᠄ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠭᠤᠶᠤᠴᠢᠯᠠᠬᠤ ᠳᠤ ᠶᠠᠮᠠᠷ ᠶᠠᠮᠠᠷ ᠨᠥᠬᠦᠴᠡᠯ ᠢ | ᠪᠦᠷᠢᠯᠳᠦᠭᠦᠯᠬᠦ ᠬᠡᠷᠡᠭᠲᠡᠢ ᠪᠣᠶ︖ ᠬᠡᠷᠬᠢᠨ ᠭᠤᠶᠤᠴᠢᠯᠠᠬᠤ ᠪᠤᠢ︖ | ᠬᠠᠷᠢᠭᠤᠯᠲᠠ᠄ ︽ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠳᠦᠷᠢᠮ︾᠂ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠬᠤ ᠶᠢ ᠵᠥᠪᠰᠢᠶᠡᠷᠡᠬᠦ | ᠣᠨᠴᠠᠭᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ︵ᠠᠯᠳᠠᠭᠳᠠᠯ ᠲᠠᠢ ᠵᠦᠢᠯᠡᠰ ᠤᠨ ᠨᠠᠷᠢᠨ ᠳᠠᠩᠰᠠ ︶︾ ᠪᠣᠯᠣᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠪᠠᠶᠢᠭᠤᠯᠤᠮᠵᠢ ᠳᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠭᠠᠳᠠᠭᠠᠳᠤ ᠪᠡᠯᠡ ᠶᠢᠨ | ᠪᠦᠷᠢᠯᠳᠦᠭᠦᠨ ᠢ ᠪᠠᠭᠲᠠᠭᠠᠬᠤ ᠦᠭᠡᠢ᠂ ᠫᠷᠤᠭ᠍ᠷᠠᠮ ᠦᠢᠯᠡᠳᠴᠦ ᠡᠵᠡᠩᠨᠡᠬᠦ ᠬᠡᠷᠡᠭᠴᠡᠭᠡ ᠲᠠᠢ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ᠂ ᠭᠤᠶᠤᠴᠢᠯᠠᠬᠤ | ᠡᠳᠦᠷ ᠠᠴᠠ ᠡᠮᠦᠨᠡᠬᠢ ᠭᠤᠷᠪᠠᠨ ᠵᠢᠯ ᠳᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠪᠤᠶᠤ | ᠪᠠᠶᠢᠭᠤᠯᠤᠮᠵᠢ ᠨᠢ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠬᠤᠷᠢᠶᠠᠨ ᠠᠪᠴᠤ ᠬᠦᠴᠦᠨ ᠦᠭᠡᠢ ᠪᠣᠯᠭᠠᠭᠰᠠᠨ ᠦᠭᠡᠢ | ᠪᠣᠯ᠂ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠭᠤᠶᠤᠴᠢᠯᠠᠵᠤ ᠪᠣᠯᠣᠨ᠎ᠠ᠃ | ᠪᠡᠭᠡᠵᠢᠩ ᠳᠤ ᠪᠠᠶᠢᠭ᠎ᠠ ᠲᠥᠪ ᠤᠨ ᠨᠢᠭᠡᠴᠢ ᠵᠢᠴᠢ ᠰᠢᠭᠤᠳ ᠬᠠᠷᠢᠶ᠎ᠠ ᠪᠠᠶᠢᠭᠤᠯᠤᠮᠵᠢ ᠶᠢᠨ ᠭᠤᠶᠤᠴᠢᠯᠠᠯ ᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠬᠦᠯᠢᠶᠡᠨ | ᠠᠪᠴᠤ ᠰᠢᠢᠳᠪᠦᠷᠢᠯᠡᠬᠦ ᠪᠥᠭᠡᠳ ᠬᠢᠨᠠᠨ ᠵᠥᠪᠰᠢᠶᠡᠷᠡᠨ᠎ᠡ᠃ ᠪᠤᠰᠤᠳ ᠪᠠᠶᠢᠭᠤᠯᠤᠮᠵᠢ ᠶᠢᠨ ᠭᠤᠶᠤᠴᠢᠯᠠᠯ ᠢ ᠬᠠᠷᠢᠶ᠎ᠠ ᠭᠠᠵᠠᠷ ᠤᠨ ᠮᠤᠵᠢ ᠶᠢᠨ ᠱᠠᠲᠤᠨ ᠤ ᠷᠠᠳᠢᠣ᠋ | ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠢᠨᠠᠨ ᠵᠥᠪᠰᠢᠶᠡᠷᠡᠨ᠎ᠡ᠃ | ᠪᠣᠳᠠᠲᠠᠶ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠣᠯᠤᠨ ᠡᠯ᠎ᠡ ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠠᠴᠠ ᠪᠠᠶᠢᠴᠠᠭᠠᠨ ᠯᠠᠪᠯᠠᠵᠤ ᠪᠣᠯᠤᠨ᠎ᠠ᠃ | ᠳᠥᠷᠪᠡ᠂ ᠠᠰᠠᠭᠤᠯᠲᠠ᠄ ᠲᠧᠯᠸᠢᠰ ᠵᠦᠴᠦᠭᠡ ᠦᠢᠯᠡᠳᠬᠦ ᠨᠢᠭᠡᠴᠢ ᠶᠢ ᠪᠠᠶᠢᠭᠤᠯᠬᠤ ᠶᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠲᠧᠯᠸᠢᠰ ᠵᠦᠴᠦᠭᠡ ᠶᠢᠨ ᠠᠵᠢᠯ | ᠲᠥᠷᠥᠯ ᠳᠤ ᠶᠠᠮᠠᠷ ᠨᠥᠯᠥᠭᠡ ᠦᠵᠡᠭᠦᠯᠬᠦ ᠪᠣᠶ︖ ᠲᠧᠯᠸᠢᠰ ᠵᠥᠴᠥᠭᠡ ᠶᠢᠨ ᠶᠠᠰᠤ ᠴᠢᠨᠠᠷ ᠢ ᠬᠡᠷᠬᠢᠨ ᠪᠠᠲᠤᠯᠠᠬᠤ ᠪᠤᠢ︖ | ᠬᠠᠷᠢᠭᠤᠯᠲᠠ᠄ ᠲᠧᠯᠸᠢᠰ ᠵᠦᠴᠦᠭᠡ ᠦᠢᠯᠡᠳᠬᠦ ᠨᠢᠭᠡᠴᠢ ᠶᠢ ᠪᠠᠶᠢᠭᠤᠯᠬᠤ ᠬᠢᠨᠠᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠨᠢ ᠲᠧᠯᠸᠢᠰ ᠵᠦᠴᠦᠭᠡ ᠶᠢᠨ | ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠬᠤ᠂ ᠲᠧᠯᠸᠢᠰ ᠵᠦᠴᠦᠭᠡ ᠵᠣᠬᠢᠶᠠᠨ ᠪᠦᠲᠦᠭᠡᠬᠦ ᠦᠢᠯᠡᠳᠪᠦᠷᠢᠯᠡᠯ ᠳᠤ ᠦᠢᠯᠡᠴᠢᠯᠡᠬᠦ᠂ ᠬᠥᠲᠥᠯᠥᠨ | ᠵᠢᠯᠣᠭᠤᠳᠬᠤ᠂ ᠵᠣᠬᠢᠶᠠᠨ ᠪᠠᠶᠢᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠦᠷ᠎ᠡ ᠪᠦᠲᠦᠭᠡᠯ ᠭᠠᠷᠭᠠᠬᠤ ᠪᠠ ᠴᠢᠳᠠᠪᠤᠷᠢᠲᠠᠨ ᠭᠠᠷᠭᠠᠬᠤ ᠶᠢ ᠤᠶᠠᠯᠳᠤᠭᠤᠯᠬᠤ᠂ | ᠵᠣᠬᠢᠶᠠᠯ ᠪᠦᠲᠦᠭᠡᠯ ᠢ ᠠᠳᠬᠤᠬᠤ ᠪᠠ ᠣᠷᠴᠢᠨ ᠲᠣᠭᠤᠷᠢᠨ ᠢ ᠠᠳᠬᠤᠬᠤ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠨᠡᠩ ᠣᠯᠠᠨ ᠪᠠᠶᠢᠭᠤᠯᠤᠮᠵᠢ ᠶᠢ ᠬᠥᠲᠥᠯᠥᠨ | ᠵᠢᠯᠣᠭᠤᠳᠴᠤ ᠪᠠᠶᠢᠭᠠᠳ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠬᠦ ᠦᠢᠯᠡᠳᠪᠦᠷᠢᠯᠡᠯ ᠳᠤ ᠣᠷᠣᠯᠴᠠᠭᠤᠯᠵᠤ᠂ ᠲᠧᠯᠸᠢᠰ ᠵᠦᠴᠦᠭᠡ ᠶᠢᠨ ᠠᠵᠢᠯ ᠲᠥᠷᠥᠯ ᠤᠨ | ᠰᠢᠨ᠎ᠡ ᠶᠢ ᠡᠭᠦᠳᠦᠨ ᠪᠦᠲᠦᠭᠡᠬᠦ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ ᠶᠤᠮ᠃ | ᠡᠭᠦᠨ ᠤ ᠬᠠᠮᠲᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠲᠧᠯᠸᠢᠰ ᠵᠦᠴᠦᠭᠡ ᠰᠡᠭᠦᠳᠡᠷᠯᠡᠨ ᠦᠢᠯᠡᠳᠬᠦ ᠶᠢ ᠳᠠᠩᠰᠠᠯᠠᠭᠤᠯᠬᠤ᠂ ᠵᠣᠬᠢᠶᠠᠨ | ᠪᠦᠲᠦᠭᠡᠬᠦ ᠶᠢ ᠵᠢᠯᠣᠭᠤᠳᠬᠤ᠂ ᠠᠭᠤᠯᠭ᠎ᠠ ᠶᠢ ᠬᠢᠨᠠᠨ ᠪᠠᠶᠢᠴᠠᠭᠠᠬᠤ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠲᠧᠯᠸᠢᠰ ᠵᠦᠴᠦᠭᠡ ᠶᠢ | ᠰᠡᠭᠦᠳᠡᠷᠯᠡᠨ ᠦᠢᠯᠡᠳᠬᠦ ᠶᠢ ᠳᠠᠩᠰᠠᠯᠠᠭᠤᠯᠬᠤ ᠶᠢᠨ ᠨᠡᠶᠢᠲᠡᠯᠡᠬᠦ ᠲᠦᠷᠢᠮ᠂ ᠠᠭᠤᠯᠭ᠎ᠠ ᠶᠢ ᠬᠢᠨᠠᠨ ᠪᠠᠶᠢᠴᠠᠭᠠᠬᠤ ᠪᠠ ︽ᠲᠧᠯᠸᠢᠰ ᠵᠦᠴᠦᠭᠡ ᠶᠢ ᠲᠠᠷᠬᠠᠭᠠᠬᠤ | ᠵᠥᠪᠰᠢᠶᠡᠷᠡᠯ ᠤᠨ ᠦᠨᠡᠮᠯᠡᠯ︾ ᠤᠨ ᠲᠦᠷᠢᠮ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠡᠷᠡᠭ ᠶᠠᠪᠤᠳᠠᠯ ᠤᠨ ᠡᠮᠦᠨᠡᠬᠢ ᠂ ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ | ᠶᠠᠪᠤᠳᠠᠯ ᠤᠨ ᠳᠠᠷᠠᠭᠠᠬᠢ ᠪᠥᠬᠦ ᠬᠡᠯᠬᠢᠶᠡᠨ ᠤ ᠪᠥᠬᠦ ᠶᠠᠪᠤᠴᠠ ᠶᠢᠨ ᠬᠢᠨᠠᠨ ᠬᠠᠮᠢᠶᠠᠷᠬᠤ ᠲᠣᠭᠲᠠᠴᠠ ᠪᠠ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠥᠬᠦ ᠶᠠᠪᠤᠴᠠ ᠶᠢᠨ ᠶᠠᠰᠤ | ᠴᠢᠨᠠᠷ ᠤᠨ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ ᠪᠦᠷᠢᠨᠰᠢᠭᠦᠯᠵᠦ᠂ ᠲᠧᠯᠸᠢᠰ ᠵᠦᠴᠦᠭᠡ ᠶᠢᠨ ᠲᠥᠯᠥᠪᠵᠢᠭᠦᠯᠭᠡ ᠶᠢ ᠲᠣᠭᠲᠠᠭᠠᠬᠤ᠂ ᠵᠦᠴᠦᠭᠡ ᠶᠢᠨ | ᠳᠡᠪᠲᠡᠷ ᠢ ᠵᠣᠬᠢᠶᠠᠨ ᠪᠦᠲᠦᠭᠡᠬᠦ᠂ ᠰᠡᠭᠦᠳᠡᠷᠯᠡᠨ ᠦᠢᠯᠡᠳᠬᠦ᠂ ᠬᠢᠨᠠᠨ ᠪᠠᠶᠢᠴᠠᠭᠠᠵᠤ ᠨᠡᠪᠲᠡᠷᠡᠭᠦᠯᠬᠦ ᠵᠡᠷᠭᠡ ᠡᠯ᠎ᠡ ᠵᠠᠩᠭᠢᠯᠠᠭ᠎ᠠ ᠶᠢᠨ ᠶᠠᠰᠤ ᠴᠢᠨᠠᠷ ᠢ ᠡᠵᠡᠮᠳᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠲᠧᠯᠸᠢᠰ ᠵᠦᠴᠦᠭᠡ ᠶᠢᠨ ᠦᠢᠯᠡᠳᠪᠦᠷᠢᠯᠡᠯ ᠢ ᠵᠣᠬᠢᠶᠠᠨ ᠪᠦᠲᠦᠭᠡᠵᠦ ᠨᠡᠪᠲᠡᠷᠡᠭᠦᠯᠬᠦ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠧᠯᠸᠢᠰ | ᠵᠦᠴᠦᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠯᠢ ᠣᠯᠠᠨ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠵᠣᠬᠢᠶᠠᠨ ᠪᠦᠲᠦᠭᠡᠬᠦ ᠪᠠᠶᠢᠭᠤᠯᠤᠮᠵᠢ ᠶᠢᠨ ᠴᠠᠭ ᠦᠶ᠎ᠡ ᠶᠢᠨ ᠬᠦᠰᠡᠯ ᠱᠠᠭᠠᠷᠳᠠᠯᠭ᠎ᠠ ᠶᠢ ᠲᠤᠰᠬᠠᠬᠤ ᠂ ᠠᠷᠠᠳ ᠲᠦᠮᠡᠨ ᠤ ᠲᠡᠮᠡᠴᠡᠯ ᠢ ᠢᠯᠡᠷᠡᠭᠦᠯᠬᠦ᠂ | ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠬᠦ᠂ ᠡᠷᠬᠢᠮ ᠳᠡᠭᠡᠳᠦ ᠵᠠᠩ ᠰᠡᠳᠬᠢᠯᠭᠡ ᠶᠢ ᠬᠥᠮᠦᠵᠢᠭᠦᠯᠬᠦ ᠨᠠᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ | ᠬᠥᠲᠥᠯᠦᠨ ᠵᠢᠯᠣᠭᠤᠳᠴᠤ᠂ ᠲᠧᠯᠸᠢᠰ ᠵᠦᠴᠦᠭᠡ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠶᠢ ᠬᠥᠲᠥᠯᠦᠨ | ᠵᠢᠯᠣᠭᠤᠳᠴᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠤᠤᠯ ᠵᠣᠬᠢᠶᠠᠯ᠄ ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ | |