︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ︾ ᠢ ᠨᠢᠭᠡᠨᠲᠡ 2024 ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ 46 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠪᠠᠲᠤᠯᠠᠵᠤ᠂ ᠡᠳᠦᠭᠡ ᠨᠡᠶᠢᠲᠡᠯᠡᠵᠦ ᠪᠣᠢ᠂ 2025 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠶᠡᠷᠦᠩᠬᠡᠢ ᠰᠠᠶᠢᠳ ᠯᠢ ᠴᠢᠶᠠᠩ | 2024 ᠣᠨ ᠤ 12 ᠳ᠋ᠤᠭᠠᠷ ᠰᠠᠷ᠎ᠠ ᠶᠢᠨ 6 ᠤ ᠡᠳᠦᠷ | | | | | | | ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ ᠴᠢᠩᠭ᠎ᠠ | ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠵᠤ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠲᠡ ᠶᠢ ᠪᠠᠲᠤᠯᠠᠬᠤ ᠶᠢᠨ ᠲᠤᠰᠠᠳᠠ ᠂ ᠲᠥᠷᠥ ᠶᠢᠨ ᠶᠠᠪᠤᠳᠠᠯ ᠤᠨ ᠬᠤᠷᠢᠶ᠎ᠠ ᠬᠤᠯᠪᠣᠭᠳᠠᠭᠰᠠᠨ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠢ ᠴᠡᠭᠴᠡᠯᠡᠪᠡ ᠃ ᠴᠡᠭᠴᠡᠯᠡᠯᠲᠡ ᠪᠠᠷ ᠳᠠᠮᠵᠢᠨ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠪᠠ᠃ | ᠨᠢᠭᠡ᠂ 21 ᠪᠦᠯᠦᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠪᠠ᠃ ︵ᠳᠠᠭᠠᠯᠳᠤᠭᠤᠯᠤᠯ 1︶ | ᠬᠤᠶᠠᠷ᠂ 4 ᠪᠦᠯᠦᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠬᠦᠴᠦᠨ ᠦᠭᠡᠢ ᠪᠣᠯᠭᠠᠪᠠ᠃ ︵ᠳᠠᠭᠠᠯᠳᠤᠭᠤᠯᠤᠯ 2︶ | ᠲᠣᠰ ᠲᠣᠭᠲᠠᠭᠠᠯ ᠢ 2025 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠳᠠᠭᠠᠯᠳᠤᠭᠤᠯᠤᠯ᠄ 1. ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ | ᠲᠣᠭᠲᠠᠭᠠᠯ | 2.ᠳᠦᠷᠤ ᠶᠢᠨ ᠶᠠᠪᠤᠲᠠᠯ ᠤᠨ ᠬᠤᠷᠢᠶᠠᠨ ᠠᠴᠠ ᠬᠦᠴᠦᠨ ᠣᠢᠭᠡᠢ ᠪᠤᠯᠭᠠᠬᠤ ᠪᠠᠷ ᠲᠣᠭᠲᠠᠭᠠᠭᠰᠠᠨ ᠵᠠᠰᠠᠭ ᠵᠠᠭᠢᠷᠭᠠᠨ ᠤ ᠬᠠᠣᠯᠢ ᠳᠣᠬᠲᠠᠭᠠᠯ | | |