| | | | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠪᠥᠬᠦ ᠣᠷᠣᠨ ᠤ 2024 ᠣᠨ ᠤ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠤᠨ ᠰᠢᠯᠢᠳᠡᠭ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢᠨ ᠨᠡᠷᠡᠰ ᠢ ᠨᠡᠶᠢᠲᠡᠯᠡᠪᠡ᠂ ᠮᠠᠨ ᠤ ᠲᠣᠪᠴᠢᠶ᠎ᠠ ᠶᠢᠨ ︽ᠤᠮᠠᠷᠠᠲᠤ | ᠬᠢᠯᠢ ᠳᠤ ᠤᠴᠠᠷᠠᠭᠰᠠᠨ ᠨᠢ ︾ ᠣᠬᠤᠷ ᠸᠢᠳᠢᠤ᠋ ᠶᠢᠨ ᠦᠯᠢᠭᠡᠷ ᠠᠪᠬᠤ ᠠᠵᠢᠯᠯᠠᠭ᠎ᠠ ᠰᠣᠩᠭᠤᠭᠳᠠᠪᠠ᠃ | | | | | | ︽ᠤᠮᠠᠷᠠᠲᠤ ᠬᠢᠯᠢ ᠳᠤ ᠤᠴᠠᠷᠠᠭᠰᠠᠨ ᠨᠢ ︾ ᠣᠬᠤᠷ ᠸᠢᠳᠢᠣ᠋ ᠶᠢᠨ ᠦᠯᠢᠭᠡᠷ ᠠᠪᠬᠤ ᠠᠵᠢᠯᠯᠠᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ | ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠬᠤᠪᠢᠰᠬᠠᠯ ᠤᠨ ᠰᠣᠶᠣᠯ | ᠵᠡᠷᠭᠡ ᠶᠢᠨ ᠲᠣᠭᠤᠷᠢᠨ ᠳᠤ ᠰᠢᠭᠤᠳ ᠨᠡᠪᠲᠡᠷᠡᠭᠦᠯᠬᠦ ᠪᠠ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠶᠢ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠶᠢᠨ ᠰᠦᠯᠵᠢᠶᠡᠨ ᠤ ᠦᠵᠡᠵᠦ ᠰᠣᠨᠣᠰᠬᠤ ᠵᠤᠷᠭᠠᠨ ᠤ ᠵᠢᠯᠣᠭᠤᠳᠣᠯᠭ᠎ᠠ᠂ ᠬᠢᠩᠭᠠᠨ ᠠᠶᠢᠮᠠᠭ ᠪᠠ ᠬᠥᠯᠥᠨ ᠪᠤᠶᠢᠷ ᠬᠤᠲᠠ ᠬᠤᠶᠠᠷ ᠭᠠᠵᠠᠷ ᠲᠤ 5 ᠡᠳᠦᠷ | ᠶᠠᠪᠤᠭᠳᠠᠭᠤᠯᠵᠤ᠂ ᠥᠪᠥᠷ ᠮᠣᠩᠭᠤᠯ ᠤᠨ ᠰᠣᠶᠣᠯ ᠤᠨ ᠠᠭᠤᠯᠬᠤᠨ᠂ ᠪᠠᠶᠢᠭᠠᠯᠢ ᠶᠢᠨ ᠡᠬᠢ ᠪᠠᠶᠠᠯᠢᠭ᠂ ᠦᠨᠳᠦᠰᠦᠲᠡᠨ ᠤ ᠪᠦᠯᠬᠦᠮᠳᠡᠯ᠂ ᠬᠤᠪᠢᠰᠬᠠᠯ ᠤᠨ ᠰᠣᠶᠣᠯ ᠵᠡᠷᠭᠡ | ᠲᠠᠯ᠎ᠠ ᠶᠢᠨ ᠥᠪᠡᠷᠮᠢᠴᠡ ᠳᠠᠪᠠᠭᠤᠯᠢᠭ ᠢ ᠭᠦᠢᠴᠡᠳ ᠢᠯᠡᠷᠡᠭᠦᠯᠪᠡ᠃ ᠪᠦᠬᠦ ᠰᠦᠯᠵᠢᠶᠡᠨ ᠳᠤ ᠨᠡᠶᠢᠲᠡ 1149 ᠬᠤᠪᠢ ᠬᠠᠮᠢᠶ᠎ᠠ ᠪᠦᠬᠦᠢ ᠮᠡᠳᠡᠭᠡᠯᠡᠯ ᠭᠠᠷᠴᠤ᠂ ᠶᠡᠷᠦᠩᠬᠡᠶ | ᠳᠠᠮᠵᠢᠭᠤᠯᠭ᠎ᠠ ᠶᠢᠨ ᠬᠡᠮᠵᠢᠶ᠎ᠡ 15.1 ᠳ᠋ᠦᠩᠰᠢᠭᠤᠷ ᠤᠳᠠᠭ᠎ᠠ ᠳᠤ ᠬᠦᠷᠪᠡ᠃ ᠲᠤᠰ ᠠᠵᠢᠯᠯᠠᠭ᠎ᠠ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ 2024 ᠣᠨ ᠤ ︽ | ᠳᠤᠮᠳᠠᠳᠤ ᠤᠯᠤᠰ ᠢ ᠦᠵᠡᠵᠦ ᠰᠣᠨᠣᠰᠬᠤ︾ ᠰᠢᠯᠢᠳᠡᠭ ᠣᠬᠤᠷ ᠸᠢᠳᠢᠣ᠋ ᠡᠯᠰᠡᠨ ᠴᠤᠭᠯᠠᠭᠤᠯᠬᠤ ᠰᠢᠷᠢᠰ ᠠᠵᠢᠯᠯᠠᠭ᠎ᠠ ᠳᠤ ᠣᠷᠣᠪᠠ᠃ | ︵ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠠᠮᠢᠶᠠᠷᠤᠯᠲᠠ ᠶᠢᠨ ᠭᠠᠵᠠᠷ︶ | |