| | | | ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ | ᠴᠢᠩᠭ᠎ᠠ ᠰᠠᠬᠢᠭᠤᠯᠬᠤ ᠶᠢᠨ ᠲᠤᠰᠠᠳᠠ ᠂ 2 ᠳ᠋ᠤᠭᠠᠷ ᠰᠠᠷ᠎ᠠ ᠶᠢᠨ 14 ᠤ ᠡᠳᠦᠷ᠂ ᠮᠠᠨ ᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠰᠣᠨᠢᠷᠬᠠᠪᠠ᠃ | ᠮᠠᠨ ᠤ ᠲᠣᠪᠴᠢᠶ᠎ᠠ ᠢᠮᠠᠭᠲᠠ ᠰᠡᠷᠡᠮᠵᠢᠯᠡᠭᠦᠯᠬᠦ ᠬᠥᠮᠦᠵᠢᠯ ᠢ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠵᠠᠪᠠᠯ ᠰᠤᠷᠬᠤ ᠬᠢᠴᠢᠶᠡᠯ ᠪᠣᠯᠭᠠᠵᠤ᠂ ︽ᠬᠡᠷᠡᠭ ᠢᠶᠠᠷ | ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠬᠡᠷᠡᠭ ᠢᠶᠠᠷ ᠰᠡᠷᠡᠮᠵᠢᠯᠡᠭᠦᠯᠬᠦ︾ ᠪᠠᠷ ᠳᠠᠮᠵᠢᠭᠤᠯᠤᠨ᠂ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠤᠯᠤᠰ ᠲᠥᠷᠥ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ | ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠤᠨ ᠦᠷ᠎ᠡ ᠪᠦᠲᠦᠭᠡᠯ ᠢ ᠠᠵᠢᠯ | ᠬᠢᠵᠦ ᠦᠢᠯᠡᠰ ᠪᠣᠰᠬᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ | ᠦᠵᠡᠵᠦ ᠰᠣᠨᠣᠰᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠪᠠ᠃ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠲᠣᠪᠴᠢᠶᠠᠨ ᠤ | ᠪᠠᠶᠢᠭᠤᠯᠭ᠎ᠠ ᠶᠢᠨ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ᠂ ᠲᠣᠪᠴᠢᠶᠠᠨ ᠤ ᠬᠠᠷᠢᠶ᠎ᠠ ᠬᠥᠬᠡᠬᠤᠲᠠ ᠳᠤ ᠰᠠᠭᠤᠭ᠎ᠠ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ | ᠪᠠᠭ ᠤᠨ ᠭᠡᠰᠢᠭᠦᠳ ᠬᠤᠷᠠᠯ ᠳᠤ ᠣᠷᠣᠯᠴᠠᠪᠠ᠃ | ︵ ᠪᠠᠶᠢᠭᠤᠯᠭ᠎ᠠ ᠶᠢᠨ ᠨᠠᠮ ᠤᠨ ᠬᠤᠷᠢᠶ᠎ᠠ ︶ | |