| | | | 2 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ | ᠰᠤᠳᠤᠯᠬᠤ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠬᠤᠷᠢᠶ᠎ᠠ ᠬᠠᠮᠲᠤᠷᠠᠨ ᠲᠤᠰᠬᠠᠶ ᠰᠡᠳᠦᠪᠲᠦ ᠲᠠᠶᠢᠯᠤᠮᠵᠢ ᠵᠢᠴᠢ ᠨᠢᠭᠡᠳᠦᠭᠡᠷ ᠬᠤᠭᠤᠴᠠᠭᠠᠨ ᠤ ︽ | ᠷᠠᠳᠢᠣ᠋ ᠲᠧᠯᠸᠢᠰ ᠤᠨ ᠬᠢᠴᠢᠶᠡᠯ ᠤᠨ ᠲᠠᠩᠬᠢᠮ︾ ᠢ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ︵ᠤᠯᠤᠰ ᠤᠨ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠬᠤᠤ ᠶᠦᠩ ᠫᠢᠩ ᠫᠷᠤᠹᠧᠰᠰᠤᠷ ᠢ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠭᠡᠵᠦ᠂ 670 | ᠭᠠᠷᠤᠶ ᠨᠠᠮ ᠤᠨ ᠭᠡᠰᠢᠭᠦᠨ ᠺᠠᠳ᠋ᠷ ᠪᠣᠯᠪᠠᠰᠤᠷᠠᠯ ᠳᠤ ᠣᠷᠣᠯᠴᠠᠪᠠ᠃ | ᠬᠤᠤ ᠶᠦᠩ ᠫᠢᠩ ᠫᠷᠤᠹᠧᠰᠰᠤᠷ ︽ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ︾ ᠤᠨ ᠭᠤᠣᠯ ᠰᠡᠳᠦᠪ ᠤᠨ ᠲᠣᠭᠤᠷᠢᠨ ᠳᠤ᠂ ᠠᠭᠤᠤ ᠶᠡᠭᠡ ᠲᠡᠮᠡᠴᠡᠯ ᠤᠨ | ᠴᠠᠭ ᠦᠶ᠎ᠡ ᠶᠢᠨ ᠠᠬᠤᠢ ᠪᠠᠶᠢᠳᠠᠯ᠂ ᠦᠨᠳᠦᠰᠦᠨ ᠠᠭᠤᠯᠭ᠎ᠠ᠂ ᠲᠡᠦᠬᠡ ᠶᠢᠨ ᠣᠨᠴᠠᠯᠢᠭ᠂ ᠵᠦᠢ ᠵᠣᠬᠢᠰᠲᠠᠢ ᠵᠠᠭᠠᠭ ᠬᠢᠵᠠᠭᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ | ᠵᠡᠷᠭᠡ ᠲᠠᠪᠤᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠨᠠᠮ ᠤᠨ ᠭᠡᠰᠢᠭᠦᠨ ᠺᠠᠳ᠋ᠷᠴᠤᠳ ᠤᠨ ᠲᠡᠮᠡᠴᠡᠯ ᠤᠨ ᠵᠣᠷᠢᠭ ᠰᠠᠨᠠᠭᠠᠨ ᠤ ᠡᠯᠪᠡᠭ | ᠪᠠᠶᠠᠯᠢᠭ ᠠᠭᠤᠯᠭ᠎ᠠ ᠪᠣᠯᠤᠨ ᠴᠠᠭ ᠦᠶ᠎ᠡ ᠶᠢᠨ ᠠᠭᠤᠯᠤᠭᠳᠠᠬᠤᠨ ᠢ ᠡᠵᠡᠮᠰᠢᠬᠦ ᠳᠤ ᠠᠰᠢᠭᠲᠠᠢ ᠵᠢᠯᠤᠭᠤᠳᠤᠯᠭ᠎ᠠ ᠬᠠᠩᠭᠠᠵᠠᠢ᠃ | ᠬᠤᠷᠠᠯ ᠠᠴᠠ᠂ ᠲᠡᠮᠡᠴᠡᠯ ᠤᠨ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠨᠠᠮ ᠠᠴᠠ ᠬᠠᠮᠢᠶᠠᠷᠬᠤ ᠤᠬᠠᠭᠤᠯᠭ᠎ᠠ᠂ ᠨᠠᠮ ᠠᠴᠠ ᠬᠠᠮᠢᠶᠠᠷᠬᠤ ᠦᠵᠡᠯ ᠤᠬᠠᠮᠰᠠᠷ ᠤᠨ ᠬᠡᠯᠪᠡᠷᠢ᠂ ᠨᠠᠮ ᠠᠴᠠ ᠬᠠᠮᠢᠶᠠᠷᠬᠤ | ᠵᠠᠭᠤᠴᠢᠯᠠᠭᠤᠷ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ | ᠬᠡᠷᠡᠭᠲᠡᠢ᠃ ᠬᠤᠶᠠᠷ ᠲᠤ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ | ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ | ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠨᠠᠮ ᠤᠨ ᠳᠠᠭᠤᠨ ᠢ ᠰᠠᠶᠢᠲᠤᠷ ᠳᠠᠮᠵᠢᠭᠤᠯᠵᠦ᠂ ᠠᠷᠠᠳ ᠤᠯᠠᠨ ᠳᠤ ᠰᠠᠶᠢᠲᠤᠷ ᠦᠢᠯᠡᠴᠢᠯᠡᠬᠦ︾ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠶᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ | |