ᠶᠡᠷᠦᠩᠬᠡᠶ ᠱᠦᠵᠢ ᠰᠢ ᠶᠢᠨ ᠫᠢᠩ ᠤᠨ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠬᠥᠲᠥᠯᠦᠨ ᠵᠢᠯᠣᠭᠤᠳᠴᠤ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ | ᠲᠧᠯᠸᠢᠰ ᠤᠨ ᠲᠣᠪᠴᠢᠶᠠᠨ ᠤ ᠡᠪᠯᠡᠯ ᠤᠨ ᠬᠤᠷᠢᠶ᠎ᠠ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ᠯᠢ ᠴᠧᠩ ᠨᠡᠶᠢᠭᠡᠮ ᠲᠣᠭᠤᠷᠢᠭ ᠲᠤ ᠬᠦᠷᠴᠦ | ︽ᠵᠠᠯᠠᠭᠤ ᠨᠠᠰᠣᠨ ᠳᠤ ᠪᠠᠨ ᠥᠪᠥᠷ ᠮᠣᠩᠭᠤᠯ ᠳᠤ ᠭᠠᠪᠢᠶ᠎ᠠ ᠪᠠᠶᠢᠭᠤᠯᠵᠦ ᠰᠠᠶᠢᠨ ᠳᠤᠷ᠎ᠠ ᠶᠢᠨ ᠦᠢᠯᠡᠴᠢᠯᠡᠭᠡ ᠪᠠᠷ ᠤᠮᠠᠷᠠᠲᠤ ᠬᠢᠯᠢ ᠶᠢ ᠭᠡᠶᠢᠭᠦᠯᠣᠶᠡ︾ ᠬᠡᠮᠡᠬᠦ ᠯᠸᠢ | ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠵᠢᠴᠢ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠪᠡ᠃ | ᠰᠠᠶᠢᠨ ᠳᠤᠷ᠎ᠠ ᠶᠢᠨ ᠦᠢᠯᠡᠴᠢᠯᠡᠭᠴᠢᠳ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠠᠵᠢᠯᠯᠠᠭ᠎ᠠ ᠶᠢᠨ | ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ 25 ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢ ᠨᠡᠶᠢᠭᠡᠮ ᠲᠣᠭᠤᠷᠢᠭ ᠤᠨ ᠳᠣᠲᠣᠷᠠᠬᠢ | ᠤᠯᠠᠨ ᠨᠡᠶᠢᠲᠡ ᠶᠢᠨ ᠣᠷᠣᠨ ᠪᠦᠰᠡ᠂ ᠨᠣᠭᠤᠭᠠᠷᠠᠭᠤᠯᠤᠯᠲᠠ ᠶᠢᠨ ᠪᠦᠰᠡ᠂ ᠶᠠᠪᠠᠭᠠᠨ ᠬᠥᠮᠦᠨ ᠤ ᠵᠦᠷᠢᠭ ᠵᠠᠮ ᠵᠡᠷᠭᠡ ᠳᠤ ᠪᠦᠬᠦ ᠲᠠᠯ᠎ᠠ ᠶᠢᠨ ᠴᠡᠪᠡᠷᠯᠡᠭᠡ ᠬᠢᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠬᠤᠭ ᠨᠣᠪᠰᠢ ᠶᠢ ᠲᠦᠷᠦᠯ ᠬᠤᠪᠢᠶᠠᠬᠤ | ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠨᠡᠶᠢᠭᠡᠮ ᠲᠣᠭᠤᠷᠢᠭ ᠤᠨ 278 ᠡᠷᠥᠬᠡ ᠲᠧᠯᠸᠢᠰ ᠬᠡᠷᠡᠭᠯᠡᠭᠴᠢ ᠳᠤ ︽ᠠᠭᠤᠵᠢᠭᠤ ᠲᠠᠶᠢᠪᠤᠭᠤ ᠪᠠᠷ ᠲᠧᠯᠸᠢᠰ ᠦᠵᠡᠬᠦ︾ | ᠲᠤᠰᠬᠠᠢ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠨ ᠰᠤᠳᠤᠯᠤᠯᠲᠠ ᠬᠢᠵᠦ᠂ 4 ᠡᠷᠥᠬᠡ ᠣᠷᠣᠯᠭ᠎ᠠ ᠪᠠᠭᠠᠲᠠᠶ ᠭᠡᠷ ᠪᠦᠯᠢ ᠳᠤ 1 ᠵᠢᠯ ᠤᠨ ᠬᠤᠭᠤᠴᠠᠭ᠎ᠠ ᠲᠠᠢ | ᠰᠦᠢᠳᠬᠡᠯ ᠬᠤᠷᠢᠶᠠᠬᠤ ᠦᠭᠡᠢ ᠲᠧᠯᠸᠢᠰ ᠦᠵᠡᠬᠦ ᠦᠢᠯᠡᠴᠢᠯᠡᠭᠡ ᠶᠢ ᠬᠦᠷᠭᠡᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ | ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡ ᠶᠢᠨ ᠳᠤᠮᠳᠠ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ︽ᠬᠡᠷᠡᠭᠴᠡᠭᠡ ᠱᠠᠭᠠᠷᠳᠠᠯᠭ᠎ᠠ ᠶᠢᠨ | ᠵᠤᠯᠭᠠᠯᠴᠠᠭ᠎ᠠ - ᠦᠢᠯᠡᠴᠢᠯᠡᠭᠡᠨ ᠤ ᠬᠡᠷᠡᠭᠵᠢᠭᠦᠯᠦᠯᠲᠡ - ᠦᠷ᠎ᠡ ᠪᠦᠲᠦᠮᠵᠢ ᠶᠢᠨ ᠦᠨᠡᠯᠡᠨ ᠵᠢᠱᠢᠯᠲᠡ ︾ ᠶᠢᠨ ᠪᠢᠲᠡᠭᠦᠦ ᠭᠤᠭᠴᠤᠭᠠᠨ ᠤ ᠲᠣᠭᠲᠠᠴᠠ ᠶᠢ ᠪᠠᠶᠢᠭᠤᠯᠬᠤ ᠪᠠᠷ | ᠳᠠᠮᠵᠢᠭᠤᠯᠤᠨ᠂ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠵᠠᠩᠭᠢᠯᠠᠰᠣ ᠶᠢᠨ ᠴᠢᠨᠠᠷᠲᠠᠶ ᠠᠵᠢᠯᠯᠠᠭ᠎ᠠ ᠠᠴᠠ ᠪᠠᠶᠢᠩᠭᠤ ᠶᠢᠨ ᠴᠢᠨᠠᠷᠲᠠᠶ ᠪᠣᠯᠭᠠᠨ | ᠬᠤᠪᠢᠷᠠᠭᠤᠯᠬᠤ ᠶᠢ ᠠᠬᠢᠭᠤᠯᠵᠤ᠂ ᠷᠠᠳᠢᠣ᠋ ᠲᠧᠯᠸᠢᠰ ᠤᠨ ᠵᠠᠯᠠᠭᠤᠴᠤᠳ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠡᠳᠦᠷ ᠲᠤᠲᠤᠮ ᠤᠨ ᠠᠵᠢᠯ ᠳᠤ ᠠᠭᠤᠰᠬᠠᠵᠤ᠂ ᠪᠠᠶᠢᠩᠭᠤ ᠶᠢᠨ ᠠᠵᠢᠯ ᠪᠣᠯᠭᠠᠨ ᠬᠤᠪᠢᠷᠠᠭᠤᠯᠵᠤ᠂ | ᠵᠣᠷᠢᠭᠲᠠᠶ ᠪᠠᠷ ᠬᠢᠵᠦ ᠵᠣᠷᠢᠭᠲᠠᠶ ᠪᠠᠷ ᠠᠵᠢᠯᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠥᠪᠡᠷᠲᠡᠭᠡᠨ ᠵᠠᠰᠠᠬᠤ ᠣᠷᠣᠨ ᠳᠤ ᠬᠤᠶᠠᠷ ᠶᠡᠭᠡ ᠶᠠᠪᠤᠳᠠᠯ ᠢ ᠰᠠᠶᠢᠲᠤᠷ | ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭᠠᠨ ︾ ᠢ ᠯᠠᠪᠳᠠᠭᠤᠨ ᠢᠶᠠᠷ ᠠᠬᠢᠭᠤᠯᠵᠤ ᠵᠠᠯᠠᠭᠤ ᠨᠠᠰᠤᠨ ᠤ ᠬᠦᠴᠦᠨ | ᠴᠢᠳᠠᠯ ᠢᠶᠠᠨ ᠨᠢᠭᠲᠠᠷᠠᠭᠤᠯᠤᠨ᠎ᠠ᠃ | |