3 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ | ᠰᠤᠷᠤᠯᠴᠠᠬᠤ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠣᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ | ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠢ ᠮᠢᠨ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠨᠠᠶᠢᠳᠠᠪᠤᠷᠢᠵᠢᠭᠤᠯᠬᠤ ᠪᠣᠯ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ | ᠲᠦᠷᠦ ᠶᠢᠨ ᠡᠭᠦᠷᠭᠡ ᠪᠣᠯᠤᠨ᠎ᠠ᠃ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠬᠢᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠴᠢᠩᠭ᠎ᠠ ᠬᠠᠷᠢᠭᠤᠴᠠᠯᠭᠠᠲᠤ ᠰᠡᠳᠬᠢᠯᠭᠡ᠂ | ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠪᠠᠶᠢᠭᠤᠯᠤᠮᠵᠢ ᠶᠢ ᠨᠢᠭᠡᠳᠦᠯᠲᠡᠶ ᠲᠥᠯᠥᠪᠵᠢᠭᠦᠯᠦᠨ ᠵᠢᠯᠣᠭᠤᠳᠴᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠨᠠᠮ ᠤᠨ ᠰᠢᠨ᠎ᠡ ᠶᠢ ᠡᠭᠦᠳᠬᠦ ᠣᠨᠣᠯ ᠤᠯᠠᠮᠵᠢᠯᠠᠬᠤ ᠢᠨᠵᠧᠨᠧᠷᠢᠩ︾᠂ ︽ᠰᠣᠨᠢᠨ ᠮᠡᠳᠡᠭᠡᠨ ᠤ ᠫᠷᠤᠭ᠍ᠷᠠᠮ ᠤᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ︾ ᠪᠠ ︽ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢ ᠳᠡᠭᠡᠭᠰᠢᠯᠡᠭᠦᠯᠬᠦ ᠢᠨᠵᠧᠨᠧᠷᠢᠩ︾ ᠢᠶᠠᠷ ᠬᠥᠲᠥᠯᠦᠮᠵᠢ ᠪᠣᠯᠭᠠᠵᠤ᠂ ᠪᠥᠬᠦ ᠤᠯᠤᠰ ᠤᠨ | ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠪᠣᠶ ᠪᠣᠯᠭᠠᠬᠤ ᠬᠡᠷᠡᠭᠲᠡᠶ᠃ ᠭᠤᠣᠯ ᠬᠠᠷᠢᠭᠤᠴᠠᠯᠭ᠎ᠠ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠱᠠᠭᠠᠷᠳᠠᠯᠭ᠎ᠠ ᠶᠢᠨ ᠲᠣᠭᠤᠷᠢᠨ ᠳᠤ ᠠᠯᠳᠠᠯ | ᠦᠭᠡᠢ ᠪᠠᠷ᠂ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠯᠢᠳᠡᠭ ᠠᠭᠤᠯᠭ᠎ᠠ ᠶᠢᠨ ᠬᠠᠩᠭᠠᠯᠭ᠎ᠠ ᠶᠢ ᠴᠢᠩᠭ᠎ᠠ ᠠᠩᠬᠠᠷᠴᠤ᠂ ᠲᠦᠷᠦᠯ | ᠵᠦᠢᠯ ᠢ ᠬᠡᠷᠡᠭᠵᠢᠭᠦᠯᠵᠦ ᠨᠥᠭᠡᠴᠡᠯᠡᠬᠦ ᠶᠢ ᠴᠢᠩᠭᠠᠳᠬᠠᠨ᠂ ᠠᠵᠢᠯ ᠲᠦᠷᠦᠯ ᠤᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠠᠵᠢᠯ ᠲᠦᠷᠦᠯ ᠤᠨ ᠴᠢᠳᠠᠪᠤᠷᠢᠲᠠᠨ ᠢ | ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ ᠰᠠᠶᠢᠬᠠᠨ ᠣᠷᠴᠢᠨ ᠢ ᠪᠤᠢ ᠪᠣᠯᠭᠠᠬᠤ ᠲᠣᠭᠤᠷᠢᠨ ᠳᠤ᠂ ᠳᠠᠪᠠᠭᠤᠯᠢᠭ ᠡᠬᠢ ᠪᠠᠶᠠᠯᠢᠭ ᠤᠨ ᠡᠯᠧᠮᠧᠨ᠋ᠲ ᠢ | ᠬᠤᠷᠠᠮᠳᠣᠭᠤᠯᠣᠭᠠᠳ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠪᠦᠲᠦᠮᠵᠢᠲᠡᠢ ᠦᠢᠯᠡᠴᠢᠯᠡᠬᠦ ᠬᠡᠷᠡᠭᠲᠡᠢ᠃ | ᠠᠵᠢᠯ ᠤᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ | ᠰᠤᠷᠲᠠᠯ ᠢᠶᠠᠨ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠰᠠᠶᠢᠵᠢᠷᠠᠭᠤᠯᠵᠤ᠂ ᠦᠷ᠎ᠡ ᠪᠦᠲᠦᠭᠡᠯ ᠤᠨ ᠣᠬᠠᠮᠰᠠᠷ᠂ ᠳᠠᠩᠰᠠ ᠲᠠᠶᠢᠯᠬᠤ ᠣᠬᠠᠮᠰᠠᠷ᠂ ᠡᠭᠦᠷᠭᠡ ᠪᠠᠨ | ᠪᠡᠶᠡᠯᠡᠭᠦᠯᠬᠦ ᠤᠬᠠᠮᠰᠠᠷ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ ᠪᠠ ᠴᠤᠴᠠᠯᠲᠠ ᠥᠬᠡᠶ ᠤᠷᠤᠭᠰᠢᠯᠠᠬᠤ ᠠᠵᠢᠯ | ᠬᠢᠬᠦ ᠡᠷᠴᠢ ᠵᠣᠷᠢᠭ ᠢᠶᠠᠨ ᠲᠠᠰᠣᠷᠠᠯᠲᠠ ᠦᠭᠡᠢ ᠴᠢᠩᠭᠠᠳᠬᠠᠵᠤ᠂ ᠡᠭᠦᠨ ᠢᠶᠠᠷ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠯ᠎ᠡ ᠵᠦᠢᠯ ᠤᠨ ᠠᠵᠢᠯ ᠨᠢ | ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ ᠪᠠᠷ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ | ᠶᠡᠷᠦᠩᠬᠡᠢ ᠢᠨᠵᠧᠨᠧᠷ᠂ ᠲᠤᠪᠴᠢᠶ᠎ᠠ ᠶᠢᠨ ᠪᠠᠶᠢᠭᠤᠯᠭ᠎ᠠ ᠪᠣᠯᠤᠨ ᠲᠤᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠺᠠᠳ᠋ᠷ | ᠬᠤᠷᠠᠯ ᠳᠤ ᠣᠷᠣᠯᠴᠠᠪᠠ᠃ | ︵ᠪᠠᠶᠢᠭᠤᠯᠭ᠎ᠠ ᠶᠢᠨ ᠨᠠᠮ ᠤᠨ ᠬᠤᠷᠢᠶ᠎ᠠ︶ | |