3 ᠳ᠋ᠤᠭᠠᠷ ᠰᠠᠷ᠎ᠠ ᠶᠢᠨ 19 ᠤ ᠡᠳᠦᠷ᠂ ᠮᠠᠨ ᠤ ᠲᠣᠪᠴᠢᠶ᠎ᠠ 2025 ᠣᠨ ᠤ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠪᠠᠨ | ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ | ᠲᠧᠯᠸᠢᠰ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠲᠣᠪᠴᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠶᠠᠨ | ᠭᠦᠸᠧ ᠰᠢᠩ ᠲᠣᠪᠴᠢᠶᠠᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠳᠤ ᠱᠠᠭᠠᠷᠳᠠᠯᠭ᠎ᠠ ᠳᠤᠷᠠᠳᠪᠠ᠃ | ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠲᠣᠪᠴᠢᠶᠠᠨ ᠤ | ᠰᠢᠰᠲ᠋ᠧᠮ ᠤᠨ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠬᠤ ᠪᠠᠷ ᠵᠢᠯᠣᠭᠤᠳᠤᠮᠵᠢ ᠪᠣᠯᠭᠠᠵᠤ᠂ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ︾ ᠶᠢᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠶ᠃ ᠤᠨᠤᠯ ᠢᠶᠠᠷ ᠵᠡᠪᠰᠡᠭᠯᠡᠬᠦ ᠶᠢ ᠴᠢᠩᠭᠠᠷᠠᠭᠤᠯᠵᠤ ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠵᠢᠯᠣᠭᠤᠳᠬᠤ ᠬᠡᠷᠡᠭᠲᠡᠢ ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠰᠠᠶᠢᠲᠤᠷ ᠰᠠᠬᠢᠬᠤ ᠬᠡᠷᠡᠭᠲᠡᠢ ᠂ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠳᠠᠪᠲᠠᠨ ᠪᠣᠯᠪᠠᠰᠤᠷᠠᠭᠤᠯᠵᠤ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ︔ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠮ ᠨᠢᠭᠡ ᠠᠯᠬᠤᠮ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠳᠤ ᠬᠦᠴᠣᠨ ᠨᠡᠮᠡᠷᠢᠯᠡᠬᠦ ᠬᠡᠷᠡᠭᠲᠡᠢ ︔ ︽ᠱᠦᠵᠢ ᠶᠢᠨ ᠲᠦᠷᠦᠯ ᠵᠦᠢᠯ︾ ᠢ ᠪᠣᠳᠠᠲᠠᠶᠢᠵᠢᠭᠤᠯᠵᠤ᠂ ᠴᠢᠨᠠᠷ ᠰᠠᠶᠢᠲᠠᠢ ᠷᠠᠳᠢᠣ᠋ ᠲᠧᠯᠸᠢᠰ ᠤᠨ | ᠦᠵᠡᠵᠦ ᠰᠣᠨᠣᠰᠬᠤ ᠪᠠᠷ ᠠᠷᠠᠳ ᠤᠯᠠᠨ ᠳᠤ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠢ ᠢᠨᠵᠧᠨᠧᠷ᠂ ᠶᠡᠷᠦᠩᠬᠡᠢ | ᠲᠣᠪᠴᠢᠶᠠᠨ ᠤ ᠬᠥᠬᠡᠬᠤᠲᠠ ᠳᠤ ᠰᠠᠭᠤᠭ᠎ᠠ ᠬᠤᠷᠢᠶ᠎ᠠ ᠦᠷᠳᠡᠭᠡ ᠶᠢᠨ ᠭᠤᠣᠯ ᠬᠠᠷᠢᠭᠤᠴᠠᠯᠭᠠᠲᠠᠳ᠂ ᠪᠠᠶᠢᠭᠤᠯᠭ᠎ᠠ ᠶᠢᠨ ᠪᠦᠬᠦ ᠠᠯᠪᠠᠲᠠᠨ᠂ ᠲᠣᠪᠴᠢᠶᠠᠨ ᠤ ᠬᠠᠷᠢᠶ᠎ᠠ ᠠᠵᠢᠯ | ᠦᠢᠯᠡᠰ ᠤᠨ ᠨᠢᠭᠡᠴᠢ ᠪᠣᠯᠤᠨ ᠳᠠᠮᠵᠢᠭᠤᠯᠤᠨ ᠰᠠᠴᠤᠷᠠᠭᠤᠯᠬᠤ ᠲᠦᠪ ᠤᠨ ᠡᠯ᠎ᠡ ᠰᠠᠯᠪᠤᠷᠢ ᠪᠠᠶᠢᠭᠤᠯᠤᠮᠵᠢ ᠶᠢᠨ ᠪᠠᠭ ᠤᠨ ᠭᠡᠰᠢᠭᠦᠳ ᠂ ᠨᠠᠮ ᠤᠨ ᠠᠵᠢᠯ ᠤᠨ ᠺᠠᠳ᠋ᠷ | ᠬᠤᠷᠠᠯ ᠳᠤ ᠣᠷᠣᠯᠴᠠᠪᠠ᠃ | ︵ᠪᠠᠶᠢᠭᠤᠯᠭ᠎ᠠ ᠶᠢᠨ ᠨᠠᠮ ᠤᠨ ᠬᠤᠷᠢᠶ᠎ᠠ ︶ | |