ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ︽ᠤᠷᠢ ᠵᠠᠯᠠᠭᠤ ᠷᠠᠳᠢᠣ᠋ ᠲᠧᠯᠸᠢᠰ ᠨᠢ ᠣᠮᠠᠷᠠᠲᠤ ᠬᠢᠯᠢ ᠶᠢ ᠭᠡᠶᠢᠭᠦᠯᠬᠦ︾ ᠠᠯᠪᠠᠨ ᠵᠢᠷᠤᠮ ᠤᠨ ᠮᠣᠳᠣ ᠳᠠᠷᠢᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/4/17
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ 70 ᠭᠠᠷᠤᠢ ᠨᠠᠮ ᠤᠨ ᠭᠡᠰᠢᠭᠦᠨ ᠺᠠᠳ᠋ᠷ ᠵᠢᠴᠢ ᠵᠠᠯᠠᠭᠤ ᠰᠠᠶᠢᠨ ᠳᠣᠷᠠᠴᠣᠳ ᠬᠤᠲᠣᠩ ᠠᠷᠠᠳ ᠤᠨ ᠲᠣᠭᠤᠷᠢᠭ ᠤᠨ ᠳ᠋ᠤᠸᠠᠨ ᠵᠢᠶᠠ ᠶᠣᠣ ᠲᠣᠰᠬᠤᠨ ᠳᠤ ᠬᠦᠷᠴᠦ ︽ ᠤᠷᠢ ᠵᠠᠯᠠᠭᠤ ᠷᠠᠳᠢᠤ᠋ ᠲᠧᠯᠸᠢᠰ ᠨᠢ ᠣᠮᠠᠷᠠᠲᠤ ᠬᠢᠯᠢ ᠶᠢ ᠭᠡᠶᠢᠭᠦᠯᠬᠦ ︾ ᠠᠯᠪᠠᠨ ᠵᠢᠷᠤᠮ ᠤᠨ ᠮᠣᠳᠣ ᠲᠠᠷᠢᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠣᠷᠠᠴᠣᠳ ᠣᠷᠭᠢᠯᠤᠮ᠎ᠠ ᠬᠠᠯᠠᠭᠤᠨ ᠰᠡᠳᠬᠢᠯᠭᠡ  ᠲᠠᠢ ᠡᠷᠴᠢ ᠵᠣᠷᠢᠭ ᠲᠡᠭᠦᠯᠳᠡᠷ ᠪᠠᠶᠢᠯ᠎ᠠ᠃ ᠨᠦᠬᠡ ᠮᠠᠯᠲᠠᠵᠤ ᠴᠢᠬᠢ ᠵᠠᠶᠢᠯᠠᠬᠤ ᠂ ᠰᠢᠷᠣᠢ ᠪᠣᠰᠬᠠᠵᠤ ᠬᠠᠰᠢᠯᠭ᠎ᠠ ᠬᠦᠷᠢᠶᠡᠯᠡᠵᠦ᠂ ᠤᠰᠤ ᠳᠡᠭᠦᠵᠢᠯᠡᠵᠦ ᠤᠰᠤᠯᠠᠵᠤ᠂ ᠮᠣᠳᠣ ᠲᠠᠷᠢᠬᠤ ᠲᠤᠷᠰᠢᠯᠭ᠎ᠠ ᠲᠠᠢ ᠠᠵᠢᠯᠲᠠᠨ ᠠᠵᠢᠯᠴᠢᠨ ᠪᠡᠶ᠎ᠡ ᠪᠠᠷ ᠢᠶᠠᠨ ᠰᠢᠨ᠎ᠡ ᠬᠥᠮᠦᠨ ᠳᠤ ︽ᠭᠤᠷᠪᠠ ᠪᠤᠯᠠᠵᠤ ᠬᠤᠶᠠᠷ ᠭᠢᠰᠬᠢᠬᠦ︾ ᠮᠣᠳᠣ ᠲᠠᠷᠢᠬᠤ ᠠᠷᠭ᠎ᠠ ᠳᠡᠮ ᠢ ᠵᠢᠭᠠᠵᠤ᠂ ᠬᠠᠮᠤᠭ ᠡᠴᠦᠰ ᠲᠤ ᠴᠢᠬᠢ ᠮᠣᠳᠣᠨ ᠤ ᠦᠨᠳᠦᠰᠦ ᠶᠢᠨ ᠬᠡᠰᠡᠭ ᠲᠤ ᠲᠣᠩᠭᠤᠷᠣᠣ ᠭᠤᠭᠤᠵᠢᠭᠤᠷ ᠬᠡᠯᠪᠡᠷᠢ ᠶᠢᠨ ᠬᠠᠰᠢᠯᠭ᠎ᠠ ᠪᠠᠶᠢᠭᠤᠯᠵᠤ᠂ ᠴᠢᠬᠢ ᠮᠤᠳᠣ ᠨᠢᠭᠡᠪᠦᠷᠢ ᠶᠢ ᠵᠢᠷᠤᠮᠵᠢᠭᠤᠯᠤᠨ ᠲᠠᠷᠢᠭᠰᠠᠨ ᠪᠠᠶᠢᠨ᠎ᠠ᠃ ᠨᠢᠭᠡ ᠦᠳᠡ ᠶᠢᠨ ᠡᠮᠦᠨ᠎ᠡ ᠡᠷᠡᠯᠬᠡᠭᠯᠡᠨ ᠭᠠᠪᠰᠢᠭᠠᠶᠢᠯᠠᠬᠤ ᠪᠠᠷ ᠳᠠᠮᠵᠢᠨ᠂ 100 ᠭᠠᠷᠤᠢ ᠰᠠᠭᠤᠷᠢ ᠰᠢᠨ᠎ᠡ ᠪᠠᠷ ᠲᠠᠷᠢᠭᠰᠠᠨ ᠴᠢᠬᠢ ᠮᠣᠳᠣ ᠨᠢ ᠡᠵᠡᠭᠦᠢ ᠪᠡᠯ ᠳᠤ ᠵᠢᠭᠳᠡᠷᠡᠨ ᠵᠢᠭᠰᠠᠵᠤ ᠂ ᠬᠠᠪᠤᠷ ᠤᠨ ᠤᠯᠠᠷᠢᠯ ᠳᠤ ᠡᠬᠡ ᠭᠠᠵᠠᠷ ᠲᠤ ᠠᠮᠢᠵᠢᠷᠠᠯ ᠤᠨ ᠬᠦᠴᠦᠨ ᠨᠡᠮᠡᠷᠢᠯᠡᠪᠡ᠃      ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠪᠠᠷ ᠳᠠᠮᠵᠢᠭᠤᠯᠤᠨ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡ ᠶᠢᠨ ᠳᠤᠮᠳᠠ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ  ᠨᠢ ᠵᠠᠯᠭᠠᠭᠠᠳ ᠡᠯᠪᠡᠭ ᠪᠠᠶᠠᠯᠢᠭ ᠠᠭᠤᠯᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠨᠡᠩ ᠤᠯᠠᠨ ᠬᠦᠴᠦᠨ ᠢ ᠥᠷᠭᠡᠨ ᠢᠶᠠᠷ ᠲᠠᠶᠢᠴᠢᠯᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠭᠤᠯᠵᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠢ ᠬᠦᠳᠦᠯᠦᠨ ᠵᠢᠯᠣᠭᠤᠳᠴᠤ ᠪᠠᠶᠢᠭᠠᠳ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠣᠬᠢᠷᠲᠤᠯ ᠦᠭᠡᠢ ᠪᠠᠶᠢᠬᠤ ᠶᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠰᠠᠭᠤᠷᠢ ᠦᠩᠬᠡ ᠪᠣᠯᠭᠠᠵᠤ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠭᠦᠯᠦᠨ᠎ᠡ᠃      ︵ᠪᠠᠶᠢᠭᠤᠯᠭ᠎ᠠ ᠶᠢᠨ ᠨᠠᠮ ᠤᠨ ᠬᠤᠷᠢᠶ᠎ᠠ ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ