3 ᠳ᠋ᠤᠭᠠᠷ ᠰᠠᠷ᠎ᠠ ᠶᠢᠨ 28 ᠤ ᠡᠳᠦᠷ᠂ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠨᠢ ᠲᠥᠪ ᠤᠨ ᠨᠠᠢᠮᠠᠨ ᠵᠣᠷᠪᠣᠰ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠪᠡ᠃ | ᠲᠣᠰ ᠬᠤᠭᠤᠴᠠᠭᠠᠨ ᠤ ᠨᠣᠮ ᠤᠩᠰᠢᠬᠤ ᠠᠩᠭᠢ ᠳᠤ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ | ᠰᠡᠷᠡᠮᠵᠢᠯᠡᠭᠦᠯᠬᠦ ᠬᠥᠮᠦᠵᠢᠯ ᠬᠢᠬᠦ ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠪᠠ ᠬᠤᠪᠢ ᠬᠥᠮᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠵᠤ᠂ ᠲᠥᠪ ᠬᠤᠷᠢᠶᠠᠨ ᠤ ᠨᠠᠢᠮᠠᠨ ᠵᠤᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠪᠠ᠃ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠨ ᠂ ᠬᠠᠮᠢᠶ᠎ᠠ ᠪᠥᠬᠦᠶ ᠭᠠᠵᠠᠷ ᠠᠯᠪᠠᠨ ᠬᠡᠷ ᠨᠢᠭᠡᠴᠢ ᠶᠢᠨ | ᠭᠤᠤᠯ ᠬᠠᠷᠢᠭᠤᠴᠠᠯᠭᠠᠲᠠᠨ ᠠᠴᠠ ᠬᠤᠪᠢ ᠬᠥᠮᠦᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠶᠢ | ᠥᠷᠨᠢᠭᠦᠯᠪᠡ᠃ | ᠨᠢᠭᠡ ᠭᠤᠣᠯ ᠰᠢᠵᠢᠮ ᠢ ᠲᠣᠭᠤᠰᠢᠯᠠᠭᠤᠯᠵᠦ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ | ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠰᠢᠨ᠎ᠡ ᠵᠠᠮ ᠢ ᠠᠶᠠᠯᠠᠨ ᠳᠤᠮᠳᠠ ᠣᠷᠣᠰᠬᠠᠯ ᠳᠤ ᠣᠷᠣᠵᠤ᠂ | ᠭᠤᠣᠯᠳᠠᠯᠭ᠎ᠠ ᠲᠠᠢ ᠠᠵᠢᠯ ᠢ ᠰᠠᠶᠢᠲᠤᠷ ᠪᠡᠶᠡᠯᠡᠭᠦᠯᠬᠦ ᠳᠤ ᠰᠠᠶᠢᠨ ᠰᠠᠶᠢᠬᠠᠨ ᠰᠤᠷᠲᠠᠯ ᠪᠣᠯ ᠪᠠᠲᠤᠯᠠᠭ᠎ᠠ ᠪᠣᠯᠬᠤ ᠪᠥᠭᠡᠳ ᠪᠠᠰᠠ ᠴᠤ ᠤᠷᠢᠲᠠᠯ ᠪᠣᠯᠤᠨ᠎ᠠ᠃ ᠥᠪᠡᠷᠲᠡᠭᠡᠨ | ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠨᠢ ᠰᠤᠷᠤᠯᠴᠠᠵᠤ ᠰᠤᠳᠤᠯᠤᠨ ᠶᠠᠷᠢᠯᠴᠠᠬᠤ ᠶᠢ ︽ᠭᠦᠨᠵᠡᠭᠡᠶ︾᠂ ᠠᠰᠠᠭᠤᠳᠠᠯ ᠢ ᠪᠠᠶᠢᠴᠠᠭᠠᠨ ᠳᠡᠯᠭᠡᠬᠦ ᠶᠢ | ︽ᠪᠣᠳᠠᠲᠠᠢ︾᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ︽ᠴᠢᠩᠭ᠎ᠠ︾ ᠪᠠᠶᠢᠬᠤ ᠶᠢ ᠪᠠᠷᠢᠮᠲᠠᠯᠠᠵᠦ ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ | ᠱᠠᠭᠠᠷᠳᠠᠯᠭ᠎ᠠ ᠪᠠᠷ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ︵ᠪᠠᠶᠢᠭᠤᠯᠭ᠎ᠠ ᠶᠢᠨ ᠨᠠᠮ ᠤᠨ ᠬᠤᠷᠢᠶ᠎ᠠ ︶ | |