ᠴᠢᠳᠠᠪᠤᠷᠢᠲᠠᠨ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ ᠵᠢ ᠤᠯᠠᠮ ᠨᠢᠭᠡ ᠠᠯᠬᠤᠮ ᠬᠡᠷᠡᠭᠵᠢᠭᠦᠯᠦᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠢᠯᠠᠯᠲᠠ ᠣᠯᠬᠤ ᠵᠢᠨ ᠲᠣᠭᠣᠷᠢᠨ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠋ᠠᠨ᠎ᠤ ᠨᠢᠭᠡᠨ ᠰᠠᠯᠠᠭ᠎ᠠ ᠨᠡᠯᠢᠶᠡᠳ ᠥᠨᠳᠥᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠴᠢᠷᠮᠠᠢ᠌ᠨ ᠪᠠᠢ᠌ᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠵᠢᠨ ᠬᠡᠷᠡᠭᠵᠢᠭᠦᠯᠬᠦ ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠡᠷᠡᠭᠴᠡᠭᠡ᠎ᠲᠠᠢ ᠤᠶᠠᠯᠳᠤᠭᠤᠯᠵᠤ᠂ ᠣᠳᠣ ᠨᠡᠢ᠌ᠭᠡᠮ᠎ᠳᠤ ᠬᠠᠨᠳᠤᠭᠤᠯᠤᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠪᠣᠢ᠃
ᠨᠢᠭᠡ᠂ ᠠᠵᠢᠯ᠎ᠤᠨ ᠪᠠᠢ᠌ᠷᠢ ᠵᠢᠨ ᠬᠡᠷᠡᠭᠴᠡᠭᠡ ᠱᠠᠭ᠋ᠠᠷᠳᠠᠯᠭ᠎ᠠ ᠪᠠ ᠬᠢᠷᠢ ᠭᠡᠮ᠎ᠤᠨ ᠨᠥᠬᠥᠴᠡᠯ
ᠲᠤᠰ ᠤᠳᠠᠭ᠋ᠠᠨ᠎ᠤ ᠣᠷᠣᠭᠤᠯᠤᠨ ᠠᠪᠴᠢᠷᠠᠬᠤ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠤ ᠠᠵᠢᠯ᠎ᠤᠨ ᠪᠠᠢ᠌ᠷᠢ ᠵᠢᠨ ᠲᠥᠯᠥᠪᠯᠡᠭᠡ ᠵᠢᠨ ᠲᠣᠭ᠎ᠠ᠎ᠨᠢ 9 ᠪᠠᠢ᠌ᠵᠤ᠂ ᠤᠷᠢᠯᠲᠠ ᠵᠢ ᠬᠦᠯᠢᠶᠡᠭᠰᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠵᠢᠨ ᠬᠡᠷᠡᠭᠵᠢᠭᠦᠯᠬᠦ ᠠᠷᠭ᠎ᠠ》 ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠠᠮᠢᠶ᠎ᠠ ᠪᠦᠬᠦᠢ ᠨᠥᠬᠥᠴᠡᠯ᠎ᠤᠨ ᠱᠠᠭ᠋ᠠᠷᠳᠠᠯᠭ᠎ᠠ ᠪᠠ 《ᠠᠵᠢᠯ᠎ᠤᠨ ᠪᠠᠢ᠌ᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠥᠯᠥᠪᠯᠡᠭᠡ ᠵᠢᠨ ᠬᠦᠰᠦᠨᠦᠭ》 ( ᠳᠠᠭ᠋ᠠᠯᠲᠠ ᠮᠠᠲ᠋ᠧᠷᠢᠶᠠᠯ 1)᠎ᠤᠨ ᠪᠣᠳᠠᠲᠠᠢ ᠱᠠᠭ᠋ᠠᠷᠳᠠᠯᠭ᠎ᠠ᠎ᠲᠠᠢ ᠨᠡᠢ᠌ᠴᠡᠬᠦ ᠬᠡᠷᠡᠭᠲᠡᠢ᠃
ᠬᠣᠶᠠᠷ᠂ ᠬᠡᠷᠡᠭᠵᠢᠭᠦᠯᠬᠦ ᠠᠯᠬᠤᠮ ᠳᠠᠷᠠᠭ᠎ᠠ
ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠮᠡᠳᠡᠭᠡ ᠵᠠᠩᠭᠢ ᠵᠢ ᠨᠡᠢ᠌ᠲᠡᠯᠡᠬᠦ᠂ ᠨᠡᠷ᠎ᠡ ᠮᠡᠳᠡᠭᠦᠯᠬᠦ᠂ ᠬᠢᠷᠢ ᠭᠡᠮ᠎ᠢ᠎ᠨᠢ ᠬᠢᠨᠠᠨ ᠪᠠᠢ᠌ᠴᠠᠭ᠋ᠠᠬᠤ ᠵᠢᠴᠢ ᠲᠤᠰᠬᠠᠢ ᠮᠡᠷᠭᠡᠵᠢᠯᠲᠡᠳ ᠵᠶ᠋ᠠᠷ ᠦᠨᠡᠯᠡᠨ ᠵᠢᠱ᠌ᠢᠯᠲᠡ ᠬᠢᠯᠭᠡᠬᠦ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠢᠴᠢ ᠰᠢᠯᠭ᠋ᠠᠨ ᠪᠠᠢ᠌ᠴᠠᠭ᠋ᠠᠬᠤ᠂ ᠨᠡᠢ᠌ᠲᠡ᠎ᠳᠤ ᠵᠠᠷᠯᠠᠬᠤ᠂ ᠤᠷᠢᠨ ᠬᠡᠷᠡᠭᠯᠡᠬᠦ ᠵᠢ ᠭᠦᠢ᠍ᠴᠡᠳᠬᠡᠬᠦ ᠵᠡᠷᠭᠡ ᠳᠡᠰ ᠳᠠᠷᠠᠭ᠋ᠠᠯᠠᠯ ᠵᠶ᠋ᠠᠷ ᠶᠠᠪᠤᠭᠤᠯᠤᠨ᠎ᠠ᠃ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠫᠤᠷᠲ᠋ᠧᠯ ᠰᠦᠯᠵᠢᠶ᠎ᠡ᠎ᠪᠠᠷ ᠳᠠᠮᠵᠢᠭᠤᠯᠤᠨ ᠨᠡᠢ᠌ᠭᠡᠮ᠎ᠳᠤ ᠬᠠᠨᠳᠤᠭᠤᠯᠤᠨ ᠨᠡᠢ᠌ᠲᠡᠯᠡᠨ᠎ᠡ᠃
(ᠨᠢᠭᠡ) ᠭᠤᠶᠤᠴᠢᠯᠠᠨ ᠮᠡᠳᠡᠭᠦᠯᠵᠦ ᠨᠡᠷ᠎ᠡ ᠮᠡᠳᠡᠭᠦᠯᠬᠦ
ᠤᠷᠢᠯᠲᠠ ᠵᠢ ᠬᠦᠯᠢᠶᠡᠭᠰᠡᠳ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷ ᠪᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠡᠷᠡᠭᠴᠡᠭᠡ ᠱᠠᠭ᠋ᠠᠷᠳᠠᠯᠭ᠎ᠠ ᠵᠢᠨ ᠲᠥᠯᠥᠪᠯᠡᠭᠡ ᠵᠢᠨ ᠬᠦᠰᠦᠨᠦᠭ᠎ᠢ ᠬᠢᠨᠠᠮᠠᠭ᠋ᠠᠢ ᠤᠩᠰᠢᠵᠤ᠂ ᠥᠪᠡᠷ᠎ᠢ᠎ᠪᠠᠨ ᠣᠷᠣᠭᠤᠯᠤᠨ ᠠᠪᠴᠢᠷᠠᠬᠤ ᠨᠥᠬᠥᠴᠡᠯ᠎ᠳᠤ ᠨᠡᠢ᠌ᠴᠡᠬᠦ ᠡᠰᠡᠬᠦ ᠵᠢ ᠨᠠᠷᠢᠨ ᠢᠯᠭ᠋ᠠᠨ ᠲᠣᠳᠣᠯᠠᠵᠤ᠂ ᠬᠠᠷᠢᠯᠴᠠᠬᠤ ᠤᠲᠠᠰᠤ᠂ ᠢᠮᠧᠯ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠬᠥᠮᠥᠨ ᠬᠡᠷᠡᠭᠯᠡᠬᠦ ᠨᠢᠭᠡᠴᠢ᠎ᠲᠠᠢ ᠰᠢᠭᠤᠳ ᠬᠠᠷᠢᠯᠴᠠᠨ ᠨᠡᠷ᠎ᠡ᠎ᠪᠠᠨ ᠮᠡᠳᠡᠭᠦᠯᠵᠦ᠂ ᠬᠤᠪᠢ ᠬᠥᠮᠥᠨ᠎ᠤ ᠲᠣᠪᠴᠢ ᠨᠠᠮᠲᠠᠷ᠂ ᠬᠢᠷᠢ ᠭᠡᠮ᠎ᠤᠨ ᠬᠢᠨᠠᠨ ᠪᠠᠢ᠌ᠴᠠᠭ᠋ᠠᠯᠲᠠ ᠵᠢᠨ ᠬᠦᠰᠦᠨᠦᠭ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠲᠤᠰᠢᠶᠠᠨ᠎ᠠ᠃ ᠨᠡᠷ᠎ᠡ᠎ᠪᠠᠨ ᠮᠡᠳᠡᠭᠦᠯᠬᠦ ᠬᠢᠭᠡᠳ ᠬᠢᠷᠢ ᠭᠡᠮ᠎ᠤᠨ ᠬᠢᠨᠠᠨ ᠪᠠᠢ᠌ᠴᠠᠭ᠋ᠠᠯᠲᠠ ᠬᠢᠬᠦ᠂ ᠨᠢᠭᠤᠷᠳᠠᠨ ᠰᠢᠯᠭ᠋ᠠᠬᠤ ᠱᠠᠲᠤ ᠦᠶ᠎ᠡ ᠵᠢᠨ ᠬᠡᠷᠡᠭᠯᠡᠬᠦ ᠦᠨᠡᠮᠯᠡᠯ᠎ᠨᠢ ᠡᠷᠬᠡᠪᠰᠢ ᠨᠢᠭᠡᠳᠦᠯᠲᠡᠢ ᠪᠠᠢ᠌ᠬᠤ ᠬᠡᠷᠡᠭᠲᠡᠢ; ᠤᠷᠢᠯᠲᠠ ᠵᠢ ᠬᠦᠯᠢᠶᠡᠭᠰᠡᠳ ᠡᠷᠬᠡᠪᠰᠢ ᠲᠤᠰᠢᠶᠠᠭᠰᠠᠨ ᠮᠠᠲ᠋ᠧᠷᠢᠶᠠᠯ᠎ᠤᠨ ᠵᠶ᠋ᠠᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠭᠦᠢ᠍ᠴᠡᠳ ᠴᠢᠨᠠᠷ᠂ ᠬᠦᠴᠦᠨ᠎ᠲᠠᠢ ᠴᠢᠨᠠᠷ᠎ᠲᠤ ᠬᠠᠷᠢᠭᠤᠴᠠᠵᠤ᠂ ᠲᠤᠰᠢᠶᠠᠭᠰᠠᠨ ᠮᠠᠲ᠋ᠧᠷᠢᠶᠠᠯ᠎ᠤᠨ ᠬᠢᠨᠢ ᠦᠨᠡᠨ ᠪᠤᠰᠤ᠂ ᠣᠨᠣᠪᠴᠢ ᠦᠭᠡᠢ᠂ ᠪᠦᠷᠢᠨ ᠭᠦᠢ᠍ᠴᠡᠳ ᠪᠤᠰᠤ᠎ᠠᠴᠠ ᠪᠣᠯᠵᠤ ᠨᠡᠷ᠎ᠡ᠎ᠪᠠᠨ ᠮᠡᠳᠡᠭᠦᠯᠬᠦ᠂ ᠨᠢᠭᠤᠷᠳᠠᠨ ᠰᠢᠯᠭ᠋ᠠᠯᠲᠠ᠎ᠳᠤ ᠣᠷᠣᠯᠴᠠᠬᠤ ᠪᠤᠶᠤ ᠡᠯᠰᠡᠨ ᠬᠡᠷᠡᠭᠯᠡᠬᠦ ᠵᠢ ᠨᠥᠯᠥᠭᠡᠯᠡᠪᠡᠯ᠂ ᠬᠠᠷᠢᠭᠤᠴᠠᠯᠭ᠎ᠠ ᠵᠢ ᠥᠪᠡᠷ ᠵᠶ᠋ᠡᠨ ᠡᠭᠦᠷᠭᠡᠯᠡᠨ᠎ᠡ (ᠨᠡᠷ᠎ᠡ᠎ᠪᠠᠨ ᠮᠡᠳᠡᠭᠦᠯᠬᠦ ᠦᠶ᠎ᠡ᠎ᠳᠤ ᠦᠯᠡᠳᠡᠭᠡᠭᠰᠡᠨ ᠬᠠᠷᠢᠯᠴᠠᠬᠤ ᠤᠲᠠᠰᠤᠨ ᠨᠣᠮᠧᠷ᠎ᠨᠢ ᠡᠷᠬᠡᠪᠰᠢ ᠨᠡᠪᠲᠡᠷᠡᠵᠦ ᠪᠠᠢ᠌ᠬᠤ ᠬᠡᠷᠡᠭᠲᠡᠢ᠂ ᠨᠡᠪᠲᠡᠷᠡᠬᠦ ᠦᠭᠡᠢ ᠪᠤᠶᠤ ᠦᠯᠡᠳᠡᠭᠡᠭᠰᠡᠨ ᠤᠲᠠᠰᠤᠨ ᠨᠣᠮᠧᠷ᠎ᠨᠢ ᠵᠥᠪ ᠪᠤᠰᠤ᠎ᠠᠴᠠ ᠪᠣᠯᠵᠤ ᠬᠤᠪᠢ ᠬᠥᠮᠥᠨ᠎ᠤ ᠤᠷᠢᠯᠲᠠ ᠵᠢ ᠬᠦᠯᠢᠶᠡᠬᠦ ᠵᠢ ᠨᠥᠯᠥᠭᠡᠯᠡᠪᠡᠯ᠂ ᠬᠠᠷᠢᠭᠤᠴᠠᠯᠭ᠎ᠠ ᠵᠢ ᠥᠪᠡᠷ ᠵᠶ᠋ᠡᠨ ᠡᠭᠦᠷᠭᠡᠯᠡᠨ᠎ᠡ)᠃
1. ᠨᠡᠷ᠎ᠡ ᠮᠡᠳᠡᠭᠦᠯᠬᠦ ᠴᠠᠭ᠄ 2018 ᠣᠨ᠎ᠤ 9 ᠳ᠋ᠦ᠍ᠭᠡᠷ ᠰᠠᠷ᠎ᠠ ᠵᠢᠨ 21᠎ᠤ ᠡᠳᠦᠷ᠎ᠠᠴᠠ 9 ᠳ᠋ᠦ᠍ᠭᠡᠷ ᠰᠠᠷ᠎ᠠ ᠵᠢᠨ 30᠎ᠤ ᠡᠳᠦᠷ (7 ᠠᠵᠢᠯᠯᠠᠬᠤ ᠡᠳᠦᠷ᠂ ᠠᠮᠠᠷᠠᠯᠲᠠ ᠵᠢᠨ ᠡᠳᠦᠷ᠎ᠠᠴᠠ ᠭᠠᠳᠠᠨ᠎ᠠ)᠃
ᠬᠠᠷᠢᠯᠴᠠᠬᠤ ᠬᠥᠮᠥᠨ ᠵᠢᠴᠢ ᠬᠠᠷᠢᠯᠴᠠᠬᠤ ᠤᠲᠠᠰᠤ᠄
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠰᠢᠨᠵᠢᠬᠦ ᠲᠥᠪ ᠥᠷᠲᠡᠭᠡ ᠬᠠᠷᠢᠯᠴᠠᠬᠤ ᠬᠥᠮᠥᠨ᠄ ᠬᠤᠤ ᠯᠢ ᠷᠦᠩ
ᠬᠠᠷᠢᠯᠴᠠᠬᠤ ᠤᠲᠠᠰᠤ᠄ 0471 — 4632091 ᠢᠮᠧᠯ᠄ 1719109386@qq.com
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠬᠠᠷᠢᠯᠴᠠᠬᠤ ᠬᠥᠮᠥᠨ᠄ ᠴᠢ ᠢᠦᠢ
ᠬᠠᠷᠢᠯᠴᠠᠬᠤ ᠤᠲᠠᠰᠤ᠄ 0471 — 4632137 ᠢᠮᠧᠯ᠄ nmghjkxyjy@126.com
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠢᠨᠵᠧᠨᠧᠷᠢᠩ᠎ᠤᠨ ᠦᠨᠡᠯᠡᠨ ᠵᠢᠱ᠌ᠢᠬᠦ ᠲᠥᠪ ᠬᠠᠷᠢᠯᠴᠠᠬᠤ ᠬᠥᠮᠥᠨ᠄ ᠦ᠋ ᠳ᠋ᠢ
ᠬᠠᠷᠢᠯᠴᠠᠬᠤ ᠤᠲᠠᠰᠤ᠄ 0471 — 4632201 ᠢᠮᠧᠯ᠄ 19417558@qq.com
ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋ ᠬᠢᠭᠡᠳ ᠬᠢᠮᠢ ᠵᠢᠨ ᠪᠣᠳᠠᠰ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠲᠥᠪ
ᠬᠠᠷᠢᠯᠴᠠᠬᠤ ᠬᠥᠮᠥᠨ᠄ ᠬᠤ᠌ ᠶᠠ ᠵᠢᠤᠸᠠᠨ ᠬᠠᠷᠢᠯᠴᠠᠬᠤ ᠤᠲᠠᠰᠤ᠄ 0471 — 4632154
ᠢᠮᠧᠯ᠄ any-juan@163.com 40090242@qq.com
ᠥᠪᠡᠷᠲᠡᠭᠡᠨ ᠵᠠᠰᠠᠬᠤ ᠣᠷᠣᠨ᠎ᠤ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠵᠢᠨ ᠰᠣᠯᠢᠯᠴᠠᠭ᠎ᠠ ᠵᠢ ᠬᠠᠮᠢᠶᠠᠷᠬᠤ ᠲᠥᠪ
ᠬᠠᠷᠢᠯᠴᠠᠬᠤ ᠬᠥᠮᠥᠨ᠄ ᠦ᠋ ᠸᠧᠨ ᠬᠤᠸᠠ ᠬᠠᠷᠢᠯᠴᠠᠬᠤ ᠤᠲᠠᠰᠤ᠄ 0471 — 4632281 ᠢᠮᠧᠯ᠄ 2323561959@qq.com
(ᠬᠣᠶᠠᠷ) ᠬᠢᠷᠢ ᠭᠡᠮ᠎ᠤᠨ ᠬᠢᠨᠠᠯᠲᠠ ᠪᠠᠢ᠌ᠴᠠᠭ᠋ᠠᠯᠲᠠ ᠬᠢᠬᠦ
1. ᠬᠢᠷᠢ ᠭᠡᠮ᠎ᠤᠨ ᠠᠩᠬᠠᠨ᠎ᠤ ᠬᠢᠨᠠᠯᠲᠠ ᠬᠢᠬᠦ ᠠᠵᠢᠯ᠎ᠢ ᠡᠯᠰᠡᠨ ᠤᠷᠢᠬᠤ ᠨᠢᠭᠡᠴᠢ᠎ᠠᠴᠠ ᠬᠠᠷᠢᠭᠤᠴᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠵᠢᠨ ᠬᠡᠷᠡᠭᠵᠢᠭᠦᠯᠬᠦ ᠠᠷᠭ᠎ᠠ》 ᠪᠠ 《ᠠᠵᠢᠯ᠎ᠤᠨ ᠪᠠᠢ᠌ᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠥᠯᠥᠪᠯᠡᠭᠡ ᠵᠢᠨ ᠬᠦᠰᠦᠨᠦᠭ》᠎ᠲᠤ ᠲᠣᠳᠣᠷᠬᠠᠢ᠌ᠯᠠᠭᠰᠠᠨ ᠠᠵᠢᠯ᠎ᠤᠨ ᠪᠠᠢ᠌ᠷᠢ ᠵᠢᠨ ᠬᠢᠷᠢ ᠭᠡᠮ᠎ᠤᠨ ᠨᠥᠬᠥᠴᠡᠯ᠎ᠢ ᠬᠢᠨᠠᠨ ᠪᠠᠢ᠌ᠴᠠᠭ᠋ᠠᠵᠤ ᠰᠢᠯᠭ᠋ᠠᠬᠤ ᠵᠢ ᠴᠢᠩᠭ᠎ᠠ ᠬᠡᠷᠡᠭᠵᠢᠭᠦᠯᠦᠨ᠎ᠡ᠃
2. ᠠᠩᠬᠠᠨ᠎ᠤ ᠬᠢᠨᠠᠯᠲᠠ ᠵᠢ ᠥᠩᠭᠡᠷᠡᠭᠰᠡᠨ ᠤᠷᠢᠯᠲᠠ ᠵᠢ ᠬᠦᠯᠢᠶᠡᠭᠰᠡᠳ ᠳᠠᠷᠠᠭ᠋ᠠᠬᠢ ᠮᠠᠲ᠋ᠧᠷᠢᠶᠠᠯ ᠵᠶ᠋ᠠᠨ ᠠᠪᠴᠤ ᠬᠢᠷᠢ ᠭᠡᠮ᠎ᠤᠨ ᠳᠠᠪᠲᠠᠨ ᠬᠢᠨᠠᠯᠲᠠ᠎ᠳᠤ ᠣᠷᠣᠯᠴᠠᠨ᠎ᠠ᠄
(1) ᠪᠡᠶ᠎ᠡ ᠵᠢᠨ ᠦᠨᠡᠮᠯᠡᠯ᠎ᠤᠨ ᠤᠭ ᠦᠨᠡᠮᠯᠡᠯ ᠪᠠ ᠬᠠᠭᠤᠯᠪᠤᠷᠢ᠃
(2) ᠵᠢᠩᠬᠢᠨᠢ ᠠᠩᠭᠢ᠂ ᠠᠰᠫᠢᠷᠠᠨᠲ᠂ ᠳ᠋ᠣᠺᠲ᠋ᠣᠷᠠᠨᠲ ᠲᠡᠭᠦᠰᠦᠭᠰᠡᠨ ᠦᠨᠡᠮᠯᠡᠯ᠂ ᠡᠷᠳᠡᠮ᠎ᠤᠨ ᠴᠣᠯᠠ ᠵᠢᠨ ᠦᠨᠡᠮᠯᠡᠯ᠎ᠤᠨ ᠤᠭ ᠦᠨᠡᠮᠯᠡᠯ ᠵᠢᠴᠢ ᠬᠠᠭᠤᠯᠪᠤᠷᠢ᠂ ᠰᠤᠷᠤᠯᠭ᠎ᠠ ᠵᠢᠨ ᠨᠠᠮᠲᠠᠷ᠎ᠤᠨ ᠰᠢᠯᠭ᠋ᠠᠨ ᠭᠡᠷᠡᠴᠢᠯᠡᠭᠰᠡᠨ ᠮᠡᠳᠡᠭᠦᠯᠦᠯᠲᠡ (ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠰᠤᠷᠤᠭᠴᠢᠳ᠎ᠤᠨ ᠮᠡᠳᠡᠭᠡ ᠵᠠᠩᠭᠢ ᠵᠢᠨ ᠲᠣᠣᠷ http://www.chsi.com.cn/xlcx/ᠳᠤ ᠨᠡᠪᠲᠡᠷᠡᠵᠦ ᠰᠤᠷᠤᠯᠭ᠎ᠠ ᠵᠢᠨ ᠨᠠᠮᠲᠠᠷᠲᠤ ᠰᠢᠯᠭ᠋ᠠᠨ ᠭᠡᠷᠡᠴᠢᠯᠡᠯᠲᠡ ᠬᠢᠬᠦ ᠵᠢᠨ ᠬᠠᠮᠲᠤ ᠮᠡᠳᠡᠭᠦᠯᠦᠯᠲᠡ ᠵᠢ ᠳᠠᠷᠤᠮᠠᠯᠯᠠᠵᠤ ᠭᠠᠷᠭ᠋ᠠᠬᠤ ᠬᠡᠷᠡᠭᠲᠡᠢ)᠃
(3) ᠭᠠᠳᠠᠭ᠋ᠠᠳᠤ᠎ᠳᠤ ᠰᠤᠷᠤᠯᠴᠠᠵᠤ ᠤᠯᠤᠰ᠎ᠲᠤ᠎ᠪᠠᠨ ᠪᠤᠴᠠᠭᠰᠠᠳ ᠰᠤᠷᠭ᠋ᠠᠨ ᠬᠥᠮᠥᠵᠢᠯ᠎ᠤᠨ ᠶᠠᠮᠤᠨ᠎ᠤ ᠭᠠᠳᠠᠭ᠋ᠠᠳᠤ᠎ᠳᠤ ᠰᠤᠷᠤᠯᠴᠠᠬᠤ᠎ᠳᠤ ᠦᠢ᠍ᠯᠡᠴᠢᠯᠡᠬᠦ ᠲᠥᠪ᠎ᠠᠴᠠ ᠬᠠᠩᠭ᠋ᠠᠭᠰᠠᠨ 《ᠭᠠᠳᠠᠭ᠋ᠠᠳᠤ᠎ᠳᠠᠬᠢ ᠰᠤᠷᠤᠯᠭ᠎ᠠ ᠵᠢᠨ ᠨᠠᠮᠲᠠᠷ ᠪᠠ ᠡᠷᠳᠡᠮ᠎ᠤᠨ ᠴᠣᠯᠠ ᠵᠢᠨ ᠦᠨᠡᠮᠯᠡᠯ》 ᠵᠢᠴᠢ ᠰᠤᠷᠭ᠋ᠠᠨ ᠬᠥᠮᠥᠵᠢᠯ᠎ᠤᠨ ᠶᠠᠮᠤᠨ᠎ᠤ ᠣᠯᠠᠨ ᠤᠯᠤᠰ᠎ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠋ᠠᠨ᠎ᠤ ᠵᠤᠷᠭ᠋ᠠᠨ᠎ᠠᠴᠠ ᠭᠠᠷᠭ᠋ᠠᠵᠤ ᠥᠭᠭᠦᠭᠰᠡᠨ 《ᠭᠠᠳᠠᠭ᠋ᠠᠳᠤ᠎ᠳᠤ ᠰᠤᠷᠤᠯᠴᠠᠵᠤ ᠤᠯᠤᠰ᠎ᠲᠤ᠎ᠪᠠᠨ ᠪᠤᠴᠠᠭᠰᠠᠳ᠎ᠤᠨ ᠭᠡᠷᠡᠴᠢ》᠎ᠤᠨ ᠤᠭ ᠭᠡᠷᠡᠴᠢ ᠦᠨᠡᠮᠯᠡᠯ ᠵᠶ᠋ᠡᠨ ᠬᠠᠩᠭ᠋ᠠᠬᠤ ᠬᠡᠷᠡᠭᠲᠡᠢ᠃
(4) ᠤᠷᠢᠯᠲᠠ ᠵᠢ ᠬᠦᠯᠢᠶᠡᠭᠰᠡᠳ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠳ ᠪᠤᠶᠤ ᠠᠵᠤ ᠠᠬᠤᠢ᠌ᠯᠠᠯ᠎ᠤᠨ ᠠᠵᠢᠯᠲᠠᠳ ᠪᠣᠯ᠂ ᠬᠤᠪᠢ ᠬᠥᠮᠥᠨ᠎ᠤ ᠤᠤᠯ᠎ᠤᠨ ᠪᠠᠢ᠌ᠭᠰᠠᠨ ᠨᠢᠭᠡᠴᠢ᠎ᠠᠴᠠ ᠤᠷᠢᠯᠲᠠ ᠵᠢ ᠬᠦᠯᠢᠶᠡᠬᠦ ᠵᠢ ᠵᠥᠪᠰᠢᠶᠡᠷᠡᠭᠰᠡᠨ ᠭᠡᠷᠡᠴᠢ ᠲᠤᠰᠢᠶᠠᠬᠤ ᠬᠡᠷᠡᠭᠲᠡᠢ᠃
ᠬᠢᠷᠢ ᠭᠡᠮ᠎ᠤᠨ ᠳᠠᠪᠲᠠᠨ ᠬᠢᠨᠠᠯᠲᠠ ᠬᠢᠬᠦ ᠴᠠᠭ᠄ 2018 ᠣᠨ᠎ᠤ 10 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠦᠳᠡ ᠵᠢᠨ ᠡᠮᠦᠨᠡᠬᠢ 9᠄00 — ᠦᠳᠡ ᠵᠢᠨ ᠬᠣᠢ᠌ᠨᠠᠬᠢ 18᠄00
ᠬᠢᠷᠢ ᠭᠡᠮ᠎ᠤᠨ ᠳᠠᠪᠲᠠᠨ ᠬᠢᠨᠠᠯᠲᠠ ᠬᠢᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠳᠡᠭᠦᠯᠢᠯ ᠵᠠᠮ᠎ᠤᠨ 39 ᠳ᠋ᠦ᠍ᠭᠡᠷ ᠨᠣᠮᠧᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠬᠣᠶᠠᠳᠤᠭ᠋ᠠᠷ ᠳᠠᠪᠬᠤᠷᠯᠢᠭ᠎ᠤᠨ 4 ᠳ᠋ᠦ᠍ᠭᠡᠷ ᠬᠤᠷᠠᠯ᠎ᠤᠨ ᠭᠡᠷ
3. ᠬᠢᠷᠢ ᠭᠡᠮ᠎ᠢ ᠬᠢᠨᠠᠨ ᠬᠠᠷᠭᠤᠭᠤᠯᠬᠤ᠎ᠳᠤ ᠤᠷᠢᠯᠲᠠ ᠵᠢ ᠬᠦᠯᠢᠶᠡᠭᠰᠡᠳ᠎ᠤᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠵᠢᠨ ᠦᠨᠡᠨ ᠪᠣᠳᠠᠲᠠᠢ ᠪᠥᠭᠡᠳ ᠣᠨᠣᠪᠴᠢᠲᠠᠢ ᠡᠰᠡᠬᠦ᠂ ᠤᠷᠢᠯᠲᠠ ᠵᠢ ᠬᠦᠯᠢᠶᠡᠬᠦ ᠠᠵᠢᠯ᠎ᠤᠨ ᠪᠠᠢ᠌ᠷᠢ᠎ᠲᠠᠢ ᠲᠣᠬᠢᠷᠠᠯᠴᠠᠭᠰᠠᠨ ᠬᠢᠷᠢ ᠭᠡᠮ᠎ᠤᠨ ᠨᠥᠬᠥᠴᠡᠯ᠎ᠳᠤ ᠨᠡᠢ᠌ᠴᠡᠬᠦ ᠡᠰᠡᠬᠦ ᠵᠢ ᠭᠣᠣᠯᠳᠠᠯᠭ᠎ᠠ᠎ᠲᠠᠢ ᠪᠠᠢ᠌ᠴᠠᠭ᠋ᠠᠨ ᠰᠢᠯᠭ᠋ᠠᠨ᠎ᠠ᠃
(ᠭᠤᠷᠪᠠ) ᠲᠤᠰᠬᠠᠢ ᠮᠡᠷᠭᠡᠵᠢᠯᠲᠡᠳ ᠵᠶ᠋ᠠᠷ ᠦᠨᠡᠯᠡᠨ ᠵᠢᠱ᠌ᠢᠯᠲᠡ ᠬᠢᠯᠭᠡᠬᠦ
ᠲᠤᠰ ᠤᠳᠠᠭ᠋ᠠᠨ ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠳᠤ ᠪᠢᠷ᠎ᠤᠨ ᠰᠢᠯᠭ᠋ᠠᠯᠲᠠ ᠵᠢᠨ ᠭᠣᠭᠴᠣᠭ᠎ᠠ ᠦᠭᠡᠢ ᠪᠠᠢ᠌ᠵᠤ᠂ ᠬᠢᠷᠢ ᠭᠡᠮ᠎ᠤᠨ ᠬᠢᠨᠠᠯᠲᠠ ᠪᠠᠢ᠌ᠴᠠᠭ᠋ᠠᠯᠲᠠ ᠵᠢ ᠥᠩᠭᠡᠷᠡᠭᠰᠡᠨ ᠪᠠᠢ᠌ᠳᠠᠯ᠎ᠢ ᠦᠨᠳᠦᠰᠦᠯᠡᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠲᠤᠰᠬᠠᠢ ᠮᠡᠷᠭᠡᠵᠢᠯᠲᠡᠳ ᠵᠶ᠋ᠠᠷ ᠦᠨᠡᠯᠡᠨ ᠵᠢᠱ᠌ᠢᠯᠲᠡ ᠬᠢᠯᠭᠡᠬᠦ ᠵᠢ ᠵᠣᠬᠢᠶᠠᠨ ᠪᠠᠢ᠌ᠭᠤᠯᠤᠨ᠎ᠠ᠃ ᠲᠤᠰᠬᠠᠢ ᠮᠡᠷᠭᠡᠵᠢᠯᠲᠡᠳ ᠵᠶ᠋ᠡᠷ ᠦᠨᠡᠯᠡᠨ ᠵᠢᠱ᠌ᠢᠯᠲᠡ ᠬᠢᠯᠭᠡᠬᠦ᠎ᠨᠢ ᠲᠤᠰᠬᠠᠢ ᠮᠡᠷᠭᠡᠵᠢᠯᠲᠡᠳ᠎ᠠᠴᠠ ᠰᠢᠯᠭ᠋ᠠᠷᠠᠭᠤᠯᠤᠨ ᠲᠣᠭᠲᠠᠭ᠋ᠠᠬᠤ ᠭᠣᠭᠴᠣᠭ᠎ᠠ ᠵᠢᠴᠢ ᠪᠦᠲᠦᠴᠡᠲᠦ ᠨᠢᠭᠤᠷᠳᠠᠨ ᠰᠢᠯᠭ᠋ᠠᠯᠲᠠ ᠬᠢᠬᠦ ᠭᠣᠭᠴᠣᠭ᠎ᠠ ᠵᠢ ᠪᠠᠭᠲᠠᠭ᠋ᠠᠨ᠎ᠠ᠃
ᠶᠡᠷᠦᠩᠬᠡᠢ ᠬᠢᠷᠢ ᠪᠦᠲᠦᠮᠵᠢ= ᠲᠤᠰᠬᠠᠢ ᠮᠡᠷᠭᠡᠵᠢᠯᠲᠡᠳ᠎ᠠᠴᠠ ᠰᠢᠯᠭ᠋ᠠᠷᠠᠭᠤᠯᠤᠭᠰᠠᠨ ᠬᠢᠷᠢ ᠪᠦᠲᠦᠮᠵᠢ×40% + ᠪᠦᠲᠦᠴᠡᠲᠦ ᠨᠢᠭᠤᠷᠳᠠᠨ ᠰᠢᠯᠭ᠋ᠠᠯᠲᠠ ᠵᠢᠨ ᠬᠢᠷᠢ ᠪᠦᠲᠦᠮᠵᠢ×60%᠃
1. ᠲᠤᠰᠬᠠᠢ ᠮᠡᠷᠭᠡᠵᠢᠯᠲᠡᠳ᠎ᠤᠨ ᠰᠢᠯᠭ᠋ᠠᠷᠠᠭᠤᠯᠤᠯᠲᠠ᠄ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠵᠤ ᠬᠢᠷᠢ ᠭᠡᠮ᠎ᠤᠨ ᠬᠢᠨᠠᠯᠲᠠ ᠪᠠᠢ᠌ᠴᠠᠭ᠋ᠠᠯᠲᠠ ᠵᠢ ᠥᠩᠭᠡᠷᠡᠭᠰᠡᠨ ᠤᠷᠢᠯᠲᠠ ᠵᠢ ᠬᠦᠯᠢᠶᠡᠭᠰᠡᠳ ᠤᠨ ᠰᠤᠷᠭ᠋ᠠᠨ ᠬᠥᠮᠥᠵᠢᠯ᠎ᠤᠨ ᠥᠩᠭᠡᠷᠡᠯᠲᠡ᠂ ᠡᠷᠳᠡᠮ ᠰᠢᠨᠵᠢᠯᠡᠭᠡᠨ᠎ᠤ ᠬᠢᠷᠢ ᠲᠦᠪᠰᠢᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢ᠂ ᠠᠵᠢᠯ᠎ᠤᠨ ᠪᠠᠢ᠌ᠷᠢ ᠵᠢᠨ ᠲᠣᠬᠢᠷᠠᠯᠴᠠᠭᠰᠠᠨ ᠬᠡᠮᠵᠢᠶ᠎ᠡ ᠵᠡᠷᠭᠡ ᠲᠠᠯ᠎ᠠ ᠵᠢᠨ ᠠᠭᠤᠯᠭ᠎ᠠ ᠵᠢᠴᠢ ᠤᠷᠢᠯᠲᠠ ᠵᠢ ᠬᠦᠯᠢᠶᠡᠬᠦ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠰᠢᠯᠭ᠋ᠠᠷᠠᠭᠤᠯᠤᠯᠲᠠ ᠬᠢᠵᠦ᠂ ᠲᠤᠰᠬᠠᠢ ᠮᠡᠷᠭᠡᠵᠢᠯᠲᠡᠳ᠎ᠤᠨ ᠰᠢᠯᠭ᠋ᠠᠷᠠᠭᠤᠯᠤᠯᠲᠠ ᠬᠢᠭᠰᠡᠨ ᠰᠠᠨᠠᠯ ᠭᠠᠷᠭ᠋ᠠᠵᠤ ᠥᠭᠬᠦ ᠵᠢᠨ ᠬᠠᠮᠲᠤ ᠬᠤᠪᠢ ᠲᠡᠮᠳᠡᠭᠯᠡᠨ᠎ᠡ᠃
2. ᠪᠦᠲᠦᠴᠡᠲᠦ ᠨᠢᠭᠤᠷᠳᠠᠨ ᠰᠢᠯᠭ᠋ᠠᠯᠲᠠ᠄ ᠠᠵᠢᠯ᠎ᠤᠨ ᠪᠠᠢ᠌ᠷᠢ ᠵᠢᠨ ᠬᠡᠷᠡᠭᠴᠡᠭᠡ ᠱᠠᠭ᠋ᠠᠷᠳᠠᠯᠭ᠎ᠠ᠂ ᠮᠠᠲ᠋ᠧᠷᠢᠶᠠᠯ᠎ᠢ ᠰᠢᠯᠭ᠋ᠠᠷᠠᠭᠤᠯᠤᠭᠰᠠᠨ ᠰᠠᠨᠠᠯ ᠪᠠ ᠣᠯᠣᠭᠰᠠᠨ ᠬᠤᠪᠢ ᠵᠢᠨ ᠪᠠᠢ᠌ᠳᠠᠯ᠎ᠢ ᠦᠨᠳᠦᠰᠦᠯᠡᠨ᠂ 1᠄ 3 ᠵᠢᠨ ᠬᠠᠷᠢᠴᠠᠯ ᠵᠶ᠋ᠠᠷ ᠨᠢᠭᠤᠷᠳᠠᠨ ᠰᠢᠯᠭ᠋ᠠᠯᠲᠠ ᠵᠢᠨ ᠭᠣᠭᠴᠣᠭ᠎ᠠ᠎ᠳᠤ ᠣᠷᠣᠭᠤᠯᠵᠤ᠂ ᠲᠤᠰ ᠤᠳᠠᠭ᠋ᠠᠨ᠎ᠤ ᠣᠷᠣᠭᠤᠯᠤᠨ ᠠᠪᠴᠢᠷᠠᠬᠤ᠎ᠨᠢ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ ᠪᠣᠯᠬᠤ᠎ᠪᠠᠷ ᠯᠠᠪᠯᠠᠯᠲᠠ ᠪᠣᠯᠭ᠋ᠠᠵᠤ᠂ ᠣᠨᠴᠠ ᠵᠠᠷᠢᠮ ᠠᠵᠢᠯ᠎ᠤᠨ ᠪᠠᠢ᠌ᠷᠢ᠎ᠨᠢ 1᠄ 3 ᠵᠢᠨ ᠬᠠᠷᠢᠴᠠᠯ᠎ᠳᠤ ᠬᠦᠷᠬᠦ ᠦᠭᠡᠢ ᠪᠣᠯ ᠪᠦᠬᠦᠨ᠎ᠢ ᠨᠢᠭᠤᠷᠳᠠᠨ ᠰᠢᠯᠭ᠋ᠠᠯᠲᠠ ᠵᠢᠨ ᠭᠣᠭᠴᠣᠭ᠎ᠠ᠎ᠳᠤ ᠣᠷᠣᠭᠤᠯᠵᠤ᠂ ᠤᠷᠢᠯᠲᠠ ᠵᠢ ᠬᠦᠯᠢᠶᠡᠭᠰᠡᠳ᠎ᠤᠨ ᠡᠷᠳᠡᠮ ᠰᠢᠨᠵᠢᠯᠡᠭᠡᠨ᠎ᠤ ᠬᠢᠷᠢ ᠲᠦᠪᠰᠢᠨ᠂ ᠶᠡᠷᠦᠩᠬᠡᠢ᠌ᠯᠡᠭᠰᠡᠨ ᠬᠡᠪ ᠴᠢᠨᠠᠷ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢᠴᠢ ᠲᠤᠬᠠᠢ ᠵᠢᠨ ᠲᠠᠯᠠᠪᠤᠷ᠎ᠤᠨ ᠪᠠᠢ᠌ᠳᠠᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠴᠢᠳᠠᠪᠤᠷᠢ ᠵᠢ ᠭᠣᠣᠯᠳᠠᠯᠭ᠎ᠠ᠎ᠲᠠᠢ ᠰᠢᠯᠭ᠋ᠠᠨ ᠦᠨᠡᠯᠡᠨ᠎ᠡ᠃
(ᠳᠥᠷᠪᠡ) ᠪᠡᠶ᠎ᠡ ᠵᠢᠨ ᠪᠠᠢ᠌ᠴᠠᠭ᠋ᠠᠯᠲᠠ ᠬᠢᠭᠡᠳ ᠰᠢᠨᠵᠢᠯᠡᠨ ᠪᠠᠢ᠌ᠴᠠᠭ᠋ᠠᠯᠲᠠ
ᠠᠵᠢᠯ᠎ᠤᠨ ᠪᠠᠢ᠌ᠷᠢ ᠨᠢᠭᠡᠪᠦᠷᠢ ᠵᠢᠨ ᠤᠷᠢᠯᠲᠠ ᠵᠢ ᠬᠦᠯᠢᠶᠡᠭᠰᠡᠳ᠎ᠤᠨ ᠲᠤᠰᠬᠠᠢ ᠮᠡᠷᠭᠡᠵᠢᠯᠲᠡᠳ᠎ᠠᠴᠠ ᠦᠨᠡᠯᠡᠨ ᠵᠢᠱ᠌ᠢᠭᠰᠡᠨ ᠶᠡᠷᠦᠩᠬᠡᠢ ᠬᠢᠷᠢ ᠪᠦᠲᠦᠮᠵᠢ ᠵᠢᠨ ᠥᠨᠳᠥᠷ᠎ᠠᠴᠠ ᠳᠣᠣᠷ᠎ᠠ ᠲᠡᠢ᠌ᠰᠢ ᠵᠢᠨ ᠳᠡᠰ ᠳᠠᠷᠠᠭ᠋ᠠᠯᠠᠯ ᠪᠠ ᠡᠯ᠎ᠡ ᠠᠵᠢᠯ᠎ᠤᠨ ᠪᠠᠢ᠌ᠷᠢ ᠵᠢᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢᠨ ᠲᠥᠯᠥᠪᠯᠡᠭᠡ ᠶᠣᠰᠣᠭ᠋ᠠᠷ᠂ ᠪᠡᠶ᠎ᠡ ᠵᠢᠨ ᠪᠠᠢ᠌ᠴᠠᠭ᠋ᠠᠯᠲᠠ ᠪᠠ ᠰᠢᠨᠵᠢᠯᠡᠨ ᠪᠠᠢ᠌ᠴᠠᠭ᠋ᠠᠯᠲᠠ᠎ᠳᠤ ᠣᠷᠣᠯᠴᠠᠬᠤ ᠬᠥᠮᠥᠰ᠎ᠤᠨ ᠬᠡᠪᠴᠢᠶᠡᠨ᠎ᠳᠤ ᠰᠣᠩᠭᠣᠭᠳᠠᠬᠤ ᠬᠥᠮᠥᠰ᠎ᠢ ᠲᠡᠩᠴᠡᠭᠦᠦ ᠲᠣᠭ᠎ᠠ᠎ᠪᠠᠷ ᠲᠣᠭᠲᠠᠭ᠋ᠠᠨ᠎ᠠ᠃
1. ᠪᠡᠶ᠎ᠡ ᠵᠢᠨ ᠪᠠᠢ᠌ᠴᠠᠭ᠋ᠠᠯᠲᠠ᠃ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠶᠡᠷᠦᠩᠬᠡᠢ᠌ᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠢᠭ᠋ᠠᠨ ᠲᠣᠭᠲᠠᠭ᠋ᠠᠭᠰᠠᠨ ᠡᠮᠴᠢᠯᠡᠭᠡ ᠵᠢᠨ ᠪᠠᠢ᠌ᠭᠤᠯᠤᠮᠵᠢ᠎ᠳᠤ ᠪᠡᠶ᠎ᠡ ᠵᠢᠨ ᠪᠠᠢ᠌ᠴᠠᠭ᠋ᠠᠯᠲᠠ ᠬᠢᠵᠦ᠂ ᠪᠡᠶ᠎ᠡ ᠵᠢᠨ ᠪᠠᠢ᠌ᠴᠠᠭ᠋ᠠᠯᠲᠠ ᠬᠢᠬᠦ᠎ᠳᠤ᠎ᠪᠠᠨ ᠠᠯᠪᠠᠲᠠᠨ ᠡᠯᠰᠡᠨ ᠬᠡᠷᠡᠭᠯᠡᠬᠦ᠎ᠳᠤ ᠪᠡᠶ᠎ᠡ ᠵᠢᠨ ᠪᠠᠢ᠌ᠴᠠᠭ᠋ᠠᠯᠲᠠ ᠬᠢᠬᠦ ᠬᠣᠯᠪᠣᠭᠳᠠᠯ ᠪᠦᠬᠦᠢ ᠲᠥᠷᠥᠯ ᠵᠦᠢ᠍ᠯ᠂ ᠪᠠᠷᠢᠮᠵᠢᠶ᠎ᠠ ᠪᠠ ᠲᠣᠭᠲᠠᠭ᠋ᠠᠯ ᠵᠶ᠋ᠡᠷ ᠯᠠᠪᠯᠠᠯᠲᠠ ᠪᠣᠯᠭ᠋ᠠᠵᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠠᠷᠤᠳᠠᠯ ᠵᠶ᠋ᠠᠨ ᠥᠪᠡᠷ ᠵᠶ᠋ᠡᠨ ᠭᠠᠷᠭ᠋ᠠᠨ᠎ᠠ᠃
2. ᠰᠢᠨᠵᠢᠯᠡᠨ ᠪᠠᠢ᠌ᠴᠠᠭ᠋ᠠᠯᠲᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠰᠢᠨᠵᠢᠯᠡᠨ ᠪᠠᠢ᠌ᠴᠠᠭ᠋ᠠᠬᠤ ᠳᠤᠭᠤᠢ᠌ᠯᠠᠩ ᠪᠠᠢ᠌ᠭᠤᠯᠤᠨ᠂ ᠰᠢᠨᠵᠢᠯᠡᠨ ᠪᠠᠢ᠌ᠴᠠᠭ᠋ᠠᠬᠤ ᠬᠡᠪᠴᠢᠶᠡᠨ᠎ᠳᠤ ᠣᠷᠣᠭᠰᠠᠨ ᠬᠥᠮᠥᠰ᠎ᠲᠤ ᠰᠢᠨᠵᠢᠯᠡᠨ ᠪᠠᠢ᠌ᠴᠠᠭ᠋ᠠᠯᠲᠠ ᠬᠢᠵᠦ᠂ ᠰᠢᠨᠵᠢᠯᠡᠨ ᠪᠠᠢ᠌ᠴᠠᠭ᠋ᠠᠬᠤ ᠠᠭᠤᠯᠭ᠎ᠠ᠎ᠳᠤ ᠤᠯᠤᠰ ᠲᠥᠷᠥ ᠦᠵᠡᠯ ᠰᠠᠨᠠᠭ᠎ᠠ᠂ ᠶᠣᠰᠣ ᠰᠤᠷᠲᠠᠬᠤᠨ ᠣᠪᠣᠷ ᠴᠢᠨᠠᠷ᠂ ᠴᠢᠳᠠᠪᠤᠷᠢ ᠬᠡᠪ ᠴᠢᠨᠠᠷ᠂ ᠰᠠᠬᠢᠯᠭ᠎ᠠ ᠪᠠᠲᠤ ᠵᠢ ᠵᠢᠷᠤᠮᠯᠠᠵᠤ ᠬᠠᠤᠯᠢ ᠴᠠᠭ᠋ᠠᠵᠠ ᠵᠢ ᠰᠠᠬᠢᠬᠤ᠂ ᠠᠵᠢᠯ ᠪᠤᠶᠤ ᠰᠤᠷᠤᠯᠴᠠᠯᠭ᠎ᠠ ᠵᠢᠨ ᠢᠯᠡᠷᠡᠯ᠂ ᠬᠤᠪᠢ ᠬᠥᠮᠥᠨ᠎ᠤ ᠦᠨᠡᠨᠴᠢ ᠢᠲᠡᠭᠡᠮᠵᠢ ᠵᠢᠴᠢ ᠭᠤᠶᠤᠴᠢᠯᠠᠨ ᠮᠡᠳᠡᠭᠦᠯᠬᠦ ᠨᠥᠬᠥᠴᠡᠯ᠎ᠤᠨ ᠦᠨᠡᠨ ᠪᠣᠳᠠᠲᠤ ᠴᠢᠨᠠᠷ ᠵᠡᠷᠭᠡ ᠪᠠᠭᠲᠠᠵᠤ ᠪᠠᠢ᠌ᠨ᠎ᠠ᠃
ᠬᠡᠷᠪᠡ ᠪᠡᠶ᠎ᠡ ᠵᠢᠨ ᠪᠠᠢ᠌ᠴᠠᠭ᠋ᠠᠯᠲᠠ ᠪᠠ ᠰᠢᠨᠵᠢᠯᠡᠨ ᠪᠠᠢ᠌ᠴᠠᠭ᠋ᠠᠯᠲᠠ ᠵᠢᠨ ᠭᠣᠭᠴᠣᠭ᠎ᠠ ᠵᠢ ᠥᠩᠭᠡᠷᠡᠭᠰᠡᠨ ᠪᠣᠯᠪᠠᠴᠤ᠂ ᠡᠯᠰᠡᠨ ᠬᠡᠷᠡᠭᠯᠡᠬᠦ ᠨᠥᠬᠥᠴᠡᠯ᠎ᠳᠤ ᠨᠡᠢ᠌ᠴᠡᠬᠦ ᠦᠭᠡᠢ ᠪᠣᠯ᠂ ᠳᠡᠰ ᠳᠠᠷᠠᠭ᠋ᠠᠯᠠᠯ ᠶᠣᠰᠣᠭ᠋ᠠᠷ ᠥᠨᠳᠥᠷ ᠬᠤᠪᠢ᠎ᠠᠴᠠ ᠳᠣᠣᠷ᠎ᠠ ᠬᠤᠪᠢ ᠲᠡᠢ᠌ᠰᠢ ᠳᠡᠰ ᠳᠠᠷᠠᠭ᠋ᠠᠯᠠᠨ ᠤᠯᠠᠷᠢᠭᠤᠯᠤᠨ ᠨᠥᠬᠥᠨ᠎ᠡ᠃
(ᠲᠠᠪᠤ) ᠵᠠᠷᠯᠠᠨ ᠨᠡᠢ᠌ᠲᠡᠯᠡᠬᠦ ᠬᠢᠭᠡᠳ ᠬᠢᠨᠠᠨ ᠲᠣᠭᠲᠠᠭ᠋ᠠᠬᠤ
ᠤᠷᠢᠯᠲᠠ ᠵᠢ ᠬᠦᠯᠢᠶᠡᠭᠰᠡᠳ᠎ᠤᠨ ᠶᠡᠷᠦᠩᠬᠡᠢ ᠬᠢᠷᠢ ᠪᠦᠲᠦᠮᠵᠢ ᠵᠢᠴᠢ ᠪᠡᠶ᠎ᠡ ᠵᠢᠨ ᠪᠠᠢ᠌ᠴᠠᠭ᠋ᠠᠯᠲᠠ᠂ ᠰᠢᠨᠵᠢᠯᠡᠨ ᠪᠠᠢ᠌ᠴᠠᠭ᠋ᠠᠯᠲᠠ ᠵᠢᠨ ᠪᠠᠢ᠌ᠳᠠᠯ᠎ᠢ ᠦᠨᠳᠦᠰᠦᠯᠡᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠬᠥᠮᠥᠰ᠎ᠢ ᠬᠢᠨᠠᠵᠤ ᠲᠣᠭᠲᠠᠭ᠋ᠠᠬᠤ ᠵᠢᠨ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠫᠤᠷᠲ᠋ᠧᠯ ᠰᠦᠯᠵᠢᠶᠡᠨ ᠳᠡᠭᠡᠷ᠎ᠡ ᠵᠠᠷᠯᠠᠨ ᠨᠡᠢ᠌ᠲᠡᠯᠡᠵᠦ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 7 ᠡᠳᠦᠷ ᠪᠣᠯᠣᠨ᠎ᠠ᠃ ᠡᠭᠦᠨ᠎ᠤ ᠬᠠᠮᠲᠤ᠂ ᠬᠢᠨᠠᠯᠲᠠ ᠲᠠᠯᠪᠢᠵᠤ ᠢᠯᠡᠴᠢᠯᠡᠨ ᠵᠠᠭ᠋ᠠᠯᠳᠤᠬᠤ ᠤᠲᠠᠰᠤ ᠵᠢ ᠨᠡᠢ᠌ᠲᠡᠯᠡᠵᠦ᠂ ᠨᠡᠢ᠌ᠭᠡᠮ᠎ᠤᠨ ᠬᠢᠨᠠᠯᠲᠠ ᠵᠢ ᠬᠦᠯᠢᠶᠡᠨ᠎ᠡ᠃
(ᠵᠢᠷᠭᠤᠭ᠎ᠠ) ᠤᠷᠢᠨ ᠬᠡᠷᠡᠭᠯᠡᠵᠦ ᠪᠦᠷᠢᠳᠬᠡᠨ ᠳᠠᠩᠰᠠᠯᠠᠬᠤ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠠᠴᠠ ᠬᠥᠮᠥᠨ ᠬᠡᠷᠡᠭᠯᠡᠬᠦ ᠨᠢᠭᠡᠴᠢ ᠵᠢ ᠵᠣᠬᠢᠶᠠᠨ ᠪᠠᠢ᠌ᠭᠤᠯᠵᠤ ᠤᠷᠢᠨ ᠬᠡᠷᠡᠭᠯᠡᠵᠦ ᠪᠦᠷᠢᠳᠬᠡᠨ ᠳᠠᠩᠰᠠᠯᠠᠬᠤ ᠠᠵᠢᠯ᠎ᠢ ᠥᠷᠨᠢᠭᠦᠯᠦᠨ᠎ᠡ᠃ ᠡᠨᠡ ᠬᠦ᠌ ᠬᠤᠭᠤᠴᠠᠭ᠋ᠠᠨ᠎ᠳᠤ᠂ ᠤᠷᠢᠨ ᠬᠡᠷᠡᠭᠯᠡᠬᠦ ᠵᠢ ᠨᠥᠯᠥᠭᠡᠯᠡᠭᠰᠡᠨ ᠠᠰᠠᠭᠤᠳᠠᠯ᠎ᠲᠠᠢ ᠭᠡᠵᠦ ᠲᠤᠰᠬᠠᠭᠳᠠᠭᠰᠠᠨᠤ ᠬᠠᠮᠲᠤ᠂ ᠪᠠᠢ᠌ᠴᠠᠭ᠋ᠠᠯᠲᠠ᠎ᠪᠠᠷ ᠳᠠᠮᠵᠢᠭᠤᠯᠤᠨ ᠦᠨᠡᠨ ᠪᠣᠳᠠᠲᠠᠢ ᠭᠡᠷᠡᠴᠢ ᠪᠠᠷᠢᠮᠲᠠ ᠵᠢ ᠢᠯᠡᠷᠡᠭᠦᠯᠦᠭᠰᠡᠨ ᠪᠣᠯ᠂ ᠤᠷᠢᠨ ᠬᠡᠷᠡᠭᠯᠡᠬᠦ ᠦᠭᠡᠢ᠃ ᠣᠷᠣᠭᠤᠯᠤᠨ ᠠᠪᠴᠢᠷᠠᠬᠤ ᠬᠥᠮᠥᠰ᠎ᠨᠢ ᠤᠷᠢᠨ ᠬᠡᠷᠡᠭᠯᠡᠬᠦ᠎ᠪᠠᠷ ᠬᠢᠨᠠᠨ ᠵᠥᠪᠰᠢᠶᠡᠷᠡᠬᠦ ᠭᠠᠷᠳᠠᠮ ᠭᠦᠢ᠍ᠴᠡᠳᠬᠡᠭᠰᠡᠨ᠎ᠤ ᠳᠠᠷᠠᠭ᠎ᠠ ᠤᠷᠢᠨ ᠬᠡᠷᠡᠭᠯᠡᠭᠳᠡᠬᠦ ᠬᠢᠷᠢ ᠭᠡᠮ ᠵᠶ᠋ᠡᠨ ᠲᠡᠪᠴᠢᠭᠰᠡᠨ ᠪᠣᠯ᠂ ᠦᠨᠡᠴᠢ ᠢᠲᠡᠭᠡᠮᠵᠢ ᠵᠢᠨ ᠳᠠᠩᠰᠠ ᠡᠪᠬᠡᠮᠡᠯ᠎ᠳᠤ ᠲᠡᠮᠳᠡᠭᠯᠡᠨ ᠣᠷᠣᠭᠤᠯᠤᠨ᠎ᠠ᠃
ᠭᠤᠷᠪᠠ᠂ ᠪᠤᠰᠤᠳ ᠱᠠᠭ᠋ᠠᠷᠳᠠᠯᠭ᠎ᠠ
(ᠨᠢᠭᠡ) ᠲᠤᠰ ᠤᠳᠠᠭ᠋ᠠᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠡᠯ᠎ᠡ ᠭᠣᠭᠴᠣᠭ᠎ᠠ᠎ᠳᠤ ᠣᠷᠣᠨ ᠲᠣᠭ᠎ᠠ ᠳᠤᠲᠠᠭᠳᠠᠬᠤ ᠦᠵᠡᠭᠳᠡᠯ ᠢᠯᠡᠷᠡᠪᠡᠯ᠂ ᠳᠡᠰ ᠳᠠᠷᠠᠭ᠋ᠠᠯᠠᠨ ᠤᠯᠠᠷᠢᠭᠤᠯᠤᠨ ᠨᠥᠬᠥᠵᠦ᠂ ᠠᠳᠠᠯᠢᠬᠠᠨ ᠨᠢᠭᠡ ᠠᠵᠢᠯ᠎ᠤᠨ ᠪᠠᠢ᠌ᠷᠢ᠎ᠳᠤ ᠬᠠᠮᠤᠭ᠎ᠤᠨ ᠣᠯᠠᠨ᠎ᠳᠤ᠎ᠪᠠᠨ 1 ᠤᠳᠠᠭ᠎ᠠ ᠤᠯᠠᠷᠢᠭᠤᠯᠤᠨ ᠨᠥᠬᠥᠨ᠎ᠡ᠃
(ᠬᠣᠶᠠᠷ) ᠳᠠᠭᠤᠰᠤᠭ᠋ᠠᠳᠤᠢ ᠬᠡᠷᠡᠭ ᠶᠠᠪᠤᠳᠠᠯ᠎ᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠶᠣᠰᠣᠭ᠋ᠠᠷ ᠬᠡᠷᠡᠭᠵᠢᠭᠦᠯᠦᠨ᠎ᠡ᠃
(ᠭᠤᠷᠪᠠ) ᠲᠤᠰ ᠠᠯᠪᠠᠨ ᠵᠠᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠠᠴᠠ ᠲᠠᠢ᠌ᠯᠪᠤᠷᠢ ᠬᠢᠬᠦ ᠵᠢ ᠬᠠᠷᠢᠭᠤᠴᠠᠨ᠎ᠠ᠃
ᠠᠰᠠᠭᠤᠨ ᠯᠠᠪᠯᠠᠬᠤ ᠤᠲᠠᠰᠤ᠄ 0471 — 4632083
ᠬᠢᠨᠠᠯᠲᠠ ᠲᠠᠯᠪᠢᠬᠤ ᠤᠲᠠᠰᠤ᠄ 0471 — 4632256᠂ 4632070
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ
2018 ᠣᠨ᠎ᠤ 9 ᠳ᠋ᠦ᠍ᠭᠡᠷ ᠰᠠᠷ᠎ᠠ ᠵᠢᠨ 20᠎ᠤ ᠡᠳᠦᠷ
ᠳᠠᠭ᠋ᠠᠯᠲᠠ ᠮᠠᠲ᠋ᠧᠷᠢᠶᠠᠯ᠎ᠢ ᠪᠠᠭᠤᠯᠭ᠋ᠠᠬᠤ 1᠄ ᠳᠠᠭ᠋ᠠᠯᠲᠠ ᠮᠠᠲ᠋ᠧᠷᠢᠶᠠᠯ 1᠄ ᠠᠵᠢᠯ᠎ᠤᠨ ᠪᠠᠢ᠌ᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠥᠯᠥᠪᠯᠡᠭᠡ ᠵᠢᠨ ᠬᠦᠰᠦᠨᠦᠭ.xls
ᠳᠠᠭ᠋ᠠᠯᠲᠠ ᠮᠠᠲ᠋ᠧᠷᠢᠶᠠᠯ᠎ᠢ ᠪᠠᠭᠤᠯᠭ᠋ᠠᠬᠤ 2᠄ ᠳᠠᠭ᠋ᠠᠯᠲᠠ ᠮᠠᠲ᠋ᠧᠷᠢᠶᠠᠯ 2᠄ ᠬᠢᠷᠢ ᠭᠡᠮ᠎ᠢ ᠬᠢᠨᠠᠨ ᠪᠠᠢ᠌ᠴᠠᠭ᠋ᠠᠬᠤ ᠬᠦᠰᠦᠨᠦᠭ.xlsx