《ᠤᠮᠠᠷᠠᠲᠤ ᠣᠷᠣᠨ᠎ᠤ ᠡᠪᠦᠯ᠎ᠤᠨ ᠤᠯᠠᠷᠢᠯ᠎ᠳᠤ ᠠᠷᠢᠭᠤᠨ ᠴᠡᠪᠡᠷ ᠵᠶ᠋ᠡᠷ ᠳᠤᠯᠠᠭ᠋ᠠᠴᠠᠭᠤᠯᠬᠤ ᠲᠥᠯᠥᠪᠵᠢᠭᠦᠯᠭᠡ (2017 — 2021 ᠣᠨ)》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠢᠯᠠᠯᠲᠠ ᠣᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠲᠥᠰᠥᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ 2018 — 2020 ᠣᠨ᠎ᠤ ᠲᠠᠷᠠᠬᠠᠢ ᠪᠤᠲᠠᠷᠬᠠᠢ ᠨᠡᠭᠦᠷᠡᠰᠦ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯ᠎ᠢ ᠰᠠᠢ᠌ᠲᠤᠷ ᠬᠢᠵᠦ᠂ ᠲᠠᠷᠠᠬᠠᠢ ᠪᠤᠲᠠᠷᠬᠠᠢ ᠨᠡᠭᠦᠷᠡᠰᠦ ᠵᠢ ᠬᠠᠰᠤᠨ ᠪᠠᠭ᠋ᠠᠰᠬᠠᠵᠤ ᠣᠷᠣᠯᠠᠭᠤᠯᠬᠤ ᠪᠠ ᠠᠷᠢᠭᠤᠨ ᠴᠡᠪᠡᠷ ᠵᠶ᠋ᠡᠷ ᠠᠰᠢᠭᠯᠠᠨ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠮᠠᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠠᠬᠠᠢ ᠪᠤᠲᠠᠷᠬᠠᠢ ᠨᠡᠭᠦᠷᠡᠰᠦ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠥᠯ》᠎ᠢ ᠲᠤᠭᠤᠷᠪᠢᠪᠠ᠃ ᠲᠤᠰ ᠲᠥᠰᠥᠯ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠢᠯᠠᠯᠲᠠ ᠣᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠲᠥᠰᠥᠯ 》᠎ᠤᠨ ᠳᠠᠭ᠋ᠠᠯᠲᠠ ᠲᠥᠰᠥᠯ ᠪᠣᠯᠣᠨ᠎ᠠ᠃
ᠣᠳᠣ ᠨᠡᠢ᠌ᠭᠡᠮ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠵᠤ ᠪᠣᠢ᠃ 2018 ᠣᠨ᠎ᠤ 10 ᠳ᠋ᠤᠭ᠋ᠠᠷ ᠰᠠᠷ᠎ᠠ ᠵᠢᠨ 13᠎ᠤ ᠡᠳᠦᠷ᠎ᠠᠴᠠ ᠡᠮᠦᠨ᠎ᠡ ᠰᠠᠨᠠᠯ ᠵᠶ᠋ᠠᠨ ᠮᠠᠨ᠎ᠤ ᠲᠢᠩᠬᠢᠮ᠎ᠳᠤ ᠬᠠᠷᠢᠭᠤ ᠲᠤᠰᠬᠠᠬᠤ ᠵᠢ ᠬᠦᠰᠡᠵᠦ ᠪᠠᠢ᠌ᠨ᠎ᠠ᠃
ᠬᠠᠷᠢᠯᠴᠠᠬᠤ ᠬᠥᠮᠥᠨ᠄ ᠵᠤᠤ ᠸᠧᠨ ᠵᠢᠶᠠ ᠬᠠᠷᠢᠯᠴᠠᠬᠤ ᠤᠲᠠᠰᠤ᠄ 0471 — 5315354 ᠢᠮᠧᠯ᠄ nmg_dqc@163.com
ᠳᠠᠭ᠋ᠠᠯᠲᠠ ᠮᠠᠲ᠋ᠧᠷᠢᠶᠠᠯ᠎ᠢ ᠪᠠᠭᠤᠯᠭ᠋ᠠᠬᠤ 1᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠠᠬᠠᠢ ᠪᠤᠲᠠᠷᠬᠠᠢ ᠨᠡᠭᠦᠷᠡᠰᠦ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠥᠯ (ᠰᠠᠨᠠᠯ ᠬᠤᠷᠢᠶᠠᠬᠤ ᠡᠬᠡ ᠨᠣᠣᠷᠠᠭ).docx