ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠨ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ᠎ᠤᠨ ᠴᠢᠨᠠᠷᠯᠢᠭ ᠪᠥᠭᠡᠳ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠬᠠᠮᠵᠢᠯᠴᠠᠨ ᠰᠡᠷᠭᠡᠢ᠌ᠯᠡᠵᠦ ᠬᠠᠪᠰᠤᠷᠤᠨ ᠲᠡᠮᠡᠴᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠮᠠᠨ᠎ᠤ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠢ ᠣᠷᠣᠯᠠᠨ 《ᠪᠦᠬᠦ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠢ ᠲᠤᠭᠤᠷᠪᠢᠪᠠ᠃ ᠣᠳᠣ ᠨᠡᠢ᠌ᠭᠡᠮ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠵᠤ ᠪᠠᠢ᠌ᠨ᠎ᠠ᠃ 2018 ᠣᠨ᠎ᠤ 11 ᠳ᠋ᠦ᠍ᠭᠡᠷ ᠰᠠᠷ᠎ᠠ ᠵᠢᠨ 14᠎ᠤ ᠡᠳᠦᠷ᠎ᠠᠴᠠ ᠡᠮᠦᠨ᠎ᠡ ᠰᠠᠨᠠᠯ ᠵᠶ᠋ᠠᠨ ᠮᠠᠨ᠎ᠤ ᠲᠢᠩᠬᠢᠮ᠎ᠳᠤ ᠬᠠᠷᠢᠭᠤ ᠲᠤᠰᠬᠠᠬᠤ ᠵᠢ ᠬᠦᠰᠡᠵᠦ ᠪᠠᠢ᠌ᠨ᠎ᠠ᠃
ᠬᠠᠷᠢᠯᠴᠠᠬᠤ ᠬᠥᠮᠥᠨ᠄ ᠬᠠᠨ ᠢᠦᠢ ᠬᠠᠷᠢᠯᠴᠠᠬᠤ ᠤᠲᠠᠰᠤ᠄ 0471 — 4632057 ᠢᠮᠧᠯ᠄ nmghpc@126.com
ᠳᠠᠭ᠋ᠠᠯᠲᠠ ᠮᠠᠲ᠋ᠧᠷᠢᠶᠠᠯ᠄ 《ᠪᠦᠬᠦ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠰᠠᠨᠠᠯ ᠬᠤᠷᠢᠶᠠᠬᠤ ᠡᠬᠡ ᠨᠣᠣᠷᠠᠭ)