ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 (ᠰᠠᠨᠠᠯ ᠬᠤᠷᠢᠶᠠᠬᠤ ᠡᠬᠡ ᠨᠣᠣᠷᠠᠭ)᠎ᠳᠤ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠬᠤ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2018-12-25

        ᠪᠦᠬᠦ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠰᠠᠢ᠌ᠲᠤᠷ ᠬᠢᠵᠦ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯᠯᠠᠭ᠎ᠠ ᠵᠢᠨ ᠲᠥᠯᠥᠪᠯᠡᠭᠡ》 (ᠲᠥᠷᠥ ᠲᠠᠷᠬᠠᠭ᠋ᠠᠭᠰᠠᠨ [2016] 31 ᠳ᠋ᠦ᠍ᠭᠡᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠷᠠᠯᠲᠠᠳᠤ ᠬᠠᠷᠢᠭᠤᠴᠠᠯᠭ᠎ᠠ ᠵᠢᠨ ᠪᠢᠴᠢᠭ》᠎ᠲᠤ ᠲᠣᠭᠲᠠᠭ᠋ᠠᠭᠰᠠᠨ ᠠᠵᠢᠯ᠎ᠤᠨ ᠬᠠᠷᠠᠯᠲᠠ ᠪᠠ ᠭᠣᠣᠯᠳᠠᠯᠭ᠎ᠠ᠎ᠲᠠᠢ ᠡᠭᠦᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ 2018 — 2020 ᠣᠨ᠎ᠤ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠠᠵᠤ ᠦᠢ᠍ᠯᠡᠳᠪᠦᠷᠢ ᠵᠢᠨ ᠡᠬᠢ ᠰᠤᠷᠪᠤᠯᠵᠢ᠂ ᠲᠠᠷᠢᠶᠠᠯᠠᠩ᠎ᠤᠨ ᠡᠬᠢ ᠰᠤᠷᠪᠤᠯᠵᠢ᠂ ᠠᠮᠢᠳᠤᠷᠠᠯ᠎ᠤᠨ ᠡᠬᠢ ᠰᠤᠷᠪᠤᠯᠵᠢ ᠵᠡᠷᠭᠡ ᠡᠬᠢ ᠢᠷᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠬᠠᠨ᠂ ᠬᠦᠨᠳᠦ ᠲᠡᠮᠦᠷᠯᠢᠭ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠡᠷᠴᠢᠮ᠎ᠢ ᠴᠢᠩᠭ᠋ᠠᠷᠠᠭᠤᠯᠵᠤ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠬᠢᠨᠠᠯᠲᠠ ᠬᠠᠮᠢᠶᠠᠷᠤᠯᠲᠠ ᠪᠠ ᠠᠶᠤᠯᠲᠠᠢ ᠬᠠᠶᠠᠭᠳᠠᠮᠠᠯ ᠡᠳ᠋᠎ᠤᠨ ᠵᠢᠷᠤᠮᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ 《ᠬᠠᠷᠢ ᠵᠢᠨ ᠬᠣᠭ ᠨᠣᠪᠰᠢ》 ᠵᠢᠨ ᠬᠢᠯᠢ᠎ᠳᠤ ᠣᠷᠣᠵᠤ ᠢᠷᠡᠬᠦ ᠵᠢ ᠴᠢᠩᠭ᠎ᠠ ᠴᠠᠭ᠋ᠠᠵᠠᠯᠠᠨ᠂ ᠪᠦᠬᠦ ᠣᠷᠣᠨ᠎ᠤ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠪᠠᠲᠤᠯᠠᠬᠤ ᠵᠢᠨ ᠲᠤᠰᠠᠳᠠ᠂ ᠮᠠᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 (ᠰᠠᠨᠠᠯ ᠬᠤᠷᠢᠶᠠᠬᠤ ᠡᠬᠡ ᠨᠣᠣᠷᠠᠭ)᠎ᠢ ᠲᠤᠭᠤᠷᠪᠢᠪᠠ᠃ ᠣᠳᠣ ᠨᠡᠢ᠌ᠭᠡᠮ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠵᠤ ᠪᠠᠢ᠌ᠨ᠎ᠠ᠃ 2018 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠮᠦᠨ᠎ᠡ ᠰᠠᠨᠠᠯ ᠵᠶ᠋ᠠᠨ ᠮᠠᠨ᠎ᠤ ᠲᠢᠩᠬᠢᠮ᠎ᠳᠤ ᠬᠠᠷᠢᠭᠤ ᠲᠤᠰᠬᠠᠬᠤ ᠵᠢ ᠬᠦᠰᠡᠵᠦ ᠪᠠᠢ᠌ᠨ᠎ᠠ᠃
      ᠬᠠᠷᠢᠯᠴᠠᠬᠤ ᠬᠥᠮᠥᠨ᠄ ᠯᠢᠦ ᠰᠢᠶᠣᠤ ᠪᠦᠸᠧ       ᠬᠠᠷᠢᠯᠴᠠᠬᠤ ᠤᠲᠠᠰᠤ᠄ 0471 — 4632459     ᠢᠮᠧᠯ᠄ nmhbtfsc@163.com
      ᠳᠠᠭ᠋ᠠᠯᠲᠠ ᠮᠠᠲ᠋ᠧᠷᠢᠶᠠᠯ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 (ᠰᠠᠨᠠᠯ ᠬᠤᠷᠢᠶᠠᠬᠤ ᠡᠬᠡ ᠨᠣᠣᠷᠠᠭ)
      ᠳᠠᠭ᠋ᠠᠯᠲᠠ ᠮᠠᠲ᠋ᠧᠷᠢᠶᠠᠯ᠎ᠢ ᠪᠠᠭᠤᠯᠭ᠋ᠠᠬᠤ 1᠄内蒙古自治区土壤污染防治三年攻坚计划(征求意见稿).doc

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠭᠰᠠᠨ᠎ᠢ ᠵᠠᠷᠯᠠᠨ ᠨᠡᠢ᠌ᠲᠡᠯᠡᠬᠦ ᠬᠠᠮᠢᠶ᠎ᠠ ᠪᠦᠬᠦᠢ ᠶᠠᠪᠤᠳᠠᠯ᠎ᠤᠨ ᠲᠤᠬᠠᠢ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 (ᠰᠠᠨᠠᠯ ᠬᠤᠷᠢᠶᠠᠬᠤ ᠡᠬᠡ ᠨᠣᠣᠷᠠᠭ)᠎ᠳᠤ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠬᠤ ᠲᠤᠬᠠᠢ ᠠᠯᠪᠠᠨ ᠵᠠᠷ
2019 ᠤᠨ᠎ᠤ ᠰᠢᠨ᠎ᠠ ᠵᠢᠯ᠎ᠤᠨ ᠬᠤᠭᠤᠴᠠᠭ᠋ᠠᠨ᠎ᠳᠤ ᠪᠦᠬᠦ ᠤᠷᠤᠨ᠎ᠤ ᠤᠷᠴᠢᠨ ᠲᠤᠭᠤᠷᠢᠨ᠎ᠤ ᠠᠭ᠋ᠠᠷ᠎ᠤᠨ ᠶᠠᠰᠤ ᠴᠢᠨᠠᠷ᠎ᠤᠨ ᠤᠷᠢᠳᠴᠢᠯᠠᠬᠰᠠᠨ ᠮᠡᠳᠡᠬᠡ
2018 ᠣᠨ᠎ᠤ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ ᠰᠢᠷᠢᠰ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠭᠡᠮ᠎ᠤᠨ ᠰᠢᠯᠭ᠋ᠠᠷᠠᠭᠤᠯᠤᠯᠲᠠ ᠵᠢ ᠥᠩᠭᠡᠷᠡᠭᠰᠡᠨ ᠬᠥᠮᠥᠰ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
ᠪᠠᠷᠢᠮᠲᠠ ᠪᠢᠴᠢᠬᠦ᠎ᠳᠤ ᠱᠠᠭ᠋ᠠᠷᠳᠠᠬᠤ ᠦᠨᠳᠦᠰᠦᠨ ᠮᠡᠳᠡᠭᠡ ᠵᠠᠩᠭᠢ ᠵᠢ ᠬᠠᠩᠭ᠋ᠠᠬᠤ ᠲᠤᠬᠠᠢ ᠮᠡᠳᠡᠭᠳᠡᠯ
 
             蒙ICP备05000248号