ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠬᠤᠪᠢᠶᠠᠷᠢᠯᠠᠯ ᠵᠡᠷᠭᠡ ᠬᠣᠯᠪᠣᠭᠳᠠᠯ ᠪᠦᠬᠦᠢ ᠠᠵᠢᠯ᠎ᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠲᠤᠬᠠᠶ (ᠨᠢᠭᠡᠳᠦᠭᠡᠷ ᠪᠦᠯᠦᠭ) ᠨᠡᠢ᠌ᠲᠡᠯᠡᠯ
ᠨᠡᠶ᠋ᠢᠲᠡᠯᠡᠭᠰᠡᠨ ᠴᠠᠭ᠄ 2018-08-29

     《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》᠂ 《ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠬᠤᠪᠢᠶᠠᠷᠢᠯᠠᠯ᠎ᠤᠨ ᠮᠡᠷᠭᠡᠵᠢᠯ᠎ᠤᠨ ᠵᠢᠷᠤᠮᠵᠢᠯ》 (HJ338-2018) ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠲᠦᠷᠢᠮ》᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠬᠤᠪᠢᠶᠠᠷᠢᠯᠠᠯ ᠵᠡᠷᠭᠡ ᠬᠣᠯᠪᠣᠭᠳᠠᠯ ᠪᠦᠬᠦᠢ ᠬᠢᠨᠠᠨ ᠲᠣᠭᠲᠠᠭ᠋ᠠᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠥᠯᠥᠭᠡ᠂ ᠮᠠᠨ᠎ᠤ ᠲᠢᠩᠬᠢᠮ᠂ ᠨᠡᠶ᠋ᠢᠭᠡᠮ᠎ᠳᠤ ᠬᠠᠨᠳᠤᠭᠤᠯᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠬᠤᠪᠢᠶᠠᠷᠢᠯᠠᠯ ᠵᠡᠷᠭᠡ ᠬᠠᠮᠢᠶ᠎ᠠ ᠪᠥᠬᠥᠶ ᠠᠵᠢᠯ᠎ᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠢ ᠡᠯᠰᠡᠬᠦ᠎ᠪᠠᠷ ᠪᠠᠢ᠌ᠨ᠎ᠠ᠃ ᠰᠠᠶ᠋ᠢᠨ ᠳᠤᠷ᠎ᠠ᠎ᠠᠴᠠ᠎ᠪᠠᠨ ᠨᠡᠷ᠎ᠡ ᠮᠡᠳᠡᠭᠦᠯᠦᠨ᠎ᠡ᠂ ᠮᠠᠨ᠎ᠤ ᠲᠢᠩᠬᠢᠮ 《ᠠᠯᠪᠠᠨ ᠵᠠᠷ》᠎ᠲᠤ ᠲᠣᠭᠲᠠᠭ᠋ᠠᠭᠰᠠᠨ ᠶᠣᠰᠣᠭ᠋ᠠᠷ ᠰᠣᠩᠭᠣᠭᠳᠠᠨ ᠤᠷᠤᠭᠰᠠᠨ ᠲᠤᠰᠬᠠᠶ ᠮᠡᠷᠭᠡᠵᠢᠯᠲᠡᠨ᠎ᠤ ᠨᠥᠬᠥᠴᠡᠯ ᠪᠠ ᠮᠠᠲ᠋ᠧᠷᠢᠶᠠᠯ᠎ᠢ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠨ ᠪᠠᠶ᠋ᠢᠴᠠᠭ᠋ᠠᠵᠤ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠡᠶ᠋ᠢᠲᠡ 28 ᠲᠤᠰᠬᠠᠶ ᠮᠡᠷᠭᠡᠵᠢᠯᠲᠡᠨ᠎ᠢ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠪᠦᠯᠦᠭ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠬᠤᠪᠢᠶᠠᠷᠢᠯᠠᠯ ᠵᠡᠷᠭᠡ ᠬᠣᠯᠪᠣᠭᠳᠠᠯ ᠪᠦᠬᠦᠢ ᠠᠵᠢᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠬᠤ᠎ᠪᠠᠷ ᠲᠥᠯᠥᠪᠯᠡᠵᠦ ᠪᠣᠢ᠂ ᠡᠳᠦᠭᠡ ᠵᠠᠷᠯᠠᠨ ᠨᠡᠢ᠌ᠲᠡᠯᠡᠪᠡ᠃
      ᠵᠠᠷ᠎ᠤᠨ ᠬᠤᠭᠤᠴᠠᠭ᠋ᠠᠯᠠᠯ᠎ᠨᠢ᠄ 2018 ᠣᠨ 8 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 2018 ᠣᠨ᠎ᠤ 8 ᠳ᠋ᠤᠭ᠋ᠠᠷ ᠰᠠᠷ᠎ᠠ ᠵᠢᠨ 30᠎ᠤ ᠡᠳᠦᠷ ᠬᠦᠷᠲᠡᠯ᠎ᠡ

      ᠬᠠᠷᠢᠯᠴᠠᠬᠤ ᠬᠥᠮᠦᠨ᠄ ᠺᠠᠩ ᠵᠢᠩ
      ᠬᠠᠷᠢᠯᠴᠠᠬᠤ ᠤᠲᠠᠰᠤ᠄ 0471— 4632040
      ᠢᠮᠧᠯ᠄ nmgshuiban@163.com

      ᠳᠠᠭ᠋ᠠᠯᠳᠤᠭᠤᠯᠤᠯ 1᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠬᠤᠪᠢᠶᠠᠷᠢᠯᠠᠯ ᠵᠡᠷᠭᠡ ᠬᠣᠯᠪᠣᠭᠳᠠᠯ ᠪᠦᠬᠦᠢ ᠠᠵᠢᠯ᠎ᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠨᠡᠷᠡᠰ (ᠠᠩᠬᠠᠳᠤᠭ᠋ᠠᠷ ᠪᠦᠯᠦᠭ)》 http://hbt.nmg.gov.cn/dtxx/tzgg/201808/P020180822535796656051.xlsx


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠨᠣᠭᠣᠭ᠋ᠠᠨ ᠪᠠᠮᠪᠠᠶ 2018》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢᠨ ᠲᠤᠬᠠᠢ ᠢᠯᠡᠴᠢᠯᠡᠨ ᠮᠡᠳᠡᠭᠦᠯᠬᠦ ᠤᠲᠠᠰᠤ ᠵᠢᠴᠢ ᠬᠠᠷᠢᠯᠴᠠᠬᠤ ᠠᠷᠭ᠎ᠠ ᠮᠠᠶᠢᠭ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠠᠬᠠᠢ ᠪᠤᠲᠠᠷᠬᠠᠢ ᠨᠡᠭᠦᠷᠡᠰᠦ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠥᠯ》 (ᠰᠠᠨᠠᠯ ᠬᠤᠷᠢᠶᠠᠬᠤ ᠡᠬᠡ ᠨᠣᠣᠷᠠᠭ)᠎ᠳᠤ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠬᠤ ᠲᠤᠬᠠᠢ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠳᠤ ᠵᠠᠰᠠᠯᠲᠠ ᠬᠢᠬᠦ ᠠᠵᠢᠯᠯᠠᠭ᠎ᠠ ᠵᠢᠨ ᠲᠥᠰᠥᠯ》 (ᠰᠠᠨᠠᠯ ᠬᠤᠷᠢᠶᠠᠬᠤ ᠡᠬᠡ ᠨᠣᠣᠷᠠᠭ)᠎ᠳᠤ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠬᠤ ᠲᠤᠬᠠᠢ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠤ ᠠᠭ᠋ᠠᠷ ᠮᠠᠨᠳᠠᠯ ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠬᠡᠷᠡᠭᠵᠢᠭᠦᠯᠬᠦ ᠲᠥᠯᠥᠪᠯᠡᠭᠡ》 (ᠰᠠᠨᠠᠯ ᠬᠤᠷᠢᠶᠠᠬᠤ ᠡᠬᠡ ᠨᠣᠣᠷᠠᠭ)᠎ᠳᠤ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠬᠤ ᠲᠤᠬᠠᠢ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠥᠯ》 (ᠰᠠᠨᠠᠯ ᠬᠤᠷᠢᠶᠠᠬᠤ ᠡᠬᠡ ᠨᠣᠣᠷᠠᠭ)
 
             蒙ICP备05000248号